ᠮᠠᠯ ᠠᠵᠤ ᠠᠬᠤᠢ ᠶᠢᠨ ᠬᠦᠢᠲᠡᠨ ᠤᠷᠤᠰᠬᠠᠯ ᠰᠢᠷᠦᠭᠦᠨ ᠴᠠᠰᠤᠲᠤ ᠴᠠᠭ ᠠᠭᠤᠷ ᠢ ᠠᠷᠭᠠᠴᠠᠭᠠᠬᠤ ᠮᠡᠷᠭᠡᠵᠢᠯ ᠤᠨ ᠵᠢᠯᠤᠭᠤᠳᠬᠤ ᠰᠠᠨᠠᠯ
ᠨᠡᠶᠢᠲᠡᠯᠡᠭᠰᠡᠨ ᠴᠠᠭ᠄
2023/1/17
      ᠣᠶᠢᠷ᠎ᠠ ᠳᠤ᠂ ᠬᠦᠢᠲᠡᠨ ᠤᠷᠤᠰᠬᠠᠯ ᠤᠨ ᠴᠠᠭ ᠠᠭᠤᠷ ᠢ ᠪᠦᠲᠦᠮᠵᠢᠲᠡᠶ ᠠᠷᠭᠠᠴᠠᠭᠠᠵᠤ᠂ ᠮᠠᠯ ᠵᠢᠭᠦᠷᠲᠡᠨ ᠤ ᠠᠮᠤᠷ ᠲᠦᠪᠰᠢᠨ ᠢᠶᠠᠷ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠠᠯ ᠠᠵᠤ ᠠᠬᠤᠢ ᠮᠠᠯ ᠡᠮᠨᠡᠯᠭᠡ ᠶᠢᠨ ᠲᠣᠪᠴᠢᠶ᠎ᠠ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ︽ᠮᠠᠯ ᠠᠵᠤ ᠠᠬᠤᠢ ᠶᠢᠨ ᠬᠦᠢᠲᠡᠨ ᠤᠷᠤᠰᠬᠠᠯ ᠰᠢᠷᠦᠭᠦᠨ ᠴᠠᠰᠤᠲᠤ ᠴᠠᠭ ᠠᠭᠤᠷ ᠢ ᠠᠷᠭᠠᠴᠠᠭᠠᠬᠤ ᠮᠡᠷᠭᠡᠵᠢᠯ ᠤᠨ ᠵᠢᠯᠤᠭᠤᠳᠬᠤ ᠰᠠᠨᠠᠯ︾ ᠢ ᠨᠠᠶᠢᠷᠠᠭᠤᠯᠤᠨ ᠵᠣᠬᠢᠶᠠᠵᠤ᠂ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠳᠤ ᠯᠠᠪᠯᠠᠯᠲᠠ ᠪᠤᠯᠭᠠᠵᠦ ᠪᠠᠶᠢᠨ᠎ᠠ ᠃
1.jpg
       ᠮᠠᠯ ᠵᠢᠭᠦᠷᠲᠡᠨ ᠤ ᠬᠠᠰᠢᠶ᠎ᠠ ᠰᠠᠷᠠᠪᠴᠢ ᠶᠢ ᠪᠠᠬᠢᠵᠢᠭᠦᠯᠬᠦ ᠪᠠ ᠰᠡᠯᠪᠢᠨ ᠵᠠᠰᠠᠨ᠎ᠠ ᠃ ᠮᠠᠯ ᠵᠢᠭᠦᠷᠲᠡᠨ ᠤ ᠬᠠᠰᠢᠶ᠎ᠠ ᠰᠠᠷᠠᠪᠴᠢ ᠪᠣᠯᠣᠨ ᠤᠰᠤ ᠂ ᠴᠠᠬᠢᠯᠭᠠᠨ ᠵᠡᠷᠭᠡ ᠰᠠᠭᠤᠷᠢ ᠲᠥᠬᠦᠭᠡᠷᠦᠮᠵᠢ  ᠶᠢ ᠳᠠᠷᠤᠶᠢᠬᠠᠨ ᠪᠦᠬᠦ ᠲᠠᠯ᠎ᠠ ᠪᠠᠷ ᠲᠣᠭᠤᠷᠢᠨ ᠪᠠᠶᠢᠴᠠᠭᠠᠵᠤ ᠂ ᠪᠠᠬᠢᠵᠢᠭᠦᠯᠵᠦ ᠂ ᠳᠠᠯᠳᠠ ᠭᠡᠮ ᠣᠷᠣᠰᠢᠵᠤ ᠪᠠᠶᠢᠭ᠎ᠠ ᠬᠠᠭᠤᠴᠢᠨ ᠬᠠᠰᠢᠶ᠎ᠠ ᠰᠠᠷᠠᠪᠴᠢ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠂ ᠮᠠᠯ ᠵᠢᠭᠦᠷᠲᠡᠨ ᠢ ᠴᠠᠭ ᠲᠤᠬᠠᠢ ᠳᠤᠨᠢ ᠰᠢᠯᠵᠢᠭᠦᠯᠵᠦ ᠂ ᠨᠤᠷᠠᠵᠤ ᠶᠡᠭᠦᠷᠡᠬᠦ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ ᠃ ᠭᠠᠮᠰᠢᠭ ᠤᠨ ᠬᠠᠷᠠᠭ᠎ᠠ ᠪᠠᠷ ᠡᠪᠳᠡᠷᠡᠵᠦ ᠰᠦᠢᠳᠦᠭᠰᠡᠨ ᠬᠠᠰᠢᠶ᠎ᠠ ᠰᠠᠷᠠᠪᠴᠢ ᠶᠢ ᠲᠦᠷ ᠴᠠᠭ ᠰᠡᠯᠪᠢᠨ ᠵᠠᠰᠠᠵᠤ ᠳᠡᠶᠢᠯᠬᠦ ᠦᠭᠡᠢ ᠪᠣᠯ ᠲᠤᠬᠠᠢ ᠶᠢᠨ ᠭᠠᠵᠠᠷ ᠠᠴᠠ ᠨᠢ ᠮᠠᠲ᠋ᠧᠷᠢᠶᠠᠯ ᠠᠪᠴᠤ ᠂ ᠮᠣᠳᠣᠨ ᠰᠠᠯᠠᠭ᠎ᠠ ᠂ ᠡᠷᠳᠡᠨᠢ ᠰᠢᠰᠢ ᠶᠢᠨ ᠡᠰᠢ ᠰᠦᠷᠡᠯ ᠂ ᠨᠢᠮᠭᠡᠨ ᠬᠠᠯᠢᠰᠤ ᠵᠡᠷᠭᠡ ᠮᠠᠲ᠋ᠧᠷᠢᠶᠠᠯ ᠢ ᠬᠡᠷᠡᠭᠯᠡᠵᠦ ᠂ ᠲᠥᠭᠦᠮ ᠬᠠᠰᠢᠶ᠎ᠠ ᠰᠠᠷᠠᠪᠴᠢ ᠪᠠᠶᠢᠭᠤᠯᠬᠤ ᠬᠡᠷᠡᠭᠲᠡᠢ ᠃ ᠬᠤᠷᠠᠭᠰᠠᠨ ᠴᠠᠰᠤ ᠶᠢ ᠴᠠᠭ ᠲᠤᠬᠠᠢ ᠳᠤᠨᠢ ᠴᠡᠪᠡᠷᠯᠡᠵᠦ᠂ ᠮᠠᠯ ᠵᠢᠭᠦᠷᠲᠡᠨ ᠤ ᠰᠠᠷᠠᠪᠴᠢ ᠶᠢᠨ ᠳᠠᠭᠠᠭᠠᠴᠠ ᠶᠢ ᠪᠠᠭᠠᠰᠬᠠᠨ᠂ ᠶᠡᠭᠡ ᠴᠠᠰᠤᠨ ᠳᠤ ᠳᠠᠷᠤᠭᠳᠠᠨ ᠨᠤᠷᠠᠵᠤ ᠬᠥᠮᠥᠨ ᠮᠠᠯ ᠳᠤ ᠬᠤᠬᠢᠷᠠᠯ ᠤᠴᠠᠷᠠᠭᠤᠯᠬᠤ ᠶᠢ ᠰᠡᠷᠭᠡᠶᠢᠯᠡᠬᠦ ᠬᠡᠷᠡᠭᠲᠡᠢ᠃      ᠲᠤᠯᠠᠭᠠᠨ ᠢ ᠬᠠᠮᠠᠭᠠᠯᠠᠬᠤ ᠬᠥᠯᠳᠡᠬᠦ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ ᠃ ᠬᠦᠢᠲᠡᠨ ᠢ ᠰᠡᠷᠭᠡᠶᠢᠯᠡᠨ ᠳᠤᠯᠠᠭᠠᠯᠠᠬᠤ ᠲᠥᠬᠦᠭᠡᠷᠦᠮᠵᠢ  ᠶᠢ ᠴᠠᠭ ᠲᠤᠬᠠᠢ ᠳᠤᠨᠢ ᠨᠡᠮᠡᠵᠦ᠂ ᠬᠠᠰᠢᠶᠠᠯᠠᠨ ᠪᠢᠲᠡᠭᠦᠮᠵᠢᠯᠡᠬᠦ ᠠᠷᠭ᠎ᠠ ᠬᠡᠮᠵᠢᠶ᠎ᠡ ᠶᠢ ᠵᠦᠢ ᠵᠣᠬᠢᠰᠲᠠᠢ ᠠᠪᠴᠤ᠂ ᠮᠠᠯ ᠵᠢᠭᠦᠷᠲᠡᠨ ᠤ ᠳᠤᠯᠠᠭᠠᠯᠠᠵᠤ ᠡᠪᠦᠯᠵᠢᠬᠦ ᠶᠢ ᠰᠠᠶᠢᠲᠤᠷ ᠬᠢᠬᠦ ᠬᠡᠷᠡᠭᠲᠡᠢ ᠃ ᠦᠬᠡᠷ ᠬᠤᠨᠢᠨ ᠤ ᠬᠠᠰᠢᠶ᠎ᠠ ᠪᠠ ᠵᠠᠳᠠᠭᠠᠢ ᠮᠠᠶ᠋ᠢᠭ ᠤᠨ ᠭᠠᠭ᠋ᠠᠢ ᠵᠢᠭᠦᠷᠲᠡᠨ ᠤ ᠬᠠᠰᠢᠶ᠎ᠠ ᠳᠤ ᠡᠪᠡᠰᠦᠨ ᠣᠷᠬᠢᠭᠤᠯ ᠡᠯᠭᠦᠬᠦ ᠪᠤᠶᠤ ᠰᠦᠯᠢᠶᠥᠦ ᠪᠦᠷᠬᠦᠭᠦᠯ ᠵᠡᠷᠭᠡ ᠶᠢ ᠬᠤᠴᠢᠵᠤ᠂ ᠬᠠᠰᠢᠶ᠎ᠠ ᠶᠢᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠡᠳᠦᠷ ᠤᠨ ᠠᠭᠠᠷ ᠤᠨ ᠳᠤᠯᠠᠭᠠᠨ ᠨᠡᠯᠢᠶᠡᠳ ᠥᠨᠳᠥᠷ ᠴᠠᠭ ᠲᠤ ᠮᠠᠯ ᠵᠢᠭᠦᠷᠲᠡᠨ ᠤ ᠬᠠᠰᠢᠶ᠎ᠠ ᠳᠤ ᠰᠠᠯᠬᠢ ᠨᠡᠪᠲᠡᠷᠡᠭᠦᠯᠦᠨ ᠠᠭᠠᠷ ᠰᠣᠯᠢᠵᠤ᠂ ᠬᠠᠰᠢᠶ᠎ᠠ ᠶᠢᠨ ᠳᠣᠲᠣᠷᠠᠬᠢ ᠠᠭᠠᠷ ᠤᠨ ᠰᠢᠨ᠎ᠡ ᠰᠣᠷᠭᠤᠭ ᠪᠠᠶᠢᠬᠤ ᠶᠢ ᠪᠠᠲᠤᠯᠠᠵᠤ᠂ ᠠᠮᠢᠰᠬᠤᠯ ᠤᠨ ᠡᠪᠡᠳᠴᠢᠨ ᠡᠮᠭᠡᠭ ᠡᠭᠦᠰᠬᠦ ᠶᠢ ᠰᠡᠷᠭᠡᠶᠢᠯᠡᠨ᠎ᠡ᠃
2.png
       ᠲᠡᠵᠢᠭᠡᠨ ᠠᠷᠠᠴᠢᠯᠠᠭ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ ᠃ ᠲᠡᠵᠢᠭᠡᠯ ᠪᠣᠷᠳᠤᠭ᠎ᠠ ᠶᠢᠨ ᠰᠢᠮ᠎ᠡ ᠲᠡᠵᠢᠭᠡᠯ ᠢ ᠲᠣᠬᠢᠷᠠᠭᠤᠯᠤᠨ ᠡᠵᠡᠮᠳᠡᠬᠦ ᠠᠵᠢᠯ ᠢ ᠰᠠᠶᠢᠲᠤᠷ ᠬᠢᠵᠦ ᠂ ᠮᠠᠯ ᠵᠢᠭᠦᠷᠲᠡᠨ ᠤ ᠬᠦᠢᠲᠡᠨ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠲᠡᠵᠢᠭᠡᠯ ᠪᠣᠷᠳᠤᠭ᠎ᠠ ᠶᠢᠨ ᠰᠢᠮ᠎ᠡ ᠲᠡᠵᠢᠭᠡᠯ ᠢ ᠪᠥᠬᠦ ᠲᠠᠯ᠎ᠠ ᠪᠠᠷ ᠪᠠᠲᠤᠯᠠᠭᠰᠠᠨ ᠤᠷᠢᠲᠠᠯ ᠳᠣᠣᠷ᠎ᠠ᠂ ᠮᠠᠯ ᠵᠢᠭᠦᠷᠲᠡᠨ ᠤ ᠡᠳᠦᠷ ᠤᠨ ᠲᠡᠵᠢᠭᠡᠯ ᠳᠤ ᠵᠣᠬᠢᠬᠤ ᠬᠡᠮᠵᠢᠶᠡᠨ ᠤ ᠡᠨᠧᠷᠭᠢ ᠶᠢᠨ ᠲᠡᠵᠢᠭᠡᠯ ᠪᠣᠷᠳᠤᠭ᠎ᠠ ︵ᠵᠢᠱᠢᠶᠡᠯᠡᠪᠡᠯ ᠡᠷᠳᠡᠨᠢ ᠰᠢᠰᠢ᠂ ᠥᠭᠡᠬᠦ ᠲᠣᠰᠣ ᠵᠡᠷᠭᠡ︶ ᠨᠡᠮᠡᠵᠦ᠂ ᠤᠤᠯ ᠤᠨ ᠰᠠᠭᠤᠷᠢᠨ ᠳᠡᠭᠡᠷ᠎ᠡ ᠪᠠᠨ 10% ᠣᠷᠴᠢᠮ ᠨᠡᠮᠡᠭᠳᠡᠭᠦᠯᠵᠦ᠂ ᠡᠨᠧᠷᠭᠢ ᠶᠢᠨ ᠬᠤᠷᠣᠭᠳᠠᠯ ᠢ ᠪᠠᠲᠤᠯᠠᠨ᠂ ᠮᠠᠯ ᠵᠢᠭᠦᠷᠲᠡᠨ ᠤ ᠲᠣᠰ ᠪᠡᠶ᠎ᠡ ᠶᠢᠨ ᠬᠦᠢᠲᠡᠨ ᠠᠴᠠ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠰᠠ ᠵᠣᠬᠢᠬᠤ ᠬᠡᠮᠵᠢᠶᠡᠨ ᠤ ᠣᠯᠠᠨ  ᠸᠢᠲ᠋ᠠᠮᠢᠨ ᠂ ᠴᠠᠬᠢᠯᠭᠠᠨ ᠵᠠᠳᠠᠯᠤᠭᠳᠠᠬᠤᠨ ᠵᠡᠷᠭᠡ ᠰᠡᠷᠡᠯᠵᠢᠯ ᠢ ᠡᠰᠡᠷᠭᠦᠴᠡᠬᠦ ᠡᠳ᠋ ᠵᠢᠴᠢ ᠡᠭᠡᠯᠢᠯᠡᠭᠡ ᠶᠢ ᠴᠢᠩᠭᠠᠷᠠᠭᠤᠯᠬᠤ ᠡᠳ᠋ ᠢ ᠨᠡᠮᠡᠵᠦ ᠂ ᠰᠡᠷᠡᠯᠵᠢᠯ ᠤᠨ ᠤᠷᠪᠠᠯ ᠢ ᠪᠠᠭᠠᠰᠬᠠᠨ᠎ᠠ ᠃ ᠲᠡᠵᠢᠭᠡᠯ ᠪᠣᠷᠳᠤᠭ᠎ᠠ ᠶᠢ ᠲᠡᠵᠢᠭᠡᠬᠦ ᠠᠴᠠ ᠪᠠᠨ ᠡᠮᠦᠨ᠎ᠡ ᠨᠠᠷᠢᠨ ᠨᠢᠮᠪᠠᠢ ᠪᠠᠶᠢᠴᠠᠭᠠᠵᠤ ᠂ ᠸᠠᠯᠠᠭᠰᠠᠨ ᠲᠡᠵᠢᠭᠡᠯ ᠪᠣᠷᠳᠤᠭ᠎ᠠ ᠪᠠᠷ ᠮᠠᠯ ᠵᠢᠭᠦᠷᠲᠡᠨ ᠢ ᠲᠡᠵᠢᠭᠡᠵᠦ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ ᠃ ᠤᠰᠤ ᠤᠮᠳᠠ ᠶᠢᠨ ᠠᠷᠢᠭᠤᠨ ᠴᠡᠪᠡᠷ ᠢ ᠠᠩᠬᠠᠷᠴᠤ ᠂ ᠮᠠᠯ ᠵᠢᠭᠦᠷᠲᠡᠨ ᠳᠤ ᠴᠢᠳᠠᠬᠤ ᠶᠢᠨ ᠬᠢᠷᠢ ᠪᠠᠷ ᠪᠦᠯᠢᠶᠡᠨ ᠤᠰᠤ ᠬᠠᠩᠭᠠᠵᠤ ᠂ ᠴᠠᠰᠤ ᠲᠠᠢ ᠤᠰᠤ ᠤᠤᠭᠤᠭᠰᠠᠨ ᠠᠴᠠ ᠪᠣᠯᠵᠤ ᠬᠠᠯᠳᠠᠪᠤᠷᠢᠲᠤ ᠴᠢᠨᠠᠷᠲᠠᠢ ᠬᠤᠳᠣᠭᠤᠳᠤ ᠭᠡᠳᠡᠰᠦᠨ ᠤ ᠦᠷᠪᠢᠰᠦᠯ ᠵᠡᠷᠭᠡ ᠰᠢᠩᠭᠡᠭᠡᠯᠲᠡ ᠶᠢᠨ ᠡᠪᠡᠳᠴᠢᠨ ᠡᠮᠭᠡᠭ ᠪᠠ ᠵᠢᠷᠮᠦᠰᠦᠨ ᠮᠠᠯ ᠤᠨ ᠤᠷᠤᠭ ᠤᠨᠠᠭᠠᠬᠤ ᠠᠴᠠ ᠵᠠᠶᠢᠯᠠᠰᠬᠢᠬᠦ ᠬᠡᠷᠡᠭᠲᠡᠢ ᠃
3.jpg
       ᠲᠡᠵᠢᠭᠡᠯ ᠡᠪᠡᠰᠦ ᠪᠣᠷᠳᠤᠭ᠎ᠠ ᠶᠢ ᠨᠥᠭᠡᠴᠡᠯᠡᠬᠦ ᠪᠠ ᠮᠠᠯ ᠵᠢᠭᠦᠷᠲᠡᠨ ᠢ ᠪᠣᠷᠣᠯᠠᠭᠤᠯᠬᠤ ᠶᠢ ᠴᠢᠩᠭᠠᠳᠬᠠᠨ᠎ᠠ ᠃ ᠲᠡᠵᠢᠭᠡᠯ ᠪᠣᠷᠳᠤᠭ᠎ᠠ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠵᠡᠷᠭᠡ ᠡᠳ᠋ ᠪᠣᠳᠠᠰ ᠢ ᠭᠦᠢᠴᠡᠳ ᠪᠡᠯᠡᠳᠬᠡᠵᠦ᠂ ᠲᠡᠵᠢᠭᠡᠯ ᠪᠣᠷᠳᠤᠭ᠎ᠠ᠂ ᠳᠤᠯᠠᠭᠠᠯᠠᠬᠤ ᠲᠦᠯᠡᠰᠢ᠂ ᠸᠠᠺᠼᠢᠨ᠂ ᠠᠷᠢᠭᠤᠳᠬᠠᠬᠤ ᠡᠮ ᠤᠨ ᠵᠦᠢᠯ᠂ ᠠᠷᠢᠭᠤᠳᠬᠠᠬᠤ ᠪᠡᠯᠡᠳᠬᠡᠮᠵᠢ᠂ ᠠᠶᠤᠯ ᠠᠴᠠ ᠠᠪᠤᠷᠠᠬᠤ ᠪᠠᠭᠠᠵᠢ ᠬᠡᠷᠡᠭᠰᠡᠯ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠵᠠᠮ ᠡᠪᠳᠡᠷᠡᠬᠦ᠂ ᠲᠡᠭᠡᠭᠡᠪᠦᠷᠢ ᠲᠠᠰᠤᠯᠳᠠᠬᠤ ᠵᠡᠷᠭᠡ ᠠᠴᠠ ᠪᠣᠯᠤᠭᠰᠠᠨ ᠲᠡᠵᠢᠭᠡᠯ ᠪᠣᠷᠳᠤᠭ᠎ᠠ ᠵᠡᠷᠭᠡ ᠡᠳ᠋ ᠪᠣᠳᠠᠰ ᠳᠤᠲᠠᠭᠳᠠᠬᠤ ᠶᠢ ᠰᠡᠷᠭᠡᠶᠢᠯᠡᠬᠦ ᠬᠡᠷᠡᠭᠲᠡᠢ᠃ ᠮᠠᠯᠵᠢᠬᠤ ᠣᠷᠣᠨ ᠳᠤ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ ᠵᠢᠭᠰᠠᠭᠠᠨ ᠪᠠᠶᠢᠴᠠᠭᠠᠵᠤ᠂ ᠡᠪᠡᠰᠦ ᠪᠣᠷᠳᠤᠭ᠎ᠠ ᠶᠢᠨ ᠨᠥᠭᠡᠴᠡᠯᠡᠯᠲᠡ ᠪᠠ ᠲᠤᠲᠠᠭᠳᠠᠵᠤ ᠪᠠᠶᠢᠭ᠎ᠠ ᠪᠠᠶᠢᠳᠠᠯ ᠢ ᠣᠨᠣᠪᠴᠢᠲᠠᠶ ᠡᠵᠡᠮᠰᠢᠬᠦ ᠬᠡᠷᠡᠭᠲᠡᠢ᠃ ᠲᠡᠵᠢᠭᠡᠯ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢᠨ ᠳᠤᠲᠠᠭᠤᠳᠠᠯ ᠣᠷᠣᠰᠢᠵᠤ ᠪᠠᠶᠢᠪᠠᠯ᠂ ᠡᠷᠬᠢᠨ ᠲᠣᠭᠤᠷᠢᠨ ᠤ ᠭᠠᠵᠠᠷ ᠣᠷᠣᠨ ᠲᠠᠢ ᠪᠠᠨ ᠢᠳᠡᠪᠬᠢᠲᠡᠢ ᠬᠠᠷᠢᠯᠴᠠᠵᠤ᠂ ᠲᠡᠵᠢᠭᠡᠯ ᠡᠪᠡᠰᠦ ᠪᠣᠷᠳᠤᠭ᠎ᠠ ᠶᠢ ᠰᠢᠯᠵᠢᠭᠦᠯᠦᠨ ᠲᠡᠭᠡᠭᠡᠪᠦᠷᠢᠯᠡᠬᠦ ᠪᠠ ᠣᠶᠢᠷ᠎ᠠ ᠵᠠᠢ ᠠᠴᠠ ᠲᠠᠯᠠᠪᠠᠶ ᠳᠤ ᠶᠠᠪᠤᠬᠤ ᠵᠡᠷᠭᠡ ᠤᠴᠢᠷ ᠶᠠᠪᠤᠳᠠᠯ ᠢ ᠵᠣᠬᠢᠴᠠᠭᠤᠯᠬᠤ ᠬᠡᠷᠡᠭᠲᠡᠢ᠃ ᠭᠠᠷᠴᠤ ᠮᠡᠳᠡᠬᠦ ᠲᠡᠵᠢᠭᠡᠯ ᠡᠪᠡᠰᠦ ᠪᠣᠷᠳᠤᠭ᠎ᠠ ᠵᠡᠷᠭᠡ ᠣᠷᠣᠭᠤᠯᠤᠯᠲᠠ ᠶᠢᠨ ᠡᠳ᠋ ᠵᠢᠴᠢ ᠮᠠᠯ ᠵᠢᠭᠦᠷᠲᠡᠨ ᠢ ᠰᠢᠯᠵᠢᠭᠦᠯᠦᠨ ᠵᠥᠭᠡᠭᠡᠪᠦᠷᠢᠯᠡᠬᠦ ᠳᠤ ᠬᠦᠴᠢᠷᠲᠡᠢ ᠪᠠᠶᠢᠳᠠᠯ ᠳᠤ ᠴᠢᠭᠯᠡᠭᠦᠯᠦᠨ᠂ ᠦᠢᠯᠡᠳᠪᠦᠷᠢᠯᠡᠵᠦ ᠪᠣᠷᠣᠯᠠᠭᠤᠯᠬᠤ ᠶᠢ ᠵᠣᠯᠭᠠᠭᠤᠯᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠲᠡᠭᠡᠭᠡᠪᠦᠷᠢᠯᠡᠬᠦ ᠪᠠ ᠪᠣᠷᠣᠯᠠᠭᠤᠯᠬᠤ ᠵᠠᠮ ᠮᠥᠷ ᠢ ᠰᠠᠭᠠᠳ ᠦᠭᠡᠢ ᠨᠠᠪᠲᠠᠷᠡᠭᠦᠯᠵᠦ᠂ ᠮᠠᠯ ᠠᠵᠤ ᠠᠬᠤᠢ ᠶᠢᠨ ᠬᠡᠪ ᠤᠨ ᠦᠢᠯᠡᠳᠪᠦᠷᠢᠯᠡᠯ ᠤᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠢ᠃
4.jpg
       ᠠᠮᠢᠳᠠᠨ ᠤ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠨ᠎ᠠ ᠃ ᠲᠡᠵᠢᠭᠡᠨ ᠦᠷᠡᠵᠢᠭᠦᠯᠬᠦ ᠲᠠᠯᠠᠪᠠᠶ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠮᠠᠯ ᠵᠢᠭᠦᠷᠲᠡᠨ᠂ ᠲᠡᠵᠢᠭᠡᠨ ᠦᠷᠡᠵᠢᠭᠦᠯᠬᠦ ᠲᠠᠯᠠᠪᠠᠶ ᠭᠠᠵᠠᠷ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠠᠭ ᠲᠤᠬᠠᠢ ᠳᠤᠨᠢ ᠠᠷᠢᠭᠤᠳᠬᠠᠨ ᠤᠰᠠᠳᠬᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠨᠢᠭᠲᠠ ᠠᠩᠬᠠᠷᠴᠤ ᠂ ᠮᠠᠯ ᠵᠢᠭᠦᠷᠲᠡᠨ ᠳᠤ ᠦᠯᠦ ᠬᠠᠯᠳᠠᠭᠠᠬᠤ ᠪᠠ ᠨᠥᠬᠦᠵᠦ ᠬᠡᠯᠲᠦᠷᠢᠭᠦᠯᠬᠦ ᠠᠵᠢᠯ ᠢ ᠰᠠᠶᠢᠲᠤᠷ ᠬᠢᠵᠦ ᠂ ᠬᠢᠵᠢᠭ ᠤᠨ ᠪᠠᠶᠢᠳᠠᠯ ᠢ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠨ᠎ᠠ ᠃ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠡᠭᠦᠰᠬᠦ ᠳᠤ ᠬᠦᠷᠪᠡᠯ ᠂ ᠬᠠᠷᠢᠶ᠎ᠠ ᠭᠠᠵᠠᠷ ᠤᠨ ᠮᠠᠯ ᠠᠵᠤ ᠠᠬᠤᠢ ᠮᠠᠯ ᠡᠮᠨᠡᠯᠭᠡ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠬᠦ ᠶᠢᠨ ᠬᠠᠮᠲᠤ ᠠᠯᠠᠵᠤ ᠤᠰᠠᠳᠬᠠᠬᠤ ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠲᠠᠷᠬᠠᠵᠤ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠃ ᠣᠶᠢᠷ᠎ᠠ ᠶᠢᠨ ᠬᠤᠭᠤᠴᠠᠭᠠᠨ ᠳᠤ ᠦᠬᠡᠷ ᠬᠤᠨᠢᠨ ᠤ ᠰᠢᠯᠦᠬᠡᠢ ᠡᠪᠡᠳᠴᠢᠨ ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠂ ᠬᠤᠳᠣᠭᠤᠳᠤ ᠭᠡᠳᠡᠰᠦᠨ ᠤ ᠬᠠᠯᠳᠠᠪᠤᠷᠢᠲᠤ ᠦᠷᠪᠢᠰᠦᠯ ᠂ ᠲᠠᠬᠤᠯᠲᠤ ᠰᠠᠭᠤᠯᠭᠠᠬᠤ ᠵᠡᠷᠭᠡ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ ᠣᠨᠴᠠᠭᠠᠶᠢᠯᠠᠨ ᠰᠠᠶᠢᠲᠤᠷ ᠬᠢᠬᠦ ᠬᠡᠷᠡᠭᠲᠡᠢ ᠃ ᠦᠬᠦᠭᠰᠡᠨ ᠮᠠᠯ ᠵᠢᠭᠦᠷᠲᠡᠨ ᠪᠠ ᠪᠣᠬᠢᠷ ᠪᠣᠳᠠᠰ ᠢ ᠴᠠᠭ ᠲᠤᠬᠠᠢ ᠳᠤᠨᠢ ᠬᠤᠣᠷ ᠦᠭᠡᠢ ᠪᠣᠯᠭᠠᠨ ᠰᠢᠢᠳᠪᠦᠷᠢᠯᠡᠵᠦ᠂ ᠲᠦᠭᠦᠬᠡᠢ ᠴᠣᠬᠤᠢ ᠶᠢ ᠭᠦᠨ ᠨᠦᠬᠡᠨ ᠳᠤ ᠰᠠᠴᠤᠵᠤ ᠪᠤᠯᠠᠬᠤ ᠪᠤᠶᠤ ᠰᠢᠲᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠭᠠᠮᠰᠢᠭ ᠤᠨ ᠳᠠᠷᠠᠭᠠᠬᠢ ᠠᠮᠢᠲᠠᠨ ᠤ ᠬᠢᠵᠢᠭ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号