ᠮᠠᠨ ᠤ ᠣᠷᠣᠨ ᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠶᠢᠨ ᠵᠢᠶᠦ᠋ᠨ ᠵᠠᠭᠤᠨ ᠰᠢᠯᠢᠳᠡᠭ ᠰᠣᠷᠣᠭᠴᠢ ᠶᠢᠨ ᠲᠥᠯᠥᠭᠡᠯᠡᠭᠴᠢ ᠶᠢᠨ ᠬᠤᠪᠢ ᠪᠠᠷ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠥᠬᠦ ᠠᠷᠠᠳ ᠤᠨ ᠬᠥᠮᠦᠵᠢᠯ ᠪᠣᠯᠪᠠᠰᠤᠷᠠᠯ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠣᠷᠣᠯᠴᠠᠪᠠ
ᠨᠡᠶᠢᠲᠡᠯᠡᠭᠰᠡᠨ ᠴᠠᠭ᠄
2023/1/13
      2023 ᠣᠨ ᠤ 1 ᠰᠠᠷ᠎ᠠ ᠶᠢᠨ 11 ᠤ ᠡᠳᠦᠷ᠂ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠷᠢᠶᠠᠴᠢᠳ ᠤᠨ ᠬᠥᠮᠦᠵᠢᠯ ᠪᠣᠯᠪᠠᠰᠤᠷᠠᠯ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠾᠧᠪᠸᠢ ᠮᠤᠵᠢ ᠶᠢᠨ ᠵᠧᠩᠳᠢᠩ ᠰᠢᠶᠠᠨ ᠳᠤ ᠶᠠᠪᠤᠭᠳᠠᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ ᠤ ᠳᠡᠳ᠋ ᠳᠠᠷᠤᠭ᠎ᠠ ᠵᠠᠩ ᠵᠧᠨ ᠬᠤᠸᠠ ᠶᠠᠷᠢᠶᠠᠨ ᠤ ᠲᠠᠪᠴᠠᠩ ᠢ ᠡᠷᠭᠢᠯᠡᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ ᠵᠠᠩ ᠰᠢᠩ ᠸᠠᠩ᠂ ᠾᠧᠪᠸᠢ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠮᠤᠵᠢ ᠶᠢᠨ ᠳᠠᠷᠤᠭ᠎ᠠ ᠱᠢ ᠴᠢᠩ ᠱᠤᠸᠠᠩ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ ᠤᠷᠭᠤᠮᠠᠯ ᠢ ᠬᠠᠮᠠᠭᠠᠯᠠᠬᠤ ᠵᠤᠷᠭᠠᠨ ᠤ ᠳᠡᠳ᠋ ᠳᠠᠷᠤᠭ᠎ᠠ Womdim᠂ ᠰᠤᠷᠭᠠᠨ ᠬᠥᠮᠦᠵᠢᠯ ᠤᠨ ᠶᠠᠮᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠨᠠᠰᠤᠨ  ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠵᠤᠷᠭᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠵᠢᠶᠧ᠂ ᠲᠥᠪ ᠤᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠬᠤ᠋ ᠶᠦᠩ ᠸᠠᠨ ᠶᠠᠷᠢᠶᠠᠨ ᠤ ᠲᠠᠪᠴᠠᠩ ᠳᠤ ᠣᠷᠣᠯᠴᠠᠪᠠ᠃ ᠮᠠᠨ ᠤ ᠣᠷᠣᠨ ᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠶᠢᠨ ᠵᠢᠶᠦ᠋ᠨ ᠭᠤᠷᠪᠠᠨ ᠲᠠᠷᠢᠶᠠᠴᠢᠨ ᠤ ᠲᠥᠯᠥᠭᠡᠯᠡᠭᠴᠢ ᠶᠢᠨ ᠨᠢᠭᠡ ᠪᠣᠯᠤᠭᠰᠠᠨ ᠤ ᠬᠤᠪᠢ ᠳᠤ ᠶᠠᠷᠢᠶᠠᠨ ᠤ ᠲᠠᠪᠴᠠᠩ ᠳᠤ ᠶᠠᠷᠢᠶ᠎ᠠ ᠲᠠᠯᠪᠢᠵᠤ᠂ ᠬᠤᠪᠢ ᠬᠥᠮᠦᠨ ᠤ ᠦᠰᠦᠨ ᠪᠣᠶᠢᠵᠢᠭᠰᠠᠨ ᠥᠩᠭᠡᠷᠡᠯᠲᠡ ᠪᠠᠨ ᠬᠤᠪᠢᠶᠠᠯᠴᠠᠨ ᠰᠣᠯᠢᠯᠴᠠᠪᠠ᠃      ᠶᠢᠨ ᠵᠢᠶᠦ᠋ᠨ ᠪᠣᠯ ᠪᠤᠭᠤᠲᠤ ᠬᠤᠲᠠ ᠶᠢᠨ ᠵᠢᠦᠶᠤᠸᠠᠨ ᠲᠣᠭᠤᠷᠢᠭ ᠤᠨ ᠲᠠᠷᠢᠶᠠᠴᠢᠨ᠂ ᠠᠯᠠᠰᠢᠨ ᠦᠬᠡᠷ᠂ ᠭᠠᠭ᠋ᠠᠶ ᠲᠡᠵᠢᠭᠡᠬᠦ ᠪᠠ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠰᠤᠯᠢᠪᠴᠠᠯ ᠲᠠᠷᠢᠶᠠᠯᠠᠭ᠎ᠠ ᠳᠠᠷᠢᠵᠤ ᠪᠠᠶᠢᠨ᠎ᠠ᠂ ᠲᠡᠭᠦᠨ ᠤ ᠳᠠᠭᠠᠭᠤᠯᠤᠨ ᠡᠷᠭᠢᠯᠡᠭᠰᠡᠨ ᠬᠤᠷᠰᠢᠶ᠎ᠠ ᠨᠢ ᠵᠢᠯ ᠳᠤ 2000 ᠭᠠᠭ᠋ᠠᠶ᠂ 500 ᠠᠯᠠᠰᠢᠨ ᠦᠬᠡᠷ᠂ 5000 ᠲᠣᠨ ᠡᠷᠳᠡᠨᠢ ᠰᠢᠰᠢ ᠪᠣᠷᠣᠯᠠᠭᠤᠯᠵᠤ᠂ ᠪᠣᠷᠣᠯᠠᠭᠤᠯᠤᠯᠲᠠ ᠶᠢᠨ ᠣᠷᠣᠯᠭ᠎ᠠ ᠨᠢ 2600 ᠲᠦᠮᠡᠨ ᠲᠥᠭᠦᠷᠢᠭ ᠲᠤ ᠬᠦᠷᠴᠦ᠂ 500 ᠲᠠᠷᠢᠶᠠᠴᠢᠨ ᠡᠷᠦᠬᠡ ᠶᠢ ᠰᠢᠭᠤᠳ ᠳᠠᠶᠢᠴᠢᠯᠠᠨ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 5000 ᠲᠥᠭᠦᠷᠢᠭ ᠨᠡᠮᠡᠭᠳᠡᠭᠦᠯᠵᠡᠶ᠃ 2022 ᠣᠨ ᠳᠤ ᠲᠠᠷᠢᠶᠠᠴᠢᠳ ᠤᠨ ᠬᠥᠮᠦᠵᠢᠯ ᠪᠣᠯᠪᠠᠰᠤᠷᠠᠯ  ᠤᠨ《 ᠪᠦᠬᠦ ᠤᠯᠤᠰ ᠤᠨ ᠵᠠᠭᠤᠨ ᠰᠢᠯᠢᠳᠡᠭ ᠬᠠᠩᠭᠠᠯᠭ᠎ᠠ ᠶᠢ ᠪᠠᠲᠤᠯᠠᠬᠤ ᠬᠤᠰᠢᠭᠤᠴᠢ 》 ᠪᠠᠷ ᠰᠣᠩᠭᠤᠭᠳᠠᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠥᠬᠢᠭᠦᠯᠦᠯ ᠢ ᠤᠯᠪᠠ᠃
3.jpg
       ᠶᠠᠷᠢᠶᠠᠨ ᠤ ᠲᠠᠪᠴᠠᠩ ᠳᠡᠭᠡᠷ᠎ᠡ ᠶᠢᠨ ᠵᠢᠶᠦ᠋ᠨ ᠥᠪᠡᠷ ᠤᠨ ᠦᠩᠭᠡᠷᠡᠯᠳᠡ  ᠪᠠᠨ ᠡᠶᠢᠨᠬᠦ ᠬᠤᠪᠢᠶᠠᠯᠴᠠᠪᠠ ᠄ ᠠᠳᠠᠯ ᠪᠤᠰᠬᠠᠭᠰᠠᠨ ᠤᠭ ᠰᠠᠨᠠᠭ᠎ᠠ ︱ ᠨᠠᠩ ᠣᠯᠠᠨ ᠲᠠᠷᠢᠶᠠᠴᠢᠳ ᠢ ᠳᠠᠭᠠᠭᠤᠯᠤᠨ ᠪᠠᠶᠠᠵᠢᠬᠤ ᠬᠡᠷᠡᠭᠲᠡᠶ ︔ ᠦᠶᠯᠡᠰ ᠴᠣᠭᠴᠠᠯᠠᠭᠰᠠᠨ ᠥᠩᠭᠡᠷᠡᠯᠲᠡ ︱ ᠥᠪᠡᠷ ᠢᠶᠠᠨ ᠬᠠᠶᠢᠨ ᠰᠦᠪᠡᠭᠴᠢᠯᠡᠵᠦ ᠠᠵᠢᠯᠯᠠᠬᠤ ᠠᠴᠠ ᠠᠪᠤᠭᠠᠳ ᠬᠤᠷᠰᠢᠶ᠎ᠠ ᠪᠠᠶᠢᠭᠤᠯᠤᠭᠰᠠᠨ᠂ ᠳᠠᠬᠢᠭᠠᠳ ᠬᠡᠪᠴᠢᠶᠡᠵᠢᠭᠰᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠ ᠭᠠᠭ᠋ᠠᠶ ᠲᠡᠵᠢᠭᠡᠨ ᠦᠷᠡᠵᠢᠭᠦᠯᠬᠦ ᠬᠦᠷᠲᠡᠯ᠎ᠡ᠂ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ ᠲᠠᠷᠢᠶ᠎ᠠ ᠳᠠᠷᠢᠬᠤ ᠠᠴᠠ ᠠᠪᠤᠭᠠᠳ ᠲᠠᠰᠤᠷᠠᠯᠲᠠ ᠥᠬᠡᠶ ᠬᠦᠴᠢᠷ ᠢ ᠳᠤᠭᠤᠯᠤᠨ ᠪᠡᠷᠬᠡ ᠶᠢ ᠳᠠᠪᠠᠵᠤ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠰᠤᠯᠢᠪᠴᠠᠯ ᠲᠠᠷᠢᠶᠠᠯᠠᠭ᠎ᠠ ᠶᠢ ᠲᠦᠷᠦᠭᠦᠯᠡᠨ ᠡᠭᠦᠷᠭᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠪᠥᠬᠦ ᠤᠯᠤᠰ ᠤᠨ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠤᠷᠤᠯᠳᠤᠭᠠᠨ ᠳᠤ ᠣᠷᠣᠯᠴᠠᠪᠠ ︔ ᠢᠷᠡᠭᠡᠳᠦᠢ  ᠶᠢᠨ ᠪᠠᠷᠠᠯᠠᠯ ︱ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠩ ᠤᠯᠠᠨ ᠲᠠᠷᠢᠶᠠᠴᠢᠨ ᠢ ᠳᠠᠭᠠᠭᠤᠯᠤᠨ ᠪᠠᠶᠠᠵᠢᠭᠤᠯᠬᠤ ᠶᠢᠨ ᠬᠠᠮᠲᠤ ᠨᠡᠩ ᠤᠯᠠᠨ ᠬᠥᠮᠦᠨ ᠢ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠪᠣᠯᠪᠠᠰᠤᠷᠠᠯ ᠳᠤ ᠣᠷᠣᠯᠴᠠᠭᠤᠯᠵᠤ᠂ ᠪᠣᠯᠪᠠᠰᠤᠷᠠᠯ ᠤᠨ ᠳᠠᠪᠲᠠᠯᠲᠠ ᠪᠠᠷ ᠳᠠᠮᠵᠢᠨ ᠬᠤᠪᠢ ᠬᠥᠮᠦᠨ ᠤ ᠴᠢᠳᠠᠪᠤᠷᠢ᠂ ᠶᠡᠷᠦᠩᠬᠡᠶᠢᠯᠡᠭᠰᠡᠨ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠳᠠᠶᠢᠴᠢᠯᠠᠬᠤ ᠦᠢᠯᠡᠳᠦᠯ ᠢ ᠭᠦᠢᠴᠡᠳ ᠠᠰᠢᠭᠯᠠᠵᠤ᠂ ᠥᠷᠭᠡᠨ ᠤᠯᠠᠨ ᠲᠠᠷᠢᠶᠠᠴᠢᠨ ᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ ᠃ ᠶᠢᠨ ᠵᠢᠶᠦ᠋ᠨ ᠤ ᠶᠠᠷᠢᠶ᠎ᠠ ᠨᠢ  ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠵᠤᠷᠭᠠᠨ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠲᠤᠰᠬᠠᠶ ᠮᠡᠷᠭᠡᠵᠢᠯᠲᠡᠨ ᠤ ᠳᠡᠭᠡᠳᠦ ᠬᠡᠮᠵᠢᠶᠡᠨ ᠤ ᠵᠥᠪᠰᠢᠶᠡᠷᠡᠯ ᠢ ᠤᠯᠪᠠ᠃      ᠮᠠᠨ ᠤ ᠣᠷᠣᠨ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠳᠤᠮᠳᠠ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠮᠡᠷᠭᠡᠵᠢᠯ ᠴᠢᠳᠠᠪᠤᠷᠢ᠂ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠪᠣᠯᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠡᠵᠡᠮᠰᠢᠵᠦ᠂ ᠰᠠᠶᠢᠨ ᠰᠠᠶᠢᠬᠠᠨ ᠠᠵᠤ ᠠᠬᠤᠶ ᠶᠢᠨ ᠦᠷ᠎ᠡ ᠠᠰᠢᠭ ᠤᠯᠬᠤ ᠶᠢ ᠰᠤᠷᠴᠤ᠂ ᠲᠠᠷᠢᠶᠠᠴᠢᠨ ᠡᠷᠦᠬᠡ ᠶᠢᠨ ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠬᠦ ᠶᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠪᠠ᠃ ᠡᠨᠡ ᠵᠢᠯ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠶᠠᠪᠤᠴᠠ ᠳᠤ᠂ ᠪᠢᠳᠡ ᠦᠷᠭᠦᠯᠵᠢᠯᠡᠨ ᠣᠭ ᠰᠠᠨᠠᠭ᠎ᠠ  ᠪᠠᠨ ᠥᠯᠥ ᠮᠠᠷᠲᠠᠵᠤ᠂ ᠮᠠᠯᠴᠢᠨ ᠲᠠᠷᠢᠶᠠᠴᠢᠨ ᠳᠤ ᠦᠶᠯᠡᠴᠢᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠬᠡᠷᠡᠯ ᠰᠠᠴᠤᠷᠠᠩᠭᠤᠶ ᠠᠮᠵᠢᠯᠲᠠ ᠶᠢ ᠦᠷᠭᠦᠯᠵᠢᠯᠡᠨ ᠪᠢᠴᠢᠭᠯᠡᠵᠦ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠠᠩ ᠣᠯᠠᠨ ᠰᠢᠨ᠎ᠡ ᠬᠦᠴᠦᠨ ᠢ ᠬᠥᠮᠦᠵᠢᠭᠦᠯᠵᠦ ᠥᠭᠭᠦᠨ᠎ᠡ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号