2022 ᠣᠨ ᠤ ᠪᠠᠶᠠᠨᠨᠠᠭᠤᠷ ᠬᠤᠲᠠ ᠶᠢᠨ ᠲᠡᠵᠢᠭᠡᠯ ᠪᠣᠷᠳᠣᠭᠠᠨ ᠤ ᠦᠢᠯᠡᠳᠪᠦᠷᠢᠯᠡᠯ ᠤᠨ ᠪᠠᠶᠢᠳᠠᠯ
ᠨᠡᠶᠢᠲᠡᠯᠡᠭᠰᠡᠨ ᠴᠠᠭ᠄
2023/1/31
      2022 ᠣᠨ ᠳᠤ᠂ ᠪᠥᠬᠦ ᠬᠤᠲᠠ ᠳᠤ ᠦᠨᠡᠮᠯᠡᠯ ᠲᠠᠢ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠨᠡᠶᠢᠲᠡ 57 ︵ᠳ᠋ᠧᠩᠺᠸᠤ ᠰᠢᠶᠠᠨ 2᠂ ᠬᠠᠩᠭᠢᠨ ᠬᠤᠶᠢᠲᠤ ᠬᠤᠰᠢᠭᠤ 4᠂ ᠯᠢᠨᠾᠧ ᠲᠣᠭᠤᠷᠢᠭ 31᠂ ᠦᠶᠤᠸᠠᠨ ᠰᠢᠶᠠᠨ 11᠂ ᠤᠷᠠᠳ ᠤᠨ ᠡᠮᠦᠨᠡᠲᠦ ᠬᠤᠰᠢᠭᠤ 7᠂ ᠤᠷᠠᠳ ᠤᠨ ᠳᠤᠮᠳᠠᠳᠤ ᠬᠤᠰᠢᠭᠤ 2︶ ᠪᠠᠶᠢᠵᠤ᠂ 7 ᠶᠡᠭᠡ ᠰᠢᠷᠢᠰ 110 ᠭᠠᠷᠤᠢ ᠦᠢᠯᠡᠳᠬᠦᠨ ᠢ ᠦᠢᠯᠡᠳᠪᠦᠷᠢᠯᠡᠭᠰᠡᠨ ᠪᠠᠶᠢᠨ᠎ᠠ᠃      2022 ᠣᠨ ᠳᠤ᠂ ᠪᠥᠬᠦ ᠬᠤᠲᠠ ᠶᠢᠨ ᠲᠡᠵᠢᠭᠡᠯ ᠪᠣᠷᠳᠣᠭᠠᠨ ᠤ ᠶᠡᠷᠦᠩᠬᠡᠢ ᠭᠠᠷᠤᠯᠲᠠ  ᠨᠢ 111.78 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.17% ᠪᠠᠷ ᠨᠡᠮᠡᠭᠳᠡᠪᠡ︔ ᠲᠡᠵᠢᠭᠡᠯ ᠪᠣᠷᠳᠣᠭᠠᠨ ᠤ ᠦᠢᠯᠡᠳᠬᠦᠨ ᠤ ᠶᠡᠷᠦᠩᠬᠡᠢ ᠥᠷᠲᠡᠭ  ᠨᠢ 38.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.7% ᠪᠠᠷ ᠨᠡᠮᠡᠭᠳᠡᠪᠡ ︔ ᠡᠵᠡᠩᠨᠡᠯᠲᠡ ᠶᠢᠨ ᠣᠷᠣᠯᠭ᠎ᠠ  ᠨᠢ 39.69 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.26% ᠪᠠᠷ ᠨᠡᠮᠡᠭᠳᠡᠪᠡ᠃ ᠡᠭᠦᠨ ᠳᠤ ᠨᠠᠷᠢᠯᠢᠭ ᠪᠣᠷᠳᠣᠭᠠᠨ ᠤ ᠨᠥᠬᠦᠪᠦᠷᠢ ᠪᠣᠷᠳᠤᠭ᠎ᠠ᠂ ᠠᠭᠰᠢᠭᠠᠮᠠᠯ ᠪᠣᠷᠳᠤᠭ᠎ᠠ ᠵᠡᠷᠭᠡ 104.73 ᠲᠦᠮᠡᠨ ᠲᠣᠨ᠂ ᠨᠡᠮᠡᠯᠲᠡ ᠡᠳ᠋ ᠪᠠ ᠬᠤᠯᠢᠮᠠᠭ ᠪᠣᠷᠳᠣᠭᠠᠨ ᠤ ᠨᠡᠮᠡᠯᠲᠡ ᠡᠳ᠋ 1.02 ᠲᠦᠮᠡᠨ ᠲᠣᠨ᠂ ᠲᠠᠩ ᠭᠠᠭᠴᠠ ᠪᠣᠷᠳᠣᠭᠠᠨ ᠤ ᠨᠡᠮᠡᠯᠲᠡ ᠡᠳ᠋ 6.02 ᠲᠦᠮᠡᠨ ᠲᠣᠨ ᠪᠠᠶᠢᠨ᠎ᠠ᠃      ᠪᠠᠶᠠᠨᠨᠠᠭᠤᠷ ᠬᠤᠳᠠ ᠶᠢᠨ ᠲᠡᠵᠢᠭᠡᠯ ᠪᠣᠷᠳᠣᠭᠠᠨ ᠤ ᠭᠠᠷᠤᠯᠲᠠ ᠲᠣᠭᠲᠠᠭᠤᠨ ᠢᠶᠠᠷ ᠳᠡᠭᠡᠭᠰᠢᠯᠡᠵᠦ ᠂ ᠹᠦᠴᠤᠸᠠᠨ ᠺᠧ ᠡᠾᠧ ᠵᠡᠷᠭᠡ ᠨᠢᠭᠡ ᠪᠦᠯᠦᠭ ᠨᠤᠲᠤᠭ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠵᠤ ᠂ ᠤᠷᠢᠳ ᠬᠤᠵᠢᠳ ᠪᠦᠬᠦ ᠤᠯᠤᠰ ᠤᠨ ᠬᠤᠶᠠᠳᠤᠭᠠᠷ ᠶᠡᠭᠡ ︵ ᠭᠤᠸᠠᠩᠳᠦ᠋ᠩ ᠤᠨ ᠬᠠᠢ ᠳ᠋ᠠ ︶ ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠶᠡᠭᠡ ︵ ᠪᠧᠢ ᠴᠧᠨ ︶ ᠪᠣᠯᠣᠨ ᠳ᠋ᠠ ᠪᠧᠢ ᠨᠦᠩ ᠵᠡᠷᠭᠡ ᠲᠣᠮᠣ ᠬᠡᠯᠪᠡᠷᠢ ᠶᠢᠨ ᠲᠡᠵᠢᠭᠡᠯ ᠪᠣᠷᠳᠤᠭ᠎ᠠ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠂ ᠲᠡᠵᠢᠭᠡᠯ ᠪᠣᠷᠳᠣᠭᠠᠨ ᠤ ᠠᠵᠤ ᠦᠢᠯᠡᠰ ᠤᠨ ᠪᠦᠯᠦᠭᠯᠡᠯ ᠨᠢᠭᠡᠨᠲᠡ ᠠᠩᠬ᠎ᠠ ᠠᠯᠬᠤᠮ ᠬᠡᠪᠴᠢᠶᠡᠵᠢᠪᠡ ᠃      ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠨᠢ ᠲᠡᠵᠢᠭᠡᠯ ᠪᠣᠷᠳᠣᠭᠠᠨ ᠤ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠤᠨ ᠰᠢᠰᠲ᠋ᠧᠮ ᠤᠨ ᠠᠵᠢᠯ ᠤᠨ ᠲᠠᠯ᠎ᠠ ᠪᠠᠷ ᠲᠡᠵᠢᠭᠡᠯ ᠪᠣᠷᠳᠣᠭᠠᠨ ᠤ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠣᠭᠲᠠᠭᠠᠯ ᠢ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠮᠠᠲ᠋ᠧᠷᠢᠶᠠᠯ ᠨᠢ ᠨᠠᠷᠢᠨ ᠪᠣᠳᠠᠲᠠᠢ᠂ ᠲᠤᠭ᠎ᠠ ᠪᠠᠷᠢᠮᠲᠠ ᠨᠢ ᠣᠨᠣᠪᠴᠢᠲᠠᠶ ᠪᠠᠶᠢᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠠᠯ ᠠᠵᠤ ᠠᠬᠤᠢ ᠮᠠᠯ ᠡᠮᠨᠡᠯᠭᠡ ᠶᠢᠨ ᠲᠣᠪᠴᠢᠶ᠎ᠠ ᠶᠢᠨ ᠬᠥᠬᠢᠭᠦᠯᠦᠯ ᠢ ᠭᠥᠷᠳᠡᠪᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号