ᠦᠬᠠᠶ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ 2023 ᠣᠨ ᠤ ᠴᠠᠭᠠᠨ ᠰᠠᠷ᠎ᠠ ᠶᠢᠨ ᠮᠠᠯ ᠤᠨ ᠠᠰᠢᠭ ᠰᠢᠮ᠎ᠡ  ᠶᠢᠨ ᠶᠠᠰᠤ ᠴᠢᠨᠠᠷ ᠤᠨ ᠠᠮᠤᠷ ᠲᠦᠪᠰᠢᠨ ᠤ ᠤᠬᠠᠭᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/13
      《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ 》ᠬᠠᠷᠢᠭᠤᠴᠠᠯᠭ᠎ᠠ ᠶᠢᠨ ᠵᠣᠷᠢᠭ ᠰᠠᠨᠠᠭ᠎ᠠ  ᠶᠢ ᠲᠤᠭᠤᠰᠢᠯᠠᠭᠤᠯᠬᠤ ᠶᠢᠨ ᠲᠥᠯᠥᠭᠡ᠂ 2023 ᠣᠨ ᠤ 1 ᠰᠠᠷ᠎ᠠ ᠶᠢᠨ 11 ᠤ ᠡᠳᠦᠷ ᠠᠴᠠ ᠡᠬᠢᠯᠡᠨ᠂ ᠦᠬᠠᠶ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠭᠤᠷᠪᠠᠨ ᠲᠣᠭᠤᠷᠢᠭ ᠤᠨ ᠨᠢᠲᠤᠯᠬᠤ ᠲᠠᠯᠠᠪᠠᠶ᠂ ᠲᠡᠵᠢᠭᠡᠨ ᠦᠷᠡᠵᠢᠭᠦᠯᠬᠦ ᠲᠠᠯᠠᠪᠠᠶ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ ᠣᠯᠠᠨ ᠲᠦᠮᠡᠨ ᠳᠤ《ᠬᠠᠤᠯᠢᠵᠢᠯ ᠤᠨ ᠪᠡᠯᠡᠭ》ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃
1.jpg
       ᠬᠠᠤᠯᠢ ᠬᠡᠷᠡᠭᠵᠢᠭᠦᠯᠬᠦ ᠠᠵᠢᠯᠲᠠᠳ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢᠨ ᠬᠠᠮᠲᠤ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠵᠢᠴᠢ ᠨᠢᠲᠤᠯᠬᠤ ᠲᠠᠯᠠᠪᠠᠶ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ ᠤᠬᠠᠭᠤᠯᠵᠤ᠂《〈 ᠳᠤᠷ᠎ᠠ ᠪᠠᠷ ᠢᠶᠠᠨ ᠠᠯᠠᠵᠤ ᠨᠢᠲᠤᠯᠬᠤ 〉 ᠶᠢ ᠴᠢᠩᠭ᠎ᠠ ᠴᠠᠭᠠᠵᠠᠯᠠᠬᠤ ᠮᠡᠳᠡᠭᠳᠡᠯ ᠤᠨ ᠪᠢᠴᠢᠭ 》 ᠢ ᠲᠠᠷᠬᠠᠭᠠᠨ᠂ ᠲᠡᠵᠢᠭᠡᠨ ᠦᠷᠡᠵᠢᠭᠦᠯᠬᠦ ᠡᠷᠦᠬᠡ ᠶᠢᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠬᠠᠤᠯᠢ ᠶᠣᠰᠣᠭᠠᠷ ᠲᠡᠵᠢᠭᠡᠨ ᠦᠷᠡᠵᠢᠭᠦᠯᠬᠦ ᠪᠠ ᠠᠯᠠᠵᠤ ᠨᠢᠲᠤᠯᠬᠤ ᠶᠢ ᠠᠬᠢᠭᠤᠯᠤᠨ᠂ 《ᠳᠤᠷ᠎ᠠ ᠪᠠᠷ ᠢᠶᠠᠨ ᠠᠯᠠᠵᠤ ᠨᠢᠲᠤᠯᠬᠤ  ︾  ᠶᠢ ᠡᠷᠡᠰ ᠬᠤᠷᠢᠭᠯᠠᠵᠤ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠂ ᠥᠷᠭᠡᠨ ᠣᠯᠠᠨ ᠠᠷᠠᠳ ᠲᠦᠮᠡᠨ ᠤ ᠪᠠᠶᠠᠷ ᠤᠨ ᠡᠳᠦᠷ ᠤᠨ ᠬᠤᠭᠤᠴᠠᠭᠠᠨ ᠳᠤ ᠴᠢᠨᠠᠷ ᠰᠠᠶᠢᠲᠠᠢ ᠤᠯᠠᠭᠠᠨ ᠢᠳᠡᠭᠡᠨ ᠤ ᠨᠢᠭᠡᠳᠦᠭᠡᠷ ᠪᠣᠭᠤᠮᠲᠠ ᠶᠢ ᠰᠠᠶᠢᠲᠤᠷ ᠠᠳᠬᠤᠬᠤ ᠶᠢ ᠪᠠᠲᠤᠯᠠᠪᠠ ᠃
2.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号