2023 ᠣᠨ ᠤ ᠭᠤᠤᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠵᠤ ᠲᠤᠷᠰᠢᠯᠲᠠ ᠳᠤ ᠣᠷᠣᠯᠴᠠᠭᠤᠯᠬᠤ ᠭᠤᠶᠤᠴᠢᠯᠠᠯ ᠢ ᠭᠥᠯᠢᠶᠡᠨ ᠠᠪᠴᠤ ᠰᠢᠶᠳᠪᠦᠷᠢᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/1/16
ᠬᠤᠯᠪᠣᠭᠳᠠᠯ ᠪᠦᠬᠦᠢ ᠨᠢᠭᠡᠴᠢ᠂ ᠬᠤᠪᠢ ᠬᠥᠮᠦᠨ᠄       ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ ︾ ᠪᠣᠯᠤᠨ ︽ᠭᠤᠤᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ 2023 ᠣᠨ ᠤ ᠮᠠᠨ ᠤ ᠣᠷᠣᠨ ᠤ ᠭᠤᠤᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠵᠤ ᠲᠤᠷᠰᠢᠯᠲᠠ ᠳᠤ ᠤᠷᠤᠯᠴᠠᠭᠤᠯᠬᠤ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠪᠡ᠄        ᠨᠢᠭᠡ᠂ ᠲᠠᠷᠢᠮᠠᠯ ᠤᠨ ᠲᠦᠷᠦᠯ ᠵᠦᠢᠯ      ᠡᠷᠳᠡᠨᠢ ᠰᠢᠰᠢ᠂ ᠪᠤᠭᠤᠳᠠᠢ᠂ ᠲᠤᠲᠤᠷᠭ᠎ᠠ᠂ ᠰᠢᠷ᠎ᠠ ᠪᠤᠷᠴᠠᠭ᠂ ᠬᠥᠪᠥᠩ      ᠬᠤᠶᠠᠷ᠂ ᠲᠤᠷᠰᠢᠯᠲᠠ ᠳᠤ ᠣᠷᠣᠯᠴᠠᠬᠤ ᠲᠦᠷᠦᠯ ᠵᠦᠢᠯ ᠤᠨ ᠨᠥᠬᠦᠴᠡᠯ        1.ᠬᠥᠮᠦᠨ ᠤ ᠬᠦᠴᠦ ᠪᠠᠷ ᠰᠣᠩᠭᠤᠨ ᠪᠣᠶᠢᠵᠢᠭᠤᠯᠬᠤ ᠪᠤᠶᠤ ᠢᠯᠡᠷᠡᠭᠦᠯᠦᠭᠰᠡᠨ ᠪᠥᠭᠡᠳ ᠰᠠᠶᠢᠵᠢᠷᠠᠭᠤᠯᠤᠭᠰᠠᠨ ᠪᠠᠶᠢᠬᠤ ︔ ᠣᠳᠣ ᠶᠢᠨ ᠪᠠᠶᠢᠭ᠎ᠠ ᠡᠭᠦᠯᠳᠡᠷ ᠲᠠᠢ ᠢᠯᠡᠷᠬᠡᠶ ᠢᠯᠭᠠᠭ᠎ᠠ ᠲᠠᠢ ︔ ᠬᠡᠯᠪᠡᠷᠢ ᠳᠦᠷᠰᠦ  ᠶᠢᠨ ᠣᠨᠴᠠᠯᠢᠭ ᠪᠠ ᠠᠮᠢᠳᠤ ᠪᠣᠳᠠᠰ ᠤᠨ ᠤᠬᠠᠭᠠᠨ ᠤ ᠣᠨᠴᠠᠯᠢᠭ ᠨᠢᠭᠡᠳᠦᠯᠲᠡᠶ ︔ ᠤᠳᠤᠮᠯᠠᠯ ᠤᠨ ᠪᠡᠯᠭᠡ ᠲᠡᠮᠳᠡᠭ  ᠨᠢ ᠲᠣᠭᠲᠠᠭᠤᠨ ᠪᠠᠶᠢᠬᠤ ᠬᠡᠷᠡᠭᠲᠡᠢ᠃      2.︽ᠲᠠᠷᠢᠶᠠᠯᠠᠩ ᠤᠨ ᠤᠷᠭᠤᠮᠠᠯ ᠤᠨ ᠡᠭᠦᠯᠳᠡᠷ ᠤᠨ ᠨᠡᠷᠡᠶᠢᠳᠦᠯ ᠤᠨ ᠲᠣᠭᠲᠠᠭᠠᠯ ︾ ᠳᠤ ᠨᠡᠶᠢᠴᠡᠭᠰᠡᠨ ᠨᠡᠷᠡᠶᠢᠳᠦᠯ ᠲᠠᠢ ᠪᠠᠶᠢᠬᠤ ᠬᠡᠷᠡᠭᠲᠡᠢ᠃      3. ᠮᠠᠨ ᠤ ᠣᠷᠣᠨ ᠳᠤ ᠠᠳᠠᠯᠢ ᠨᠢᠭᠡᠨ ᠠᠮᠢ ᠠᠬᠤᠶ ᠶᠢᠨ ᠲᠥᠷᠥᠯ ᠬᠡᠯᠪᠡᠷᠢ ᠶᠢᠨ ᠣᠷᠣᠨ ᠤ ᠬᠤᠶᠠᠷ ᠵᠢᠯ  ᠠᠴᠠ ᠳᠡᠭᠡᠭᠰᠢᠬᠢ ᠲᠤᠷᠰᠢᠯᠲᠠ ᠶᠢ ᠨᠢᠭᠡᠨᠲᠡ ᠪᠡᠶᠡᠯᠡᠭᠦᠯᠦᠭᠰᠡᠨ ᠮᠥᠷᠲᠡᠭᠡᠨ ᠵᠢᠯ ᠪᠦᠷᠢ ᠶᠢᠨ ᠲᠤᠷᠰᠢᠯᠲᠠ ᠶᠢ 5 ᠴᠡᠭ  ᠠᠴᠠ ᠳᠤᠲᠠᠭᠤ ᠦᠭᠡᠶ  ︵ ᠲᠤᠷᠰᠢᠯᠲᠠ ᠶᠢᠨ ᠴᠡᠭ  ᠨᠢ ᠠᠮᠢ ᠠᠬᠤᠶ ᠶᠢᠨ ᠲᠥᠷᠥᠯ ᠬᠡᠯᠪᠡᠷᠢ ᠶᠢᠨ ᠲᠥᠯᠥᠭᠡᠯᠡᠬᠦ ᠴᠢᠨᠠᠷᠲᠠᠶ᠂ ᠵᠢᠭᠳᠡ ᠲᠠᠷᠬᠠᠯᠲᠠ ᠲᠠᠢ ᠮᠥᠷᠲᠡᠭᠡᠨ ᠠᠳᠠᠯᠢ ᠨᠢᠭᠡᠨ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ  ᠤ ᠳᠣᠲᠣᠷ᠎ᠠ ᠪᠠᠶᠢᠬᠤ ᠦᠭᠡᠶ ︶ ᠲᠥᠷᠥᠯ ᠵᠦᠢᠯ ᠤᠨ ᠬᠠᠷᠢᠴᠠᠭᠤᠯᠤᠭᠰᠠᠨ ᠲᠤᠷᠰᠢᠯᠲᠠ ᠬᠢᠬᠦ ᠬᠡᠷᠡᠭᠲᠡᠶ᠃      4. ᠦᠷ᠎ᠡ ᠶᠢᠨ ᠲᠤᠭ᠎ᠠ ᠬᠡᠮᠵᠢᠶ᠎ᠡ ᠨᠢ ᠡᠭᠦᠯᠳᠡᠷ ᠤᠨ ᠲᠤᠷᠰᠢᠯᠲᠠ ︵ ᠲᠤᠷᠰᠢᠯᠲᠠ ᠳᠤ ᠬᠡᠷᠡᠭᠯᠡᠬᠦ ᠦᠷ᠎ᠡ ᠶᠢᠨ ᠬᠡᠮᠵᠢᠶ᠎ᠡ ᠶᠢ ᠬᠡᠷᠡᠭᠵᠢᠭᠦᠯᠬᠦ ᠲᠥᠰᠦᠯ ᠢᠶᠠᠷ ᠪᠠᠷᠢᠮᠵᠢᠶ᠎ᠠ ᠪᠣᠯᠭᠠᠨ᠎ᠠ ︶ ᠪᠠ ᠪᠠᠷᠢᠮᠵᠢᠶᠠᠲᠤ ᠦᠯᠢᠭᠡᠷ ᠡᠳ᠋ ᠢ ᠦᠯᠡᠳᠡᠭᠡᠨ ᠬᠠᠳᠠᠭᠠᠯᠠᠬᠤ ᠱᠠᠭᠠᠷᠳᠠᠯᠭ᠎ᠠ  ᠶᠢ ᠬᠠᠩᠭᠠᠵᠤ ᠴᠢᠳᠠᠬᠤ ᠬᠡᠷᠡᠭᠲᠡᠢ᠃      ᠭᠤᠷᠪᠠ᠂ ᠮᠡᠳᠡᠭᠦᠯᠬᠦ ᠮᠠᠲ᠋ᠧᠷᠢᠶᠠᠯ      1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠲᠠᠷᠢᠮᠠᠯ ᠤᠨ ᠵᠦᠶᠯ ᠤᠨ ᠲᠤᠷᠰᠢᠯᠲᠠ ᠶᠢᠨ ᠭᠤᠶᠤᠴᠢᠯᠠᠯ ᠤᠨ ᠬᠦᠰᠦᠨᠦᠭᠲᠦ  ︵ ᠳᠠᠭᠠᠯᠳᠤᠭᠤᠯᠤᠯ 2 ︶︔      2. ᠡᠭᠦᠯᠳᠡᠷ ᠰᠣᠩᠭᠤᠨ ᠪᠣᠶᠢᠵᠢᠭᠤᠯᠬᠤ ᠮᠡᠳᠡᠭᠦᠯᠦᠯᠲᠡ ︵ ᠳᠠᠭᠠᠯᠳᠤᠭᠤᠯᠤᠯ 3︶︔      3. ᠲᠥᠷᠥᠯ ᠵᠦᠶᠯ ᠢ ᠬᠠᠷᠢᠴᠠᠭᠤᠯᠬᠤ ᠲᠤᠷᠰᠢᠯᠲᠠ ᠶᠢᠨ ᠱᠠᠭᠠᠷᠳᠠᠯᠭ᠎ᠠ ︵ ᠳᠠᠭᠠᠯᠳᠤᠭᠤᠯᠤᠯ 4︶︔      4. ᠭᠧᠨ ᠰᠢᠯᠵᠢᠭᠦᠯᠦᠭᠰᠡᠨ ᠪᠤᠰᠤ ᠡᠭᠦᠯᠳᠡᠷ ᠤᠨ ᠠᠮᠠᠯᠠᠯᠲᠠ ᠶᠢᠨ ᠪᠢᠴᠢᠭ ︵ ᠳᠠᠭᠠᠯᠳᠤᠭᠤᠯᠤᠯ 5︶︔      5. ᠭᠤᠶᠤᠴᠢᠯᠠᠭᠰᠠᠨ ᠨᠢᠭᠡᠴᠢ ᠬᠢᠭᠡᠳ ᠰᠣᠩᠭᠤᠨ ᠪᠣᠶᠢᠵᠢᠭᠤᠯᠬᠤ ᠨᠢᠭᠡᠴᠢ  ᠨᠢ ᠨᠢᠭᠡᠳᠦᠯ ᠥᠬᠡᠶ ᠪᠣᠯ᠂ ᠰᠣᠩᠭᠤᠨ ᠪᠣᠶᠢᠵᠢᠭᠤᠯᠬᠤ ᠨᠢᠭᠡᠴᠢ  ᠶᠢᠨ ᠭᠠᠷᠭᠠᠭᠰᠠᠨ ᠵᠥᠪᠰᠢᠶᠡᠷᠡᠯ ᠤᠨ ᠲᠣᠳᠣᠷᠬᠠᠶᠢᠯᠠᠯᠲᠠ ᠶᠢ ᠬᠠᠩᠭᠠᠬᠤᠬᠡᠷᠡᠭᠲᠡᠶ᠃      ᠳᠥᠷᠪᠡ᠂ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ      1. ᠡᠯ᠎ᠡ ᠲᠠᠷᠢᠮᠠᠯ ᠤᠨ ᠪᠣᠯᠪᠠᠰᠤᠷᠠᠬᠤ ᠬᠤᠭᠤᠴᠠᠭ᠎ᠠ ᠨᠢ ᠵᠠᠷᠴᠢᠮ ᠳᠡᠭᠡᠷ᠎ᠡ ᠪᠠᠨ ᠨᠢᠭᠡ ᠭᠤᠶᠤᠴᠢᠯᠠᠭᠴᠢ 1 ᠵᠦᠢᠯ ᠤᠨ ᠰᠢᠯᠭᠠᠯᠲᠠ ᠳᠤ ᠣᠷᠣᠯᠴᠠᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠦᠨ᠎ᠡ ︵ ᠳᠠᠭᠠᠯᠳᠤᠭᠤᠯᠤᠯ 1 ᠶᠢ ᠦᠵᠡᠭᠡᠷᠡᠢ︶ ᠃ ᠪᠤᠢ ᠪᠦᠬᠦᠢ ᠲᠠᠷᠢᠮᠠᠯ ᠤᠨ ᠭᠤᠶᠤᠴᠢᠯᠠᠭᠴᠢ ᠮᠡᠳᠡᠭᠦᠯᠦᠭᠰᠡᠨ ᠡᠭᠦᠯᠳᠡᠷ ᠢ ᠵᠢᠭᠰᠠᠭᠠᠵᠤ᠂ ᠲᠤᠷᠰᠢᠯᠲᠠ ᠳᠤ ᠣᠷᠣᠯᠴᠠᠬᠤ ᠲᠦᠷᠦᠯ ᠵᠦᠢᠯ ᠤᠯᠠᠨ ᠪᠠᠶᠢᠬᠤ ᠪᠠᠶᠢᠳᠠᠯ ᠳᠣᠣᠷ᠎ᠠ ᠵᠢᠭᠰᠠᠭᠠᠯᠲᠠ ᠶᠣᠰᠣᠭᠠᠷ ᠲᠤᠷᠰᠢᠯᠲᠠ ᠳᠤ ᠣᠷᠣᠯᠴᠠᠬᠤ ᠲᠦᠷᠦᠯ ᠵᠦᠢᠯ ᠢ ᠲᠣᠭᠲᠠᠭᠠᠬᠤ ᠬᠡᠷᠡᠭᠲᠡᠶ᠃      2. ᠡᠭᠦᠯᠳᠡᠷ ᠰᠣᠩᠭᠤᠨ ᠪᠣᠶᠢᠵᠢᠭᠤᠯᠤᠭᠴᠢ ᠨᠢ ᠣᠷᠣᠨ ᠤ ᠳᠣᠲᠣᠷᠠᠬᠢ ᠡᠭᠦᠯᠳᠡᠷ ᠪᠣᠶᠢᠵᠢᠭᠤᠯᠬᠤ ᠰᠢᠨᠵᠢᠯᠡᠬᠦ ᠤᠬᠠᠭᠠᠨ ᠤ ᠰᠤᠳᠤᠯᠤᠯ ᠤᠨ ᠰᠡᠳᠦᠪ ᠢ ᠡᠭᠦᠷᠭᠡᠯᠡᠭᠰᠡᠨ ᠪᠣᠯ᠂ ᠰᠡᠳᠦᠪ ᠤᠨ ᠬᠤᠯᠪᠣᠭᠳᠠᠯ ᠪᠦᠬᠦᠢ ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠶ᠃      3. ᠬᠠᠮᠲᠤᠷᠠᠭᠰᠠᠨ ᠴᠣᠭᠴᠠ ᠶᠢᠨ ᠰᠢᠨ᠎ᠡ ᠪᠠᠷ ᠲᠤᠷᠰᠢᠯᠲᠠ ᠳᠤ ᠣᠷᠣᠯᠴᠠᠬᠤ ᠲᠥᠷᠥᠯ ᠵᠦᠶᠯ ᠳᠤ ᠱᠠᠭᠠᠷᠳᠠᠭᠰᠠᠨ ᠭᠤᠶᠤᠴᠢᠯᠠᠯ ᠤᠨ ᠮᠠᠲ᠋ᠧᠷᠢᠶᠠᠯ ᠢ ᠬᠠᠩᠭᠠᠬᠤ ᠠᠴᠠ ᠭᠠᠳᠠᠨ᠎ᠠ ᠪᠠᠰᠠ ᠬᠠᠮᠲᠤᠷᠠᠭᠰᠠᠨ ᠴᠣᠭᠴᠠ ᠶᠢᠨ ᠪᠢᠴᠢᠭ ᠤᠨ ᠬᠡᠯᠪᠡᠷᠢ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠢ ᠳᠠᠭᠠᠯᠳᠤᠭᠤᠯᠵᠤ᠂ ᠲᠦᠷᠦᠭᠦᠯᠡᠬᠦ ᠨᠢᠭᠡᠴᠢ  ᠠᠴᠠ ᠭᠤᠶᠤᠴᠢᠯᠠᠯ ᠤᠨ ᠮᠠᠲ᠋ᠧᠷᠢᠶᠠᠯ ᠢ ᠨᠢᠭᠡᠳᠦᠯᠲᠡᠶ ᠪᠠᠷ ᠰᠢᠦᠳᠠᠨ ᠢᠶᠠᠷ ᠢᠯᠡᠭᠡᠬᠦ ᠬᠡᠷᠡᠭᠲᠡᠶ᠃      4. ᠭᠤᠶᠤᠴᠢᠯᠠᠭᠰᠠᠨ ᠨᠢᠭᠡᠴᠢ ᠪᠠ ᠰᠣᠩᠭᠤᠨ ᠬᠥᠮᠦᠵᠢᠭᠦᠯᠬᠦ ᠨᠢᠭᠡᠴᠢ  ᠨᠢ ᠴᠥᠮ ᠠᠯᠪᠠᠨ ᠲᠠᠮᠠᠭ᠎ᠠ ᠳᠠᠷᠤᠬᠤ ᠴᠢᠬᠤᠯᠠᠲᠠᠶ᠂ ᠭᠤᠶᠤᠴᠢᠯᠠᠭᠰᠠᠨ ᠪᠤᠶᠤ ᠰᠣᠩᠭᠤᠨ ᠬᠥᠮᠦᠵᠢᠭᠦᠯᠬᠦ ᠨᠢᠭᠡᠴᠢ  ᠨᠢ ᠬᠤᠶᠠᠷ ︵ ᠪᠠᠭᠲᠠᠨ᠎ᠠ ︶  ᠠᠴᠠ ᠳᠡᠭᠡᠭᠰᠢ ᠪᠠᠶᠢᠪᠠᠯ᠂ ᠪᠣᠶ ᠪᠥᠬᠦᠶ ᠨᠢᠭᠡᠴᠢ ᠴᠥᠮ ᠲᠠᠮᠠᠭ᠎ᠠ ᠳᠠᠷᠤᠬᠤ ᠴᠢᠬᠤᠯᠠᠲᠠᠶ᠃      5. ᠡᠴᠦᠰ ᠤᠨ ᠲᠤᠷᠰᠢᠯᠲᠠ ᠶᠢᠨ ᠳᠤᠭᠤᠶᠢᠯᠠᠩ ᠢ ᠭᠤᠶᠤᠴᠢᠯᠠᠭᠰᠠᠨ ᠪᠠᠶᠢᠳᠠᠯ ᠢ ᠦᠨᠳᠦᠰᠦᠯᠡᠨ ᠲᠣᠭᠲᠠᠭᠠᠨ᠎ᠠ᠃      6. ᠲᠤᠷᠰᠢᠯᠲᠠ ᠳᠤ ᠣᠷᠣᠯᠴᠠᠬᠤ ᠲᠥᠷᠥᠯ ᠵᠦᠶᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠳᠡᠨᠢ ᠰᠢᠰᠢ᠂ ᠤᠰᠤᠨ ᠲᠤᠲᠤᠷᠭ᠎ᠠ ᠶᠢᠨ ᠲᠥᠷᠥᠯ ᠵᠦᠶᠯ ᠢ ᠬᠢᠨᠠᠨ ᠲᠣᠭᠲᠠᠭᠠᠬᠤ ᠪᠠᠷᠢᠮᠵᠢᠶ᠎ᠠ ︵2022 ᠣᠨ ᠳᠤ ᠵᠠᠰᠠᠪᠤᠷᠢ ᠣᠷᠤᠭᠤᠯᠤᠭᠰᠠᠨ︶︾  ᠶᠢ ᠬᠡᠷᠡᠭᠵᠢᠭᠦᠯᠦᠨ᠎ᠡ᠃      ᠲᠠᠪᠤ᠂ ᠪᠤᠰᠤᠳ ᠵᠦᠢᠯ       1.︽ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ ︾  ᠶᠢᠨ ᠬᠤᠷᠢᠨ ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ ᠥᠪᠡᠰᠦᠪᠡᠨ ᠡᠭᠦᠯᠳᠡᠷ ᠤᠨ ᠲᠤᠷᠰᠢᠯᠲᠠ ᠬᠢᠬᠦ ᠳᠤ ᠬᠦᠷᠪᠡᠯ᠂ ᠲᠠᠷᠢᠬᠤ ᠠᠴᠠ ᠡᠮᠦᠨ᠎ᠡ 30 ᠡᠳᠦᠷ ᠤᠨ ᠳᠣᠲᠣᠷ᠎ᠠ ᠬᠡᠷᠡᠭᠵᠢᠭᠦᠯᠬᠦ ᠲᠥᠰᠦᠯ ᠢᠶᠠᠨ ᠳᠡᠭᠡᠭᠰᠢ ᠮᠡᠳᠡᠭᠦᠯᠵᠦ᠂ ᠨᠥᠬᠦᠴᠡᠯ ᠳᠤ ᠨᠡᠶᠢᠴᠡᠬᠦ  ᠶᠢ ᠨᠢ ᠥᠪᠡᠷᠲᠡᠭᠡᠨ ᠵᠠᠰᠠᠬᠤ ᠣᠷᠣᠨ ᠤ ᠡᠭᠦᠯᠳᠡᠷ ᠤᠨ ᠲᠤᠷᠰᠢᠯᠲᠠ ᠶᠢᠨ ᠨᠢᠭᠡᠳᠦᠯᠲᠡᠶ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃      2. ︽ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ ︾  ᠶᠢᠨ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ᠂ ᠪᠣᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠤᠭᠴᠠᠵᠢᠭᠤᠯᠤᠭᠰᠠᠨ ᠦᠷ᠎ᠡ ᠶᠢᠨ ᠠᠵᠤ ᠠᠬᠤᠶᠢᠯᠠᠯ ᠥᠪᠡᠰᠦᠪᠡᠨ ᠡᠭᠦᠯᠳᠡᠷ ᠤᠨ ᠲᠤᠷᠰᠢᠯᠲᠠ ᠬᠢᠬᠦ ᠳᠤ ᠬᠦᠷᠪᠡᠯ᠂ ᠲᠤᠷᠰᠢᠯᠲᠠ ᠶᠢᠨ ᠬᠡᠷᠡᠭᠵᠢᠭᠦᠯᠬᠦ ᠲᠥᠰᠦᠯ ᠢ ᠲᠠᠷᠢᠬᠤ ᠠᠴᠠ ᠡᠮᠦᠨ᠎ᠡ 30 ᠡᠳᠦᠷ ᠤᠨ ᠳᠣᠲᠣᠷ᠎ᠠ ᠳᠠᠩᠰᠠᠯᠠᠭᠤᠯᠬᠤ ᠬᠡᠷᠡᠭᠲᠡᠢ᠃      3. ᠲᠣᠰ ᠮᠡᠳᠡᠭᠳᠡᠯ ᠢ ᠪᠠᠭᠤᠯᠭᠠᠭᠰᠠᠨ ᠡᠳᠦᠷ ᠠᠴᠠ ᠡᠬᠢᠯᠡᠨ ᠭᠤᠶᠤᠴᠢᠯᠠᠯ ᠢ ᠭᠥᠯᠢᠶᠡᠨ ᠠᠪᠴᠤ ᠰᠢᠶᠳᠪᠦᠷᠢᠯᠡᠵᠦ᠂ ᠭᠥᠯᠢᠶᠡᠨ ᠠᠪᠴᠤ ᠰᠢᠶᠳᠪᠦᠷᠢᠯᠡᠬᠦ ᠡᠳᠦᠷ ᠬᠤᠭᠤᠴᠠᠭ᠎ᠠ ᠨᠢ 2023 ᠣᠨ ᠤ 2 ᠰᠠᠷ᠎ᠠ ᠶᠢᠨ 13 ᠤ ᠡᠳᠦᠷ ᠬᠦᠷᠴᠦ᠂ ᠪᠢᠴᠢᠭ ᠤᠨ ᠬᠡᠯᠪᠡᠷᠢ ᠶᠢᠨ ᠭᠤᠶᠤᠴᠢᠯᠠᠯ ᠤᠨ ᠮᠠᠲ᠋ᠧᠷᠢᠶᠠᠯ ᠢ ᠰᠢᠦᠳᠠᠨ ᠢᠶᠠᠷ ᠬᠦᠷᠭᠡᠬᠦ ᠴᠠᠭ ᠬᠤᠭᠤᠴᠠᠭ᠎ᠠ ᠪᠠᠷ ᠪᠠᠷᠢᠮᠵᠢᠶ᠎ᠠ ᠪᠣᠯᠭᠠᠵᠤ᠂ ᠬᠤᠭᠤᠴᠠᠭ᠎ᠠ ᠦᠩᠭᠡᠷᠡᠪᠡᠯ ᠭᠥᠯᠢᠶᠡᠨ ᠠᠪᠴᠤ ᠰᠢᠶᠳᠪᠦᠷᠢᠯᠡᠬᠦ ᠥᠬᠡᠶ᠃      ᠵᠢᠷᠭᠤᠭ᠎ᠠ᠂ ᠬᠠᠷᠢᠯᠴᠠᠬᠤ ᠠᠷᠭ᠎ᠠ ᠪᠠ ᠬᠠᠷᠢᠯᠴᠠᠬᠤ ᠬᠠᠶ᠋ᠢᠭ      ᠡᠷᠳᠡᠨᠢ ᠰᠢᠰᠢ᠄ ᠼᠦᠢ ᠰᠢᠶᠣᠤ ᠬᠤᠩ ᠂ ᠯᠢ ᠰᠢᠨ      ᠪᠤᠭᠤᠳᠠᠢ᠂ ᠤᠰᠤᠨ ᠲᠤᠲᠤᠷᠭ᠎ᠠ᠄ ᠰᠦᠨ ᠢᠦᠢ ᠶᠠᠨ      ᠰᠢᠷ᠎ᠠ ᠪᠤᠷᠴᠠᠭ᠂ ᠬᠥᠪᠥᠩ᠄ ᠹᠦ᠋ ᠰᠢᠶᠣᠤ ᠬᠤᠸᠠ      ᠨᠢᠭᠡᠴᠢ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠵᠦᠶᠯ ᠢ ᠬᠢᠨᠠᠨ ᠲᠣᠭᠲᠠᠭᠠᠬᠤ ᠺᠣᠮᠢᠰ ᠤᠨ ᠠᠯᠪᠠᠨ ᠬᠡᠷ      ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠥᠯᠥᠨ ᠬᠤᠶᠢᠲᠤ ᠵᠠᠮ  ᠤᠨ 13 ᠳ᠋ᠤᠭᠠᠷ ᠨᠣᠮᠧᠷ      ᠰᠢᠦᠳᠠᠨ ᠳ᠋ᠤᠭᠠᠷ᠄ 010010      ᠬᠠᠷᠢᠯᠴᠠᠬᠤ ᠤᠲᠠᠰᠤ᠄ 0471 - 6285043        ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠠᠷᠢᠮᠠᠯ  ᠤᠨ ᠡᠭᠦᠯᠳᠡᠷ ᠤᠨ ᠲᠤᠷᠰᠢᠯᠲᠠ ᠬᠢᠬᠦ ᠪᠠᠷ ᠪᠠᠶᠢᠭ᠎ᠠ ᠳᠤᠭᠤᠶᠢᠯᠠᠩ      2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠲᠠᠷᠢᠮᠠᠯ ᠤᠨ ᠵᠦᠶᠯ ᠤᠨ ᠲᠤᠷᠰᠢᠯᠲᠠ ᠶᠢᠨ ᠭᠤᠶᠤᠴᠢᠯᠠᠯ ᠤᠨ ᠬᠦᠰᠦᠨᠦᠭᠲᠦ      3. ᠡᠭᠦᠯᠳᠡᠷ ᠰᠣᠩᠭᠤᠨ ᠪᠣᠶᠢᠵᠢᠭᠤᠯᠤᠭᠰᠠᠨ ᠮᠡᠳᠡᠭᠦᠯᠦᠯᠲᠡ      4. ᠲᠦᠷᠦᠯ ᠵᠦᠢᠯ ᠢ ᠠᠳᠠᠯᠢᠳᠬᠠᠬᠤ ᠲᠤᠷᠰᠢᠯᠲᠠ ᠶᠢᠨ ᠱᠠᠭᠠᠷᠳᠠᠯᠭ᠎ᠠ       5. ᠭᠧᠨ ᠰᠢᠯᠵᠢᠭᠦᠯᠦᠭᠰᠡᠨ ᠪᠤᠰᠤ ᠡᠭᠦᠯᠳᠡᠷ ᠤᠨ ᠠᠮᠠᠯᠠᠯᠲᠠ ᠶᠢᠨ ᠪᠢᠴᠢᠭ                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ                   ᠡᠭᠦᠯᠳᠡᠷ ᠢ ᠬᠢᠨᠠᠨ ᠲᠣᠭᠲᠠᠭᠠᠬᠤ ᠺᠣᠮᠢᠰ ᠤᠨ ᠠᠯᠪᠠᠨ ᠬᠡᠷ                       2023 ᠣᠨ ᠤ 1 ᠰᠠᠷ᠎ᠠ ᠶᠢᠨ 13 ᠤ ᠡᠳᠦᠷ  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号