1. ᠳᠤᠯᠠᠭᠠᠨ ᠢ ᠨᠡᠮᠡᠭᠳᠡᠭᠦᠯᠬᠦ ᠮᠡᠷᠭᠡᠵᠢᠯ | ᠬᠦᠯᠡᠮᠵᠢ ᠶᠢᠨ ᠳᠤᠯᠠᠭᠠᠨ ᠢ ᠬᠠᠮᠠᠭᠠᠯᠠᠵᠤ ᠬᠦᠢᠲᠡᠨ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠠᠪᠤᠭᠰᠠᠨ | ᠰᠠᠭᠤᠷᠢᠨ ᠳᠡᠭᠡᠷ᠎ᠡ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠰᠠᠶᠢᠲᠤᠷ ᠠᠪᠬᠤ ᠬᠡᠷᠡᠭᠲᠡᠢ ᠃ ᠡᠩ ᠤᠨ | ᠦᠶ᠎ᠡ ᠳᠤ ᠲᠤᠬᠠᠢ ᠶᠢᠨ ᠭᠠᠵᠠᠷ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠠᠩᠬᠠᠷᠴᠤ᠂ ᠬᠦᠢᠲᠡᠨ | ᠤᠷᠤᠰᠬᠠᠯ᠂ ᠴᠠᠰᠤ ᠣᠷᠣᠬᠤ ᠵᠡᠷᠭᠡ ᠭᠠᠮᠰᠢᠭᠲᠤ ᠴᠠᠭ ᠠᠭᠤᠷ ᠢᠷᠡᠬᠦ ᠠᠴᠠ ᠡᠮᠦᠨ᠎ᠡ ᠳᠣᠣᠷᠠᠬᠢ ᠮᠡᠲᠦ ᠪᠠᠴᠢᠮ | ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠄ | ᠭᠡᠷ ᠳᠣᠲᠣᠷ᠎ᠠ ᠬᠤᠶᠠᠷ ᠳᠠᠪᠬᠤᠷ ᠬᠥᠰᠢᠭᠡ ᠨᠡᠮᠡᠵᠦ ᠂ ᠡᠮᠦᠨ᠎ᠡ ᠲᠠᠯ᠎ᠠ ᠳᠤᠨᠢ ᠬᠤᠷᠮᠣᠶᠢᠪᠴᠢ ᠶᠢᠨ ᠬᠥᠰᠢᠭᠡ | ᠨᠡᠮᠡᠨ᠎ᠡ ᠃ ᠰᠥᠨᠢ ᠳᠡᠭᠡᠨ ᠨᠡᠬᠡᠮᠡᠯ ᠦᠭᠡᠢ ᠪᠥᠰ᠂ ᠬᠠᠭᠤᠴᠢᠨ ᠰᠠᠷᠠᠪᠴᠢ ᠶᠢᠨ ᠪᠦᠷᠬᠦᠭᠦᠯ ᠵᠡᠷᠭᠡ ᠪᠠᠷ ᠢᠳᠡᠰᠢᠨ | ᠨᠣᠭᠤᠭ᠎ᠠ ᠶᠢ ᠬᠤᠴᠢᠵᠤ ᠪᠣᠯᠣᠨ᠎ᠠ᠃ ᠬᠦᠯᠡᠮᠵᠢ ᠶᠢᠨ ᠳᠣᠲᠣᠷᠠᠬᠢ ᠳᠤᠯᠠᠭᠠᠨ ᠤ ᠬᠡᠮᠵᠢᠶ᠎ᠡ ᠨᠢ ᠬᠡᠲᠦ ᠳᠣᠣᠷ᠎ᠠ ᠪᠣᠯᠪᠠᠯ᠂ | ᠲᠦᠷ ᠴᠠᠭ ᠳᠤᠯᠠᠭᠠᠨ ᠰᠠᠯᠬᠢᠨ ᠤ ᠵᠤᠤᠬ᠎ᠠ ᠪᠤᠶᠤ ᠵᠤᠤᠬ᠎ᠠ ᠶᠢᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠵᠦ | ᠪᠣᠯᠣᠨ᠎ᠠ᠃ ᠡᠳᠦᠷ ᠲᠡᠭᠡᠨ ᠳᠤᠯᠠᠭᠠᠨ ᠤ ᠬᠡᠮᠵᠢᠶ᠎ᠡ ᠶᠢ 30℃~35℃ ᠪᠣᠯᠲᠠᠯ᠎ᠠ ᠳᠡᠭᠡᠭᠰᠢᠯᠡᠭᠦᠯᠦᠨ᠎ᠡ ᠃ | 2. ᠭᠡᠷᠡᠯ ᠢ ᠨᠡᠮᠡᠭᠳᠡᠭᠦᠯᠬᠦ ᠮᠡᠷᠭᠡᠵᠢᠯ | ᠴᠠᠭ ᠲᠤᠬᠠᠢ ᠳᠤᠨᠢ ᠰᠠᠯᠠᠭ᠎ᠠ ᠨᠠᠮᠠᠭ᠎ᠠ ᠶᠢ ᠨᠢ ᠲᠡᠭᠰᠢᠯᠡᠨ ᠭᠡᠷᠡᠯ ᠨᠡᠪᠲᠡᠷᠡᠬᠦ ᠨᠤᠷᠮ᠎ᠠ ᠶᠢ ᠨᠢ ᠳᠡᠭᠡᠭᠰᠢᠯᠡᠭᠦᠯᠦᠨ᠎ᠡ ᠃ | ᠬᠦᠯᠡᠮᠵᠢ ᠶᠢᠨ ᠠᠷᠤ ᠶᠢᠨ ᠬᠡᠷᠡᠮ ᠳᠡᠭᠡᠷ᠎ᠡ ᠭᠡᠷᠡᠯ ᠣᠶᠢᠯᠭᠠᠬᠤ ᠬᠥᠰᠢᠭᠡ ᠡᠯᠭᠦᠵᠦ ᠭᠡᠷ ᠳᠣᠲᠣᠷᠠᠬᠢ ᠭᠡᠷᠡᠯ ᠤᠨ | ᠲᠤᠰᠤᠯᠲᠠ ᠶᠢ ᠨᠡᠮᠡᠭᠳᠡᠭᠦᠯᠦᠨ᠎ᠡ ︔ 11 ᠰᠠᠷ᠎ᠠ ᠶᠢᠨ ᠳᠤᠮᠳᠠᠴᠢ ᠠᠴᠠ ᠰᠡᠭᠦᠯᠡᠷ ᠂ ᠳᠤᠯᠠᠭᠠᠨ ᠢ ᠬᠠᠳᠠᠭᠠᠯᠠᠬᠤ | ᠬᠥᠨᠵᠢᠯᠡ ᠶᠢ ᠴᠠᠭ ᠲᠤᠬᠠᠢ ᠳᠤᠨᠢ ᠰᠡᠬᠦᠵᠦ ᠂ ᠠᠯᠢ ᠴᠢᠳᠠᠬᠤ ᠪᠠᠷ ᠭᠡᠷᠡᠯ ᠤᠨ ᠲᠤᠰᠤᠯᠲᠠ ᠶᠢᠨ ᠴᠠᠭ ᠢ | ᠤᠷᠲᠤᠳᠬᠠᠨ᠎ᠠ ᠃ ᠪᠦᠷᠬᠦᠭ ᠡᠳᠦᠷ᠂ ᠴᠠᠰᠤ ᠲᠠᠢ ᠡᠳᠦᠷ ᠲᠣᠬᠢᠶᠠᠯᠳᠤᠪᠠᠯ ᠪᠠᠰᠠ ᠴᠠᠭ ᠢ ᠠᠮᠵᠢᠨ ᠬᠡᠷᠡᠯ ᠢ | ᠨᠡᠮᠡᠭᠳᠡᠭᠦᠯᠵᠦ᠂ ᠬᠤᠷᠠᠭᠰᠠᠨ ᠴᠠᠰᠤ ᠪᠠᠨ ᠴᠠᠭ ᠲᠤᠬᠠᠢ ᠳᠤᠨᠢ ᠴᠡᠪᠡᠷᠯᠡᠬᠦ ᠬᠡᠷᠡᠭᠲᠡᠢ︔ ᠨᠠᠪᠴᠢᠨ ᠤ ᠭᠠᠳᠠᠷᠭᠤ ᠳᠤ | ᠪᠢᠴᠢᠯ ᠪᠣᠷᠳᠣᠭᠤᠷ ᠰᠦᠷᠴᠢᠨ ᠣᠷᠣᠭᠤᠯᠵᠤ ᠂ ᠭᠡᠷᠡᠯ ᠤᠨ ᠨᠡᠶᠢᠯᠡᠯᠭᠡ ᠶᠢᠨ ᠠᠰᠢᠭᠯᠠᠮᠵᠢ ᠶᠢ ᠳᠡᠭᠡᠭᠰᠢᠯᠡᠭᠦᠯᠦᠨ᠎ᠡ ᠃ |