ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠢᠳᠡᠭᠡᠨ ᠤᠮᠳᠠᠭᠠᠨ ᠤ | ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠬᠢᠵᠢᠭ ᠤᠨ ᠪᠠᠶᠢᠳᠠᠯ ᠤᠨ ᠳᠠᠭᠠᠷᠢᠯᠲᠠ ᠳᠤ | ᠤᠴᠠᠷᠠᠭᠰᠠᠨ ᠠᠴᠠ ᠯᠤᠲᠤ ᠶᠡᠭᠡ ᠬᠦᠴᠢᠷᠳᠡᠯ ᠳᠤ ᠲᠤᠯᠭᠠᠷᠠᠵᠠᠢ᠃ ᠢᠳᠡᠭᠡᠨ ᠤᠮᠳᠠᠭᠠᠨ ᠤ ᠠᠵᠢᠯ ᠲᠥᠷᠥᠯ ᠢ | ᠬᠠᠪᠰᠤᠷᠤᠨ ᠬᠦᠴᠢᠷᠳᠡᠯ ᠢ ᠨᠢ ᠢᠯᠠᠨ ᠳᠠᠪᠠᠭᠤᠯᠵᠤ᠂ ︽ᠬᠠᠬᠢᠷ ᠡᠪᠦᠯ︾ ᠢ ᠥᠩᠭᠡᠷᠡᠭᠦᠯᠤᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠬᠦ ᠶᠢᠨ ᠲᠤᠰᠠᠳᠠ᠂ ᠪᠤᠭᠤᠲᠤ ᠶᠢᠨ | ᠬᠤᠲᠠ ᠰᠢᠶᠠᠨ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠢᠳᠡᠭᠡᠨ ᠤᠮᠳᠠᠭᠠᠨ ᠤ | ᠦᠢᠯᠡᠴᠢᠯᠡᠭᠡᠨ ᠤ ᠠᠵᠢᠯ ᠲᠥᠷᠥᠯ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠰᠠᠭᠠᠳ ᠦᠭᠡᠢ ᠨᠡᠪᠲᠡᠷᠡᠬᠦ | ᠵᠠᠮ︾ ᠢ ᠨᠡᠭᠡᠭᠡᠵᠦ ᠥᠭᠴᠡᠢ᠃ ᠢᠳᠡᠭᠡᠨ ᠤᠮᠳᠠᠭᠠᠨ ᠤ ᠠᠵᠢᠯ ᠲᠥᠷᠥᠯ ᠢ ︽ᠨᠢᠭᠡ ᠤᠴᠢᠷ ᠶᠠᠪᠤᠳᠠᠯ ᠢ ᠨᠢᠭᠡ ᠯᠠ | ᠤᠳᠠᠭ᠎ᠠ ᠳᠤ ᠭᠦᠢᠴᠡᠳᠬᠡᠬᠦ︾ ᠵᠦᠢᠯᠡᠰ ᠤᠨ ᠨᠠᠷᠢᠨ ᠬᠠᠭᠤᠳᠠᠰᠤ ᠳᠤ ᠣᠷᠣᠭᠤᠯᠵᠤ᠂ ᠢᠳᠡᠭᠡᠨ ᠤᠮᠳᠠᠭᠠᠨ ᠤ ᠠᠵᠤ | ᠠᠬᠤᠶᠢᠯᠠᠯ ᠨᠢ ᠬᠤᠲᠠ ᠰᠢᠶᠠᠨ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠨᠢᠭᠡ | ᠤᠴᠢᠷ ᠶᠠᠪᠤᠳᠠᠯ ᠢ ᠨᠢᠭᠡ ᠯᠠ ᠤᠳᠠᠭ᠎ᠠ ᠳᠤ ᠭᠦᠢᠴᠡᠳᠬᠡᠬᠦ︾ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ | ᠴᠣᠩᠬᠤᠪᠴᠢ ᠳᠤ ᠠᠵᠤ ᠠᠬᠤᠶᠢᠯᠠᠯ ᠨᠡᠭᠡᠭᠡᠨ ᠡᠷᠭᠢᠯᠡᠬᠦ ︵ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠠᠵᠢᠯ ᠡᠷᠭᠢᠯᠡᠬᠦ ᠳᠠᠩᠰᠠᠯᠠᠯᠲᠠ ᠪᠠᠭᠲᠠᠨ᠎ᠠ︶᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ︵ᠵᠢᠵᠢᠭ | ᠬᠡᠯᠪᠡᠷᠢ ᠶᠢᠨ ᠢᠳᠡᠭᠡᠨ ᠤᠮᠳᠠᠭᠠᠨ ᠤ ᠦᠢᠯᠡᠰ ᠤᠨ ᠳᠠᠩᠰᠠᠯᠠᠯᠲᠠ︶ ᠪᠠ ᠵᠠᠷ ᠮᠡᠳᠡᠭᠡᠨ ᠤ ᠫᠠᠶᠢᠰᠠ ᠢᠯᠡᠷᠬᠡᠶᠢᠯᠡᠯ | ᠪᠠᠶᠢᠷᠢᠯᠠᠭᠤᠯᠬᠤ ᠬᠠᠮᠢᠶᠠᠷᠤᠯᠲᠠ ᠶᠢᠨ ᠳᠠᠩᠰᠠᠯᠠᠯᠲᠠ ᠵᠡᠷᠭᠡ ᠢᠳᠡᠭᠡᠨ ᠤᠮᠳᠠᠭᠠᠨ ᠤ ᠠᠵᠢᠯ ᠲᠥᠷᠥᠯ ᠤᠨ ︽ᠨᠢᠭᠡ | ᠤᠴᠢᠷ ᠶᠠᠪᠤᠳᠠᠯ ᠢ ᠨᠢᠭᠡ ᠯᠠ ᠤᠳᠠᠭ᠎ᠠ ᠳᠤ ᠭᠦᠢᠴᠡᠳᠬᠡᠬᠦ︾ ᠵᠦᠢᠯᠡᠰ ᠢ ᠭᠦᠢᠴᠡᠳᠬᠡᠵᠦ ᠪᠣᠯᠣᠨ᠎ᠠ᠃ ᠬᠤᠲᠠ | ᠰᠢᠶᠠᠨ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠢᠳᠡᠭᠡᠨ ᠤᠮᠳᠠᠭᠠᠨ ᠤ ᠠᠵᠢᠯ | ᠲᠥᠷᠥᠯ ᠤᠨ ︽ᠨᠢᠭᠡ ᠤᠴᠢᠷ ᠶᠠᠪᠤᠳᠠᠯ ᠢ ᠨᠢᠭᠡ ᠯᠠ ᠤᠳᠠᠭ᠎ᠠ ᠳᠤ ᠭᠦᠢᠴᠡᠳᠬᠡᠬᠦ︾ ᠠᠭᠤᠯᠭ᠎ᠠ᠂ ᠭᠤᠶᠤᠴᠢᠯᠠᠬᠤ | ᠮᠠᠲ᠋ᠧᠷᠢᠶᠠᠯ᠂ ᠭᠦᠢᠴᠡᠳᠬᠡᠬᠦ ᠴᠤᠪᠤᠷᠠᠯ᠂ ᠠᠮᠠᠯᠳᠠᠬᠤ ᠴᠠᠭ ᠤᠨ ᠬᠢᠵᠠᠭᠠᠷ ᠵᠡᠷᠭᠡ ᠠᠭᠤᠯᠭ᠎ᠠ ᠶᠢ ᠬᠤᠷᠢᠶᠠᠩᠭᠤᠶᠢᠯᠠᠨ | ︽ᠨᠢᠭᠡ ᠬᠦᠰᠦᠨᠦᠭᠲᠦ᠂ ᠨᠢᠭᠡ ᠢᠵᠢ ᠮᠠᠲ᠋ᠧᠷᠢᠶᠠᠯ︾ ᠪᠣᠯᠭᠠᠨ ᠨᠡᠶᠢᠯᠡᠭᠦᠯᠵᠦ᠂ ᠠᠵᠢᠯ ᠶᠠᠪᠤᠳᠠᠯ ᠭᠦᠢᠴᠡᠳᠬᠡᠬᠦ | ᠴᠤᠪᠤᠷᠠᠯ ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠵᠤ᠂ ᠬᠢᠨᠠᠨ ᠵᠥᠪᠰᠢᠶᠡᠷᠡᠬᠦ | ᠴᠠᠭ ᠤᠨ ᠬᠢᠵᠠᠭᠠᠷ ᠢ ᠪᠣᠭᠤᠨᠢᠰᠬᠠᠵᠠᠢ᠃ ᠴᠣᠩᠬᠤᠪᠴᠢ ᠶᠢᠨ ᠠᠵᠢᠯᠲᠠᠨ ᠭᠤᠶᠤᠴᠢᠯᠠᠨ ᠭᠦᠢᠴᠡᠳᠭᠡᠭᠴᠢ ᠶᠢᠨ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠬᠡᠷᠡᠭ ᠤᠨ ᠡᠮᠦᠨ᠎ᠡ ᠬᠠᠪᠰᠤᠷᠤᠨ ᠵᠢᠯᠤᠭᠤᠳᠬᠤ᠂ ᠬᠡᠷᠡᠭ ᠤᠨ ᠳᠤᠮᠳᠠ | ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠬᠤ ᠶᠢᠨ ᠬᠠᠮᠲᠤ᠂ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠦᠢᠯᠡᠴᠢᠯᠡᠭᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠵᠤ ᠪᠠᠶᠢᠨ᠎ᠠ᠃ | |