ᠬᠤᠨᠢ ᠢᠮᠠᠭᠠᠨ ᠳᠤ ᠶᠠᠮᠠᠷ ᠬᠡᠳᠦᠨ ᠵᠦᠢᠯ ᠤᠨ ᠪᠢᠴᠢᠯ ᠡᠯᠧᠮᠧᠨ᠋ᠲ ᠠᠮᠠᠷᠬᠠᠨ ᠲᠤᠳᠠᠭᠳᠠᠳᠠᠭ ᠪᠣᠢ
ᠨᠡᠶᠢᠲᠡᠯᠡᠭᠰᠡᠨ ᠴᠠᠭ᠄
2023/1/24
      1.ᠰᠧᠯᠧᠨ      ᠰᠧᠯᠧᠨ ᠳᠤᠲᠠᠭᠳᠠᠪᠠᠯ ᠡᠯᠢᠭᠡ ᠦᠬᠦᠵᠢᠬᠦ ᠂ ᠵᠢᠷᠦᠬᠡᠨ ᠪᠤᠯᠴᠢᠩ ᠤᠨ ᠴᠢᠨᠠᠷ ᠬᠤᠪᠢᠷᠠᠬᠤ ᠪᠠ ᠨᠣᠶᠢᠷ ᠤᠨ ᠡᠳ᠋ ᠬᠠᠲᠠᠩᠬᠢᠷᠠᠬᠤ ᠵᠡᠷᠭᠡ ᠶᠢ ᠡᠭᠦᠰᠬᠡᠵᠦ ᠂ ᠬᠤᠷᠠᠭ᠎ᠠ ᠢᠮᠠᠭ᠎ᠠ ᠶᠢ ᠰᠢᠮ᠎ᠡ ᠲᠡᠵᠢᠭᠡᠯ ᠤᠨ ᠴᠢᠨᠠᠷᠲᠠᠢ ᠪᠤᠯᠴᠢᠩ ᠬᠠᠲᠠᠩᠭᠢᠷᠠᠭᠤᠯᠵᠤ ᠂ ᠴᠠᠭᠠᠨ ᠪᠤᠯᠴᠢᠩ ᠤᠨ ᠡᠪᠡᠳᠴᠢᠨ ᠳᠤ ᠨᠡᠷᠪᠡᠭᠳᠡᠭᠦᠯᠦᠨ᠎ᠡ ᠂ ᠬᠤᠷᠠᠭ᠎ᠠ ᠢᠰᠢᠭᠡᠨ ᠳᠤ ᠬᠠᠮᠤᠭ ᠣᠯᠠᠨ ᠲᠣᠬᠢᠶᠠᠯᠳᠤᠳᠠᠭ ᠂ ᠪᠠᠰᠠ ᠬᠠᠮᠤᠭ ᠬᠦᠨᠳᠦ ᠬᠡᠴᠡᠭᠦᠦ ᠪᠠᠶᠢᠳᠠᠭ ᠶᠤᠮ ᠃ ᠨᠠᠰᠤ ᠭᠦᠢᠴᠡᠭᠰᠡᠨ ᠬᠤᠨᠢᠨ ᠤ ᠦᠷᠡᠵᠢᠯ ᠤᠨ ᠴᠢᠳᠠᠪᠤᠷᠢ ᠨᠢ ᠰᠠᠮᠠᠭᠤᠷᠠᠬᠤ ᠂ ᠦᠷᠡᠵᠢᠬᠦ ᠴᠢᠳᠠᠪᠤᠷᠢ ᠨᠢ ᠪᠠᠭᠤᠷᠠᠬᠤ ᠂ ᠪᠡᠶ᠎ᠡ ᠶᠢᠨ ᠬᠦᠨᠳᠦ ᠨᠢ ᠬᠦᠨᠳᠦ ᠨᠣᠴᠢᠲᠠᠢ ᠪᠠᠭᠤᠷᠠᠬᠤ ᠵᠡᠷᠭᠡ ᠪᠠᠷ ᠢᠯᠡᠷᠡᠨ᠎ᠡ ᠂ ᠡᠶᠢᠮᠦ ᠠᠴᠠ ᠰᠧᠯᠧᠨ  ᠨᠥᠬᠦᠪᠦᠷᠢᠯᠡᠬᠦ ᠶᠢ ᠠᠩᠬᠠᠷᠬᠤ ᠬᠡᠷᠡᠭᠲᠡᠢ ᠃      2.ᠺᠣᠪᠠᠯᠲ      ᠺᠣᠪᠠᠯᠲ ᠳᠤᠲᠠᠭᠳᠠᠪᠠᠯ ᠭᠦᠵᠡᠭᠡᠨ ᠤ ᠪᠠᠺᠲ᠋ᠧᠷᠢ ᠶᠢᠨ ᠢᠳᠡᠪᠬᠢ ᠴᠢᠨᠠᠷ ᠢ ᠪᠠᠭᠤᠷᠠᠭᠤᠯᠵᠤ᠂ B ᠲᠥᠷᠥᠯ ᠤᠨ ᠸᠢᠲ᠋ᠠᠮᠢᠨ ᠪᠣᠯᠣᠨ ᠸᠢᠲ᠋ᠠᠮᠢᠨ K ᠶᠢᠨ ᠮᠢᠺᠷᠣᠪ ᠤᠨ ᠨᠡᠶᠢᠯᠡᠯᠭᠡ ᠶᠢ ᠬᠤᠷᠢᠭᠯᠠᠨ᠂ ᠲᠡᠵᠢᠭᠡᠯ ᠪᠣᠷᠳᠣᠭᠠᠨ ᠳᠠᠬᠢ ᠸᠢᠲ᠋ᠠᠮᠢᠨ A᠂ ᠸᠢᠲ᠋ᠠᠮᠢᠨ D ᠪᠣᠯᠣᠨ ᠸᠢᠲ᠋ᠠᠮᠢᠨ E ᠵᠡᠷᠭᠡ ᠶᠢᠨ ᠰᠢᠩᠭᠡᠭᠡᠯᠲᠡ ᠶᠢ ᠪᠠᠭᠤᠷᠠᠭᠤᠯᠵᠤ᠂ ᠡᠮ᠎ᠡ ᠬᠤᠨᠢᠨ ᠤ ᠦᠷᠡᠵᠢᠯ ᠤᠨ ᠴᠢᠳᠠᠪᠤᠷᠢ ᠶᠢ ᠨᠥᠯᠥᠭᠡᠯᠡᠨ᠎ᠡ᠃ ᠬᠤᠨᠢᠨ ᠤ ᠬᠤᠨᠤᠭ ᠤᠨ ᠲᠡᠵᠢᠭᠡᠯ ᠳᠤ ᠺᠣᠪᠠᠯᠲ ᠤᠨ ᠢᠰᠦᠯ ᠪᠤᠶᠤ ᠺᠣᠪᠠᠯᠲ ᠤᠨ ᠳᠠᠪᠤᠰᠤ ᠶᠢ ᠨᠡᠮᠡᠨ᠎ᠡ ᠂ ᠡᠮ ᠤᠨ ᠬᠡᠮᠵᠢᠶ᠎ᠡ ᠨᠢ ᠡᠳᠦᠷ ᠪᠦᠷᠢ 0.1 ᠮᠢᠯᠢᠭᠷᠡᠮ ᠪᠠᠶᠢᠬᠤ ᠬᠡᠷᠡᠭᠲᠡᠢ᠃      3.ᠵᠡᠰ      ᠵᠡᠰ ᠪᠣᠯ ᠴᠢᠰᠤ ᠪᠦᠲᠦᠭᠡᠬᠦ ᠭᠤᠤᠯ ᠡᠯᠧᠮᠧᠨ᠋ᠲ ᠪᠣᠯᠤᠨ᠎ᠠ ᠃ ᠵᠡᠰ ᠳᠤᠲᠠᠭᠳᠠᠪᠠᠯ ᠲᠡᠮᠦᠷ ᠤᠨ ᠰᠢᠩᠭᠡᠭᠡᠯᠲᠡ ᠶᠢ ᠬᠠᠷᠰᠢᠯᠠᠬᠤ ᠪᠤᠶᠤ ᠴᠢᠰᠤ ᠳᠤᠲᠠᠵᠤ ᠂ ᠥᠰᠦᠯᠲᠡ ᠶᠢ ᠬᠠᠷᠰᠢᠯᠠᠬᠤ ᠂ ᠶᠠᠰᠤ ᠵᠡᠷᠡᠮᠳᠡᠭ ᠪᠣᠯᠬᠤ ᠪᠠ ᠦᠰᠦᠨ ᠤ ᠥᠩᠭᠡ ᠶᠢ ᠭᠦᠢᠬᠡᠨ ᠪᠣᠯᠭᠠᠬᠤ ᠪᠠᠷ ᠢᠯᠡᠷᠡᠨ᠎ᠡ ᠃ ᠮᠠᠨ ᠤ ᠤᠯᠤᠰ ᠤᠨ ᠬᠡᠰᠡᠭ ᠬᠤᠵᠢᠷᠰᠢᠭᠰᠠᠨ ᠬᠤᠯᠤᠰᠤᠨ ᠤ ᠨᠤᠭᠤ ᠭᠠᠵᠠᠷ ᠲᠤ ᠨᠡᠶᠢᠲᠡᠯᠢᠭ ᠴᠢᠨᠠᠷᠲᠠᠢ ᠬᠤᠷᠠᠭ᠎ᠠ ᠵᠡᠰ ᠳᠤᠲᠠᠬᠤ ᠭᠡᠮ ᠭᠠᠷᠴᠤ ᠂ ᠰᠠᠶ᠋ᠢ ᠲᠥᠷᠥᠭᠰᠡᠨ ᠬᠤᠷᠠᠭ᠎ᠠ ᠵᠡᠰ ᠳᠤᠲᠠᠭᠳᠠᠬᠤ ᠠᠴᠠ ᠪᠣᠯᠵᠤ ᠨᠤᠭᠤᠰᠤ ᠪᠠ ᠲᠠᠷᠢᠬᠢᠨ ᠤ ᠡᠪᠡᠳᠴᠢᠨ ᠤ ᠬᠤᠪᠢᠷᠠᠯᠲᠠ ᠂ ᠬᠥᠳᠡᠯᠭᠡᠭᠡᠨ ᠤ ᠲᠡᠩᠴᠡᠭᠦᠷᠢ ᠪᠠᠨ ᠠᠯᠳᠠᠭᠰᠠᠨ ᠠᠴᠠ ᠪᠣᠯᠵᠤ ᠰᠠᠵᠢᠯᠠᠬᠤ ᠡᠪᠡᠳᠴᠢᠨ ᠵᠡᠷᠭᠡ ᠶᠢ ᠡᠭᠦᠰᠬᠡᠳᠡᠭ ︔ ᠬᠤᠨᠢ ᠵᠡᠰ ᠳᠤᠲᠠᠭᠳᠠᠬᠤ ᠠᠴᠠ ᠪᠣᠯᠵᠤ ᠭᠦᠵᠡᠭᠡᠨ ᠤ ᠰᠢᠷᠬᠡᠭᠯᠢᠭ ᠢᠶᠠᠷ ᠪᠥᠭᠡᠮᠨᠡᠷᠡᠳᠡᠭ᠃ ᠵᠡᠰ ᠳᠤᠲᠠᠭᠳᠠᠪᠠᠯ ᠬᠦᠬᠦᠷ ᠬᠦᠴᠢᠯ ᠤᠨ ᠵᠡᠰ ᠢ ᠨᠥᠬᠦᠪᠦᠷᠢᠯᠡᠬᠦ ᠦᠢᠯᠡᠳᠦᠯ ᠨᠢ ᠬᠠᠮᠤᠭ ᠰᠠᠶᠢᠨ᠂ ᠬᠤᠨᠢᠨ ᠤ ᠡᠯᠢᠭᠡᠨ ᠤ ᠡᠰ ᠨᠢ ᠵᠡᠰ ᠲᠤ ᠮᠠᠰᠢ ᠶᠡᠭᠡ ᠨᠡᠶᠢᠯᠡᠬᠦ ᠬᠦᠴᠦᠨ ᠲᠠᠢ ᠂ ᠠᠮᠠᠷᠬᠠᠨ ᠬᠤᠷᠠᠮᠳᠤᠳᠠᠭ ᠲᠤᠯᠠ ᠵᠡᠰ ᠲᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ ᠃      4.ᠴᠠᠶᠢᠷ      ᠴᠠᠶᠢᠷ ᠪᠣᠯ ᠬᠤᠨᠢᠨ ᠤ ᠪᠡᠶ᠎ᠡ ᠳᠠᠬᠢ ᠮᠠᠰᠢ ᠣᠯᠠᠨ ᠢᠰᠬᠡᠭᠦᠷ ᠤᠨ ᠲᠥᠷᠥᠯ᠂ ᠤᠭᠤᠷᠠᠭ ᠪᠠ ᠪᠥᠭᠡᠮ ᠰᠢᠬᠢᠷ ᠵᠡᠷᠭᠡ ᠶᠢᠨ ᠪᠦᠷᠢᠯᠳᠦᠭᠦᠨ ᠪᠣᠯᠣᠨ᠎ᠠ᠃ ᠳᠤᠲᠠᠭᠳᠠᠬᠤ ᠦᠶ᠎ᠡ ᠶᠢᠨ ᠬᠠᠮᠤᠭ ᠢᠯᠡᠷᠬᠡᠢ ᠢᠯᠡᠷᠡᠯ ᠪᠣᠯ ᠦᠩᠭᠡᠨ ᠠᠷᠠᠰᠤᠨ ᠤ ᠡᠰ ᠵᠤᠵᠠᠭᠠᠷᠠᠬᠤ ᠂ ᠡᠪᠡᠷᠰᠢᠬᠦ ᠂ ᠢᠳᠡᠭᠡᠨ ᠤ ᠳᠤᠷᠠᠰᠢᠯ ᠮᠠᠭᠤᠳᠠᠬᠤ ᠂ ᠥᠰᠦᠯᠲᠡ ᠤᠳᠠᠭᠠᠰᠢᠷᠠᠬᠤ ᠪᠠ ᠦᠷᠡᠵᠢᠬᠦ ᠴᠢᠳᠠᠪᠤᠷᠢ ᠮᠠᠭᠤᠳᠠᠬᠤ ᠂ ᠬᠤᠨᠢᠨ ᠨᠣᠣᠰᠣ ᠠᠮᠠᠷᠬᠠᠨ ᠭᠤᠤᠵᠢᠨ ᠤᠨᠠᠬᠤ  ᠵᠡᠷᠭᠡ ᠃ ᠮᠠᠨ ᠤ ᠤᠯᠤᠰ ᠤᠨ ᠥᠪᠥᠷ ᠮᠣᠩᠭᠤᠯ ᠤᠨ ᠬᠡᠰᠡᠭ ᠭᠠᠵᠠᠷ ᠣᠷᠣᠨ ᠳᠤ ᠴᠠᠶᠢᠷ ᠳᠤᠲᠠᠭᠳᠠᠬᠤ   ᠠᠴᠠ ᠪᠣᠯᠵᠤ ᠬᠤᠨᠢᠨ ᠳᠤ  ᠤᠨᠴᠠᠭᠠᠢ ᠡᠪᠡᠳᠴᠢᠨ ᠡᠭᠦᠰᠴᠦ᠂ ᠬᠤᠴᠠ ᠶᠢᠨ ᠦᠷ᠎ᠡ ᠬᠠᠷᠪᠤᠬᠤ ᠬᠡᠮᠵᠢᠶ᠎ᠡ ᠨᠢ ᠪᠠᠭᠠᠰᠴᠤ᠂ ᠦᠷ᠎ᠡ ᠶᠢᠨ ᠰᠢᠩᠭᠡᠨ ᠤ ᠴᠢᠨᠠᠷ  ᠨᠢ ᠮᠠᠭᠤᠳᠠᠵᠠᠢ᠃ ᠠᠷᠠᠰᠤᠨ ᠳᠣᠣᠷ᠎ᠠ ᠤᠷᠲᠤ ᠬᠤᠭᠤᠴᠠᠭᠠᠨ ᠤ ᠦᠢᠯᠡᠳᠦᠯ ᠲᠠᠢ ᠴᠠᠶᠢᠷ ᠢ ᠲᠠᠷᠢᠬᠤ ᠪᠤᠶᠤ ᠨᠡᠶᠢᠯᠡᠮᠡᠯ ᠨᠡᠮᠡᠯᠲᠡ ᠡᠳ᠋ ᠪᠣᠯᠭᠠᠨ ᠢᠳᠡᠭᠦᠯᠬᠦ ᠵᠡᠷᠭᠡ ᠠᠷᠭ᠎ᠠ ᠪᠠᠷ ᠴᠠᠶᠢᠷ ᠢ ᠨᠥᠬᠦᠪᠦᠷᠢᠯᠡᠵᠦ ᠪᠣᠯᠣᠨ᠎ᠠ ᠃      5.ᠮᠠᠩᠭᠠᠨ      ᠬᠤᠨᠢ ᠮᠠᠩᠭᠠᠨ ᠲᠤᠳᠠᠬᠤ ᠦᠶ᠎ᠡ ᠳᠤ ᠡᠮ᠎ᠡ ᠬᠤᠨᠢᠨ ᠤ ᠣᠷᠤᠭ᠎ᠠ ᠨᠢ ᠮᠡᠳᠡᠭᠳᠡᠮ᠎ᠡ ᠪᠢᠰᠢ ᠮᠥᠷᠲᠡᠭᠡᠨ ᠠᠮᠠᠷᠬᠠᠨ ᠬᠡᠭᠡᠯᠢ ᠬᠠᠶᠠᠨ᠎ᠠ ︔ ᠬᠤᠴᠠ ᠦᠷ᠎ᠡ ᠶᠢᠨ ᠡᠭᠦᠰᠦᠯ ᠬᠡᠪ ᠤᠨ ᠪᠤᠰᠤ ᠪᠣᠯᠳᠠᠭ ᠃      6.ᠢᠣᠳ᠋      ᠢᠣᠳ᠋ ᠳᠤᠲᠠᠭᠳᠠᠪᠠᠯ ᠬᠤᠨᠢᠨ ᠤ ᠦᠨᠳᠦᠰᠦᠨ ᠰᠣᠯᠢᠯᠴᠠᠭ᠎ᠠ ᠶᠢ ᠪᠠᠭᠤᠷᠠᠭᠤᠯᠵᠤ᠂ ᠠᠷᠠᠰᠤ ᠨᠢ ᠬᠠᠭᠤᠷᠠᠶᠢᠰᠢᠵᠤ᠂ ᠦᠰᠦ ᠨᠢ ᠬᠡᠦᠷᠰᠢᠭᠡᠳ ᠤᠨᠠᠵᠤ᠂ ᠪᠡᠶ᠎ᠡ ᠶᠢᠨ ᠬᠦᠨᠳᠦ ᠨᠢ ᠪᠠᠭᠤᠷᠠᠵᠤ᠂ ᠬᠤᠴᠠᠨ ᠤ ᠦᠷ᠎ᠡ ᠶᠢᠨ ᠰᠢᠩᠭᠡᠨ ᠤ ᠴᠢᠨᠠᠷ ᠮᠠᠭᠤ ᠪᠣᠯᠬᠤ ᠵᠡᠷᠭᠡ ᠪᠣᠯᠣᠨ᠎ᠠ᠃ ᠢᠣᠳ᠋ ᠳᠤᠲᠠᠭᠳᠠᠬᠤ ᠦᠶ᠎ᠡ ᠳᠤ ᠢᠣᠳ᠋ᠲᠤ ᠺᠠᠯᠢ ᠂ ᠢᠣᠳ᠋ᠲᠤ ᠺᠠᠯᠼ ᠪᠤᠶᠤ ᠢᠣᠳ᠋ᠲᠤ ᠢᠳᠡᠰᠢᠨ ᠳᠠᠪᠤᠰᠤ ᠪᠠᠷ ᠨᠥᠬᠦᠵᠦ ᠲᠡᠵᠢᠭᠡᠨ᠎ᠡ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号