2022 ᠣᠨ ᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠭᠰᠠᠨ ᠦᠷ᠎ᠡ ᠳ᠋ᠦᠩ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2023/1/31
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠲᠣᠪᠴᠢᠶ᠎ᠠ᠂ ᠬᠤᠯᠪᠣᠭᠳᠠᠯ ᠪᠦᠬᠦᠢ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ᠄      ᠲᠠᠷᠢᠶᠠᠯᠠᠩ ᠮᠠᠯ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠱᠠᠭᠠᠷᠳᠠᠯᠭ᠎ᠠ ᠳᠤ ᠵᠣᠬᠢᠴᠠᠭᠤᠯᠵᠤ ᠂ ᠮᠠᠨ ᠤ ᠣᠷᠣᠨ ᠤ ᠦᠨᠳᠦᠰᠦᠨ ᠱᠠᠲᠤᠨ ᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠦᠯᠦᠭᠡ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠠᠵᠢᠯ ᠤᠨ ᠬᠡᠷᠡᠭᠵᠢᠭᠦᠯᠬᠦ ᠲᠥᠰᠥᠯ︾ ︵ᠥᠪᠥᠷ ᠲᠠᠷᠢᠶᠠᠯᠠᠩ ᠮᠠᠯ ᠶᠠᠰᠤ ᠴᠢᠨᠠᠷ ᠲᠠᠷᠬᠠᠭᠠᠭᠰᠠᠨ ﹇2022﹈ 514 ᠳ᠋ᠤᠭᠡᠷ ᠲᠣᠭᠠᠲᠤ︶ ᠤᠨ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠪᠠ ᠬᠦᠨᠳᠦ ᠲᠡᠮᠦᠷᠯᠢᠭ ᠤᠨ ᠪᠣᠬᠢᠷᠳᠤᠯ ᠪᠣᠳᠠᠰ᠂ ᠮᠠᠯ ᠵᠢᠭᠦᠷᠲᠡᠨ ᠤ ᠠᠰᠢᠭ ᠰᠢᠮ᠎ᠡ ᠶᠢᠨ ᠳᠣᠲᠣᠷᠠᠬᠢ ᠮᠠᠯ ᠤᠨ ᠡᠮ ᠪᠠ ᠴᠠᠭᠠᠵᠠ ᠶᠢ ᠵᠦᠷᠢᠴᠡᠭᠰᠡᠨ ᠨᠡᠮᠡᠯᠲᠡ ᠡᠳ᠋ ᠤᠨ ᠦᠯᠡᠳᠡᠭᠳᠡᠯ᠂ ᠤᠰᠤᠨ ᠭᠠᠷᠤᠯᠲᠠ ᠶᠢᠨ ᠳᠣᠲᠣᠷᠠᠬᠢ ᠡᠮ ᠤᠨ ᠦᠯᠡᠳᠡᠭᠳᠡᠯ ᠵᠡᠷᠭᠡ ᠳᠥᠷᠪᠡᠨ ᠲᠥᠷᠥᠯ ᠵᠦᠢᠯ ᠤᠨ ᠲᠥᠷᠥᠯ ᠢᠯᠭᠠᠯ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠣᠳᠣᠬᠠᠨ ᠳᠤ᠂ ᠪᠥᠬᠦ ᠴᠢᠳᠠᠪᠤᠷᠢ ᠶᠢ ᠰᠢᠯᠭᠠᠨ ᠪᠠᠲᠤᠯᠠᠵᠤ ᠰᠢᠯᠭᠠᠨ ᠬᠢᠨᠠᠬᠤ ᠪᠠ ᠦᠷ᠎ᠡ ᠳ᠋ᠦᠩ ᠢ ᠵᠠᠳᠠᠯᠬᠤ ᠠᠵᠢᠯ ᠢ ᠨᠢᠭᠡᠨᠲᠡ ᠪᠡᠶᠡᠯᠡᠭᠦᠯᠪᠡ᠂ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠵᠠᠷᠯᠠᠪᠠ ᠃      ᠨᠢᠭᠡ᠂ ᠣᠷᠣᠯᠴᠠᠭᠰᠠᠨ ᠪᠠᠶᠢᠳᠠᠯ      ᠪᠥᠬᠦ ᠣᠷᠣᠨ ᠤ ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠤᠯᠴᠠᠬᠤ ᠶᠣᠰᠣᠲᠠᠢ ᠪᠠᠶᠢᠴᠠᠭᠠᠨ ᠬᠡᠮᠵᠢᠬᠦ ᠪᠠᠶᠢᠭᠤᠯᠤᠮᠵᠢ 67 ᠪᠠᠶᠢᠵᠤ᠂ ᠪᠣᠳᠠᠲᠠᠢ ᠣᠷᠣᠯᠴᠠᠭᠰᠠᠨ ᠪᠠᠶᠢᠭᠤᠯᠤᠮᠵᠢ 56 ᠪᠤᠢ ᠂ 83.58% ᠶᠢ ᠡᠵᠡᠯᠡᠵᠦ᠂ ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠣᠯᠴᠠᠭᠰᠠᠨ ᠦᠭᠡᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠨᠡᠷᠡᠰ ᠢ ᠳᠠᠭᠠᠯᠳᠤᠭᠤᠯᠤᠯ 1 ᠳᠤ ᠦᠵᠡᠭᠡᠷᠡᠢ᠃ ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠣᠯᠴᠠᠭᠰᠠᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ 1᠂ ᠠᠶᠢᠮᠠᠭ ᠬᠤᠲᠠ ᠶᠢᠨ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ 10᠂ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ 33᠂ ᠭᠤᠷᠪᠠᠳᠠᠭᠢ ᠡᠲᠡᠭᠡᠳ ︵ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠰᠲ᠋ᠧᠮ ᠤᠨ ᠭᠠᠳᠠᠨᠠᠬᠢ ᠶᠢ ᠪᠠᠭᠲᠠᠭᠠᠨ᠎ᠠ ︶ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ 12 ᠪᠣᠶ᠃ ᠡᠭᠦᠨ ᠳᠤ 51 ᠪᠠᠶᠢᠴᠠᠭᠠᠨ ᠬᠡᠮᠵᠢᠬᠦ ᠪᠠᠶᠢᠭᠤᠯᠤᠮᠵᠢ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠵᠤ᠂ 20 ᠪᠠᠶᠢᠴᠠᠭᠠᠨ ᠬᠡᠮᠵᠢᠬᠦ ᠪᠠᠶᠢᠭᠤᠯᠤᠮᠵᠢ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠬᠦᠨᠳᠦ ᠲᠡᠮᠦᠷᠯᠢᠭ ᠤᠨ ᠪᠣᠬᠢᠷᠳᠤᠯ ᠪᠣᠳᠠᠰ ᠢ ᠪᠠᠶᠢᠴᠠᠭᠠᠨ ᠬᠡᠮᠵᠢᠬᠦ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠵᠤ ᠂ 27 ᠪᠠᠶᠢᠴᠠᠭᠠᠨ ᠬᠡᠮᠵᠢᠬᠦ ᠪᠠᠶᠢᠭᠤᠯᠤᠮᠵᠢ ᠮᠠᠯ ᠵᠢᠭᠦᠷᠲᠡᠨ ᠤ ᠪᠦᠲᠦᠭᠡᠭᠳᠡᠬᠦᠨ ᠤ ᠳᠣᠲᠣᠷᠠᠬᠢ ᠮᠠᠯ ᠤᠨ ᠡᠮ ᠪᠠ ᠴᠠᠭᠠᠵᠠ ᠶᠢ ᠵᠥᠷᠢᠴᠡᠭᠰᠡᠨ ᠨᠡᠮᠡᠯᠲᠡ ᠡᠳ᠋ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠵᠤ ᠂ 16 ᠪᠠᠶᠢᠴᠠᠭᠠᠨ ᠬᠡᠮᠵᠢᠬᠦ ᠪᠠᠶᠢᠭᠤᠯᠤᠮᠵᠢ ᠤᠰᠤᠨ ᠭᠠᠷᠤᠯᠲᠠ ᠶᠢᠨ ᠳᠣᠲᠣᠷᠠᠬᠢ ᠡᠮ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠪᠠ ᠃ ᠴᠢᠳᠠᠪᠤᠷᠢ ᠶᠢ ᠰᠢᠯᠭᠠᠨ ᠪᠠᠲᠤᠯᠠᠭᠰᠠᠨ ᠦᠷ᠎ᠡ ᠳ᠋ᠦᠩ ᠢ ᠳᠠᠭᠠᠯᠳᠤᠭᠤᠯᠤᠯ 2 ᠲᠤ ᠨᠠᠷᠢᠪᠴᠢᠯᠠᠨ ᠦᠵᠡᠭᠡᠷᠡᠢ᠃      ᠬᠤᠶᠠᠷ᠂ ᠰᠢᠯᠭᠠᠨ ᠬᠢᠨᠠᠭᠰᠠᠨ ᠠᠷᠭ᠎ᠠ ᠪᠠ ᠦᠷ᠎ᠡ ᠳ᠋ᠦᠩ      ︵ ᠨᠢᠭᠡ ︶ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠴᠢᠳᠠᠪᠤᠷᠢ ᠶᠢ ᠰᠢᠯᠭᠠᠨ ᠪᠠᠲᠤᠯᠠᠬᠤ᠃ ᠰᠢᠯᠭᠠᠨ ᠬᠢᠨᠠᠬᠤ ᠲᠥᠷᠥᠯ ᠵᠦᠢᠯ ᠳᠤ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠤᠷᠰᠢᠯ ᠤᠨ ᠬᠢᠨᠠᠨ ᠬᠡᠮᠵᠢᠯᠲᠡ ︵ᠲᠦᠭᠰᠢᠭᠦᠷᠢ ᠶᠢ ᠬᠢᠨᠠᠨ ᠬᠡᠮᠵᠢᠬᠦ︶ ᠶᠢᠨ ᠪᠥᠬᠦ ᠲᠥᠷᠥᠯ ᠵᠦᠢᠯ ᠵᠢᠴᠢ ᠣᠳᠣᠬᠠᠨ ᠤ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠭᠤᠣᠯ ᠠᠩᠬᠠᠷᠤᠯ ᠤᠨ ᠴᠡᠭ ᠢ ᠬᠠᠮᠤᠷᠴᠠᠢ᠃ ᠰᠠᠭᠤᠷᠢ ᠡᠳ᠋ ᠨᠢ ᠰᠢᠯᠢᠮᠳᠡᠭ ᠪᠣᠯᠣᠨ᠎ᠠ᠂ ᠰᠢᠯᠭᠠᠨ ᠬᠢᠨᠠᠬᠤ ᠳᠤ ᠬᠤᠭᠤᠰᠤᠨ ᠰᠠᠭᠤᠷᠢ ᠡᠳ᠋ ᠲᠤ ᠬᠠᠷᠠᠯᠲᠠ ᠨᠡᠮᠡᠬᠦ ᠠᠷᠭ᠎ᠠ ᠪᠠᠷ ᠬᠢᠵᠦ᠂ ᠥᠯᠢᠭᠡᠷ ᠡᠳ᠋ ᠤᠨ ᠲᠣᠭᠲᠠᠪᠤᠷᠢᠲᠤ ᠴᠢᠨᠠᠷ ᠨᠢ ᠱᠠᠭᠠᠷᠳᠠᠯᠭ᠎ᠠ ᠳᠤ ᠨᠡᠶᠢᠴᠡᠨ᠎ᠡ᠃ 51 ᠪᠠᠶᠢᠴᠠᠭᠠᠨ ᠬᠡᠮᠵᠢᠬᠦ ᠪᠠᠶᠢᠭᠤᠯᠤᠮᠵᠢ ᠴᠢᠳᠠᠪᠤᠷᠢ ᠶᠢ ᠰᠢᠯᠭᠠᠨ ᠪᠠᠲᠤᠯᠠᠬᠤ ᠰᠢᠯᠭᠠᠨ ᠬᠢᠨᠠᠯᠲᠠ ᠳᠤ ᠣᠷᠣᠯᠴᠠᠵᠤ ᠂ 28 ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠬᠢᠨᠠᠯᠲᠠ ᠳᠤ ᠬᠢᠷᠢ ᠲᠡᠩᠴᠡᠵᠦ ᠂ ᠶᠡᠷᠦᠩᠬᠡᠢ ᠬᠢᠷᠢ ᠲᠡᠩᠴᠡᠭᠰᠡᠨ ᠨᠤᠷᠮ᠎ᠠ ᠨᠢ 54.9% ᠳᠤ ᠬᠦᠷᠴᠡᠢ ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 100%᠂ ᠠᠶᠢᠮᠠᠭ ᠬᠤᠲᠠ ᠶᠢᠨ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 90%᠂ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 46.67%᠂ ᠭᠤᠷᠪᠠᠳᠠᠭᠢ ᠡᠲᠡᠭᠡᠳ ︵ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠰᠲ᠋ᠧᠮ ᠤᠨ ᠭᠠᠳᠠᠨᠠᠬᠢ ᠶᠢ ᠪᠠᠭᠲᠠᠭᠠᠨ᠎ᠠ ︶ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 40% ᠪᠣᠯᠣᠨ᠎ᠠ᠃      ︵ ᠬᠤᠶᠠᠷ ︶ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠬᠦᠨᠳᠦ ᠲᠡᠮᠦᠷᠯᠢᠭ ᠢ ᠪᠠᠶᠢᠴᠠᠭᠠᠨ ᠬᠡᠮᠵᠢᠬᠦ ᠴᠢᠳᠠᠪᠤᠷᠢ ᠶᠢ ᠰᠢᠯᠭᠠᠨ ᠪᠠᠲᠤᠯᠠᠬᠤ᠃ ᠰᠢᠯᠭᠠᠨ ᠬᠢᠨᠠᠬᠤ ᠲᠥᠷᠥᠯ ᠵᠦᠢᠯ ᠨᠢ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠢᠳᠡᠭᠡᠨ ᠳᠠᠬᠢ ᠪᠣᠬᠢᠷᠳᠤᠯ ᠪᠣᠳᠠᠰ ᠤᠨ ᠬᠢᠵᠠᠭᠠᠷ ᠬᠡᠮᠵᠢᠶ᠎ᠡ︾︵GB 2762 ︱ 2017︶ ᠳᠤ ᠲᠣᠭᠲᠠᠭᠠᠭᠰᠠᠨ ᠬᠢᠵᠠᠭᠠᠷ ᠬᠡᠮᠵᠢᠶ᠎ᠡ ᠶᠢᠨ ᠡᠯᠧᠮᠧᠨ᠋ᠲ ᠤᠨ ᠬᠠᠷ᠎ᠠ ᠲᠤᠭᠤᠯᠭ᠎ᠠ᠂ ᠺᠠᠳ᠋ᠮᠢ ᠪᠠ ᠶᠡᠷᠦᠩᠬᠡᠢ ᠠᠷᠰᠧᠨ ᠵᠡᠷᠭᠡ 3 ᠫᠠᠷᠠᠮᠧᠲᠷ ᠪᠣᠯᠣᠨ᠎ᠠ᠃ ᠰᠠᠭᠤᠷᠢ ᠡᠳ᠋ ᠨᠢ ᠠᠮᠤ ᠪᠤᠳᠠᠭ᠎ᠠ ᠪᠣᠯᠣᠨ᠎ᠠ᠃ 20 ᠪᠠᠶᠢᠴᠠᠭᠠᠨ ᠬᠡᠮᠵᠢᠬᠦ ᠪᠠᠶᠢᠭᠤᠯᠤᠮᠵᠢ ᠴᠢᠳᠠᠪᠤᠷᠢ ᠶᠢ ᠰᠢᠯᠭᠠᠨ ᠪᠠᠲᠤᠯᠠᠬᠤ ᠰᠢᠯᠭᠠᠨ ᠬᠢᠨᠠᠯᠲᠠ ᠳᠤ ᠣᠷᠣᠯᠴᠠᠵᠤ᠂ 11 ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠵᠦ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 55% ᠪᠠᠶᠢᠪᠠ᠃ ᠡᠭᠦᠨ ᠳᠤ᠂ ᠠᠶᠢᠮᠠᠭ ᠬᠤᠲᠠ ᠶᠢᠨ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 80%᠂ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 75%᠂ ᠭᠤᠷᠪᠠᠳᠤᠭᠠᠷ ᠡᠲᠡᠭᠡᠳ ︵ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠰᠲ᠋ᠧᠮ  ᠤᠨ ᠭᠠᠳᠠᠨᠠᠬᠢ ᠶᠢ ᠪᠠᠭᠲᠠᠭᠠᠨ᠎ᠠ ︶ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 36.36% ᠪᠣᠯᠣᠨ᠎ᠠ᠃      ︵ ᠭᠤᠷᠪᠠ ︶ ᠮᠠᠯ ᠵᠢᠭᠦᠷᠲᠡᠨ ᠤ ᠠᠰᠢᠭ ᠰᠢᠮ᠎ᠡ ᠶᠢᠨ ᠳᠣᠲᠣᠷᠠᠬᠢ ᠮᠠᠯ ᠤᠨ ᠡᠮ ᠪᠠ ᠴᠠᠭᠠᠵᠠ ᠶᠢ ᠵᠥᠷᠢᠴᠡᠭᠰᠡᠨ ᠨᠡᠮᠡᠯᠲᠡ ᠡᠳ᠋ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠴᠢᠳᠠᠪᠤᠷᠢ ᠶᠢ ᠰᠢᠯᠭᠠᠨ ᠪᠠᠲᠤᠯᠠᠬᠤ᠃ ᠰᠢᠯᠭᠠᠨ ᠬᠢᠨᠠᠬᠤ ᠲᠥᠷᠥᠯ ᠵᠦᠢᠯ ᠨᠢ ᠭᠠᠭ᠋ᠠᠢ ᠶᠢᠨ ᠮᠢᠬᠠᠨ ᠳᠠᠬᠢ ᠬᠦᠬᠦᠷᠯᠢᠭ ᠠᠮᠢᠨ ᠤ ᠬᠤᠭᠤᠷᠣᠨᠳᠣᠬᠢ ᠮᠧᠲ᠋ᠢᠯ ᠬᠦᠴᠢᠯᠲᠥ᠋ᠷᠥᠭᠴᠢᠲᠦ ᠫᠢᠷᠢᠮᠢᠳᠢᠨ᠂ ᠬᠦᠬᠦᠷᠯᠢᠭ ᠠᠮᠢᠨ ᠤ ᠬᠤᠶᠠᠷ ᠮᠧᠲ᠋ᠢᠯᠲᠦ ᠫᠢᠷᠢᠮᠢᠳᠢᠨ᠂ ᠬᠦᠬᠦᠷᠯᠢᠭ ᠠᠮᠢᠨ ᠤ ᠬᠤᠭᠤᠷᠣᠨᠳᠣᠬᠢ ᠬᠤᠶᠠᠷ ᠮᠧᠲ᠋ᠢᠯᠲᠦ ᠬᠦᠴᠢᠯᠲᠥ᠋ᠷᠥᠭᠴᠢᠲᠦ ᠫᠢᠷᠢᠮᠢᠳᠢᠨ᠂ ᠬᠦᠬᠦᠷᠯᠢᠭ ᠠᠮᠢᠨ ᠤ ᠺᠤᠶᠢᠨᠣᠯᠢᠨ᠂ ᠬᠦᠬᠦᠷᠯᠢᠭ ᠠᠮᠢᠨ ᠤ ᠮᠧᠲ᠋ᠢᠯ ᠫᠢᠷᠢᠮᠢᠳᠢᠨ ᠵᠡᠷᠭᠡ ᠪᠣᠯᠣᠨ᠎ᠠ᠃ ᠰᠢᠯᠭᠠᠨ ᠬᠢᠨᠠᠯᠲᠠ ᠳᠤ ᠬᠤᠭᠤᠰᠤᠨ ᠰᠠᠭᠤᠷᠢ ᠡᠳ᠋ ᠲᠤ ᠬᠠᠷᠠᠯᠲᠠ ᠨᠡᠮᠡᠬᠦ ᠠᠷᠭ᠎ᠠ ᠪᠠᠷ ᠬᠢᠵᠦ᠂ ᠥᠯᠢᠭᠡᠷ ᠡᠳ᠋ ᠤᠨ ᠲᠣᠭᠲᠠᠪᠤᠷᠢᠲᠤ ᠴᠢᠨᠠᠷ ᠨᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ 27 ᠪᠠᠶᠢᠴᠠᠭᠠᠨ ᠬᠡᠮᠵᠢᠬᠦ ᠪᠠᠶᠢᠭᠤᠯᠤᠮᠵᠢ ᠴᠢᠳᠠᠪᠤᠷᠢ ᠶᠢ ᠰᠢᠯᠭᠠᠨ ᠪᠠᠲᠤᠯᠠᠬᠤ ᠰᠢᠯᠭᠠᠨ ᠬᠢᠨᠠᠯᠲᠠ ᠳᠤ ᠣᠷᠣᠯᠴᠠᠵᠤ᠂ 20 ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠬᠢᠨᠠᠯᠲᠠ ᠳᠤ ᠬᠢᠷᠢ ᠲᠡᠩᠴᠡᠵᠦ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 74.1% ᠪᠠᠶᠢᠪᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠱᠠᠲᠤ᠂ ᠠᠶᠢᠮᠠᠭ ᠬᠤᠲᠠ ᠶᠢᠨ ᠱᠠᠲᠤ ᠪᠠ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ ᠴᠥᠮ 100% ᠪᠠᠶᠢᠵᠤ᠂ ᠭᠤᠷᠪᠠᠳᠤᠭᠠᠷ ᠡᠲᠡᠭᠡᠳ ︵ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠰᠲ᠋ᠧᠮ ᠤᠨ ᠭᠠᠳᠠᠨᠠᠬᠢ ᠶᠢ ᠪᠠᠭᠲᠠᠭᠠᠨ᠎ᠠ ︶ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 30% ᠪᠣᠯᠣᠨ᠎ᠠ᠃      ︵ᠳᠥᠷᠪᠡ︶ ᠤᠰᠤᠨ ᠭᠠᠷᠤᠯᠲᠠ ᠶᠢᠨ ᠳᠣᠲᠣᠷᠠᠬᠢ ᠡᠮ ᠤᠨ ᠵᠦᠢᠯ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠴᠢᠳᠠᠪᠤᠷᠢ ᠶᠢ ᠰᠢᠯᠭᠠᠨ ᠪᠠᠲᠤᠯᠠᠬᠤ᠃ ᠰᠢᠯᠭᠠᠨ ᠬᠢᠨᠠᠬᠤ ᠲᠥᠷᠥᠯ ᠵᠦᠢᠯ ᠨᠢ ᠮᠥᠷᠭᠦ ᠵᠢᠭᠠᠰᠤᠨ ᠤ ᠳᠣᠲᠣᠷᠠᠬᠢ ᠲᠣᠭᠤᠰ ᠴᠢᠯᠠᠭᠤᠨ ᠤ ᠨᠣᠭᠤᠭᠠᠨ ᠥᠩᠭᠡ ᠪᠣᠯᠣᠨ᠎ᠠ᠃ ᠰᠢᠯᠭᠠᠨ ᠬᠢᠨᠠᠯᠲᠠ ᠳᠤ ᠬᠤᠭᠤᠰᠤᠨ ᠰᠠᠭᠤᠷᠢ ᠡᠳ᠋ ᠲᠤ ᠬᠠᠷᠠᠯᠲᠠ ᠨᠡᠮᠡᠬᠦ ᠠᠷᠭ᠎ᠠ ᠪᠠᠷ ᠬᠢᠵᠦ᠂ ᠥᠯᠢᠭᠡᠷ ᠡᠳ᠋ ᠤᠨ ᠲᠣᠭᠲᠠᠪᠤᠷᠢᠲᠤ ᠴᠢᠨᠠᠷ ᠨᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠶᠢ ᠪᠠᠳᠤᠯᠠᠪᠠ ᠃ 16 ᠪᠠᠶᠢᠴᠠᠭᠠᠨ ᠬᠡᠮᠵᠢᠬᠦ ᠪᠠᠶᠢᠭᠤᠯᠤᠮᠵᠢ ᠴᠢᠳᠠᠪᠤᠷᠢ ᠶᠢ ᠰᠢᠯᠭᠠᠨ ᠪᠠᠲᠤᠯᠠᠬᠤ ᠰᠢᠯᠭᠠᠨ ᠬᠢᠨᠠᠯᠲᠠ ᠳᠤ ᠣᠷᠣᠯᠴᠠᠵᠤ᠂ 14 ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠬᠢᠨᠠᠯᠲᠠ ᠳᠤ ᠬᠢᠷᠢ ᠲᠡᠩᠴᠡᠵᠦ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 87.5% ᠳᠤ ᠬᠦᠷᠴᠡᠢ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠱᠠᠲᠤ᠂ ᠠᠶᠢᠮᠠᠭ ᠬᠤᠲᠠ ᠶᠢᠨ ᠱᠠᠲᠤ ᠪᠠ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ ᠴᠥᠮ 100% ᠪᠠᠶᠢᠵᠤ᠂ ᠭᠤᠷᠪᠠᠳᠠᠭᠢ ᠡᠲᠡᠭᠡᠳ ︵ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠰᠲ᠋ᠧᠮ ᠤᠨ ᠭᠠᠳᠠᠨᠠᠬᠢ ᠶᠢ ᠪᠠᠭᠲᠠᠭᠠᠨ᠎ᠠ ︶ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠲᠡᠩᠴᠡᠭᠰᠡᠨ ᠨᠣᠷᠮ᠎ᠠ ᠨᠢ 71.43% ᠪᠣᠯᠣᠨ᠎ᠠ᠃      ᠭᠤᠷᠪᠠ᠂ ᠦᠷ᠎ᠡ ᠳ᠋ᠦᠩ ᠤᠨ ᠵᠠᠳᠠᠯᠤᠯᠲᠠ      ᠬᠤᠰᠢᠭᠤ ᠰᠢᠶᠠᠨ ᠪᠣᠯᠣᠨ ᠭᠤᠷᠪᠠᠳᠠᠭᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠪᠠᠶᠢᠴᠠᠭᠠᠨ ᠬᠡᠮᠵᠢᠬᠦ ᠮᠡᠷᠭᠡᠵᠢᠯ ᠤᠨ ᠬᠢᠷᠢ ᠬᠡᠮᠵᠢᠶ᠎ᠡ ᠪᠠᠷ ᠳᠣᠣᠷ᠎ᠠ ᠃ ᠳᠥᠷᠪᠡᠨ ᠵᠦᠢᠯ ᠤᠨ ᠰᠢᠯᠭᠠᠨ ᠬᠢᠨᠠᠬᠤ ᠠᠭᠤᠯᠭ᠎ᠠ ᠳᠤ᠂ ᠬᠤᠰᠢᠭᠤ ᠰᠢᠶᠠᠨ ᠤ ᠰᠢᠯᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠳᠤᠮᠳᠠᠴᠢ ᠨᠣᠷᠮ᠎ᠠ ᠨᠢ ᠵᠥᠪᠬᠡᠨ 58.54% ᠪᠠᠶᠢᠵᠤ᠂ ᠭᠤᠷᠪᠠᠳᠠᠭᠢ ᠡᠲᠡᠭᠡᠳ ᠤᠨ ᠰᠢᠯᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠳᠤᠮᠳᠠᠴᠢ ᠨᠣᠷᠮ᠎ᠠ ᠨᠢ ᠵᠥᠪᠬᠡᠨ 42.11% ᠳᠤ ᠬᠦᠷᠴᠡᠢ᠃ ᠰᠢᠯᠲᠠᠭᠠᠨ ᠤ ᠵᠠᠳᠠᠯᠤᠯᠲᠠ᠄ ᠨᠢᠭᠡ ᠳᠤ ᠬᠤᠰᠢᠭᠤ ᠰᠢᠶᠠᠨ ᠤ ᠱᠠᠲᠤᠨ ᠤ ᠪᠠ ᠭᠤᠷᠪᠠᠳᠠᠭᠢ ᠡᠲᠡᠭᠡᠳ ᠤᠨ ᠬᠡᠰᠡᠭ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠠᠵᠢᠯᠲᠠᠨ ᠲᠣᠭᠲᠠᠭᠤᠨ ᠪᠤᠰᠤ ᠪᠠᠶᠢᠵᠤ᠂ ᠪᠠᠶᠢᠴᠠᠭᠠᠨ ᠬᠡᠮᠵᠢᠬᠦ ᠮᠡᠷᠭᠡᠵᠢᠯ ᠤᠨ ᠠᠵᠢᠯᠲᠠᠨ ᠤ ᠠᠯᠳᠠᠭᠳᠠᠯ ᠬᠦᠨᠳᠦ ᠨᠣᠴᠢᠲᠠᠢ ᠪᠠᠶᠢᠨ᠎ᠠ᠃ ᠬᠤᠶᠠᠷ ᠲᠤ ᠰᠢᠯᠭᠠᠨ ᠬᠡᠮᠵᠢᠬᠦ ᠠᠵᠢᠯᠲᠠᠨ ᠰᠢᠯᠭᠠᠨ ᠬᠡᠮᠵᠢᠬᠦ ᠠᠷᠭ᠎ᠠ ᠶᠢ ᠰᠠᠶᠢᠲᠤᠷ ᠡᠵᠡᠮᠳᠡᠵᠦ ᠳᠡᠶᠢᠯᠬᠦ ᠦᠭᠡᠢ ᠪᠠᠶᠢᠵᠤ᠂ ᠵᠡᠷᠭᠡᠴᠡᠭᠡ ᠲᠤᠷᠰᠢᠯᠲᠠ ᠶᠢᠨ ᠲᠤᠭ᠎ᠠ ᠪᠠᠷᠢᠮᠲᠠ ᠶᠢᠨ ᠵᠥᠷᠢᠶ᠎ᠡ ᠨᠡᠯᠢᠶᠡᠳ ᠶᠡᠭᠡ ᠪᠠᠶᠢᠨ᠎ᠠ︔ ᠡᠭᠦᠨ ᠤ ᠬᠠᠮᠲᠤ ᠪᠠᠰᠠ ᠪᠠᠶᠢᠴᠠᠭᠠᠨ ᠬᠡᠮᠵᠢᠬᠦ ᠵᠦᠢᠯᠡᠰ ᠤᠨ ᠰᠢᠨᠵᠢ ᠴᠢᠨᠠᠷ ᠢ ᠪᠤᠷᠤᠭᠤ ᠲᠣᠭᠲᠠᠭᠠᠭᠰᠠᠨ ᠠᠰᠠᠭᠤᠳᠠᠯ ᠣᠷᠣᠰᠢᠵᠤ ᠪᠠᠶᠢᠨ᠎ᠠ ᠃ ᠭᠤᠷᠪᠠ ᠳᠤ ᠪᠠᠶᠢᠴᠠᠭᠠᠨ ᠬᠡᠮᠵᠢᠬᠦ ᠶᠠᠪᠤᠴᠠ ᠨᠢ ᠵᠢᠷᠤᠮᠵᠢᠯ ᠦᠭᠡᠢ᠂ ᠰᠠᠭᠤᠷᠢ ᠡᠳ᠋ ᠤᠨ ᠪᠠᠷᠢᠮᠵᠢᠶᠠᠲᠤ ᠠᠭᠤᠰᠤᠮᠠᠯ ᠤᠨ ᠬᠡᠮᠵᠢᠶ᠎ᠡ ᠶᠢ ᠬᠡᠷᠡᠭᠯᠡᠬᠦ ᠦᠭᠡᠢ᠂ ᠮᠤᠷᠤᠢ ᠱᠤᠭᠤᠮ ᠤᠨ ᠴᠢᠨᠠᠷ ᠴᠢᠨᠰᠠᠭ᠎ᠠ ᠨᠢ ᠬᠢᠷᠢ ᠲᠡᠩᠴᠡᠭᠦ ᠦᠭᠡᠢ᠂ ᠮᠤᠷᠤᠢ ᠱᠤᠭᠤᠮ ᠤᠨ ᠥᠳᠬᠡᠴᠡ ᠶᠢᠨ ᠬᠢᠷᠢ ᠬᠡᠮᠵᠢᠶ᠎ᠡ ᠶᠢᠨ ᠬᠤᠪᠢᠶᠠᠷᠢᠯᠠᠯᠲᠠ ᠨᠢ ᠵᠣᠬᠢᠰ ᠦᠭᠡᠢ ᠠᠴᠠ ᠪᠣᠯᠵᠤ᠂ ᠬᠡᠮᠵᠢᠶ᠎ᠡ ᠶᠢ ᠲᠣᠭᠲᠠᠭᠠᠭᠰᠠᠨ ᠦᠷ᠎ᠡ ᠳ᠋ᠦᠩ ᠢ ᠣᠨᠣᠪᠴᠢ ᠦᠭᠡᠢ ᠪᠣᠯᠭᠠᠭᠰᠠᠨ ᠪᠠᠶᠢᠨ᠎ᠠ ᠃ ᠳᠥᠷᠪᠡ ᠳᠤ ᠪᠠᠶᠢᠴᠠᠭᠠᠨ ᠬᠡᠮᠵᠢᠬᠦ ᠬᠡᠮᠵᠢᠭᠦᠷᠯᠢᠭ ᠲᠥᠬᠦᠭᠡᠷᠦᠮᠵᠢ ᠶᠢᠨ ᠰᠣᠷᠭᠤᠭ ᠤᠨ ᠬᠡᠮᠵᠢᠶ᠎ᠡ ᠨᠢ ᠳᠣᠣᠷ᠎ᠠ᠂ ᠲᠣᠭᠲᠠᠪᠤᠷᠢᠲᠤ ᠴᠢᠨᠠᠷ ᠢᠶᠠᠷ ᠠᠨᠠᠢ᠂ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠭᠠᠷᠭᠠᠵᠤ ᠥᠭᠬᠦ ᠨᠢ ᠨᠠᠶᠢᠳᠠᠪᠤᠷᠢ ᠦᠭᠡᠢ᠃      ᠳᠥᠷᠪᠡ᠂ ᠣᠷᠣᠰᠢᠵᠤ ᠪᠠᠶᠢᠭ᠎ᠠ ᠠᠰᠠᠭᠤᠳᠠᠯ      ᠬᠡᠰᠡᠭ ᠪᠠᠶᠢᠴᠠᠭᠠᠨ ᠬᠡᠮᠵᠢᠬᠦ ᠪᠠᠶᠢᠭᠤᠯᠤᠮᠵᠢ ᠨᠤᠭᠤᠳ ᠴᠢᠳᠠᠪᠤᠷᠢ ᠶᠢ ᠰᠢᠯᠭᠠᠨ ᠪᠠᠲᠤᠯᠠᠬᠤ ᠠᠵᠢᠯ ᠢ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ ᠡᠭᠦᠨ ᠳᠤ ᠳᠣᠣᠷᠠᠬᠢ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ ᠄ ᠨᠢᠭᠡ ᠳᠤ ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠤᠯᠴᠠᠬᠤ ᠶᠣᠰᠣᠲᠠᠢ ᠪᠠᠶᠢᠭᠤᠯᠤᠮᠵᠢ ᠣᠷᠣᠯᠴᠠᠭᠰᠠᠨ ᠦᠭᠡᠢ ᠃ ︽ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠬᠢᠨᠠᠬᠤ ᠠᠷᠭ᠎ᠠ ︾ ᠶᠢᠨ ᠱᠠᠭᠠᠷᠳᠠᠯᠭ᠎ᠠ ᠶᠣᠰᠣᠭᠠᠷ ᠂ ︽ ᠬᠤᠣᠰ ᠭᠡᠷᠡᠴᠢᠯᠡᠯ ︾ ᠢ ᠪᠠᠲᠤᠯᠠᠭᠰᠠᠨ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠰᠢᠯᠭᠠᠨ ᠬᠢᠨᠠᠬᠤ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ ᠂ ᠲᠡᠭᠦᠨ ᠤ ᠵᠣᠬᠢᠶᠠᠨ ᠪᠠᠶᠢᠭᠤᠯᠵᠤ ᠥᠷᠨᠢᠭᠦᠯᠦᠭᠰᠡᠨ ᠴᠢᠳᠠᠪᠤᠷᠢ ᠶᠢᠨ ᠰᠢᠯᠭᠠᠨ ᠪᠠᠲᠤᠯᠠᠯᠲᠠ ᠪᠤᠶᠤ ᠬᠠᠷᠢᠴᠠᠭᠤᠯᠤᠯ ᠳᠤ ᠣᠷᠣᠯᠴᠠᠵᠤ ᠂ ᠪᠠᠶᠢᠭᠤᠯᠤᠮᠵᠢ ᠶᠢᠨ ᠰᠢᠯᠭᠠᠨ ᠬᠢᠨᠠᠬᠤ ᠨᠥᠬᠦᠴᠡᠯ ᠪᠠ ᠱᠠᠭᠠᠷᠳᠠᠯᠭ᠎ᠠ ᠳᠤ ᠦᠷᠭᠦᠯᠵᠢᠯᠡᠨ ᠨᠡᠶᠢᠴᠡᠬᠦ ᠶᠢ ᠪᠠᠳᠤᠯᠠᠭᠰᠠᠨ ᠪᠠᠶᠢᠬᠤ ᠬᠡᠷᠡᠭᠲᠡᠢ ᠃ ᠭᠡᠪᠡᠴᠦ 10 ᠪᠠᠶᠢᠭᠤᠯᠤᠮᠵᠢ ᠨᠢ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠭᠰᠠᠨ ᠦᠭᠡᠢ ᠪᠠᠶᠢᠵᠤ᠂ 14.9% ᠶᠢ ᠡᠵᠡᠯᠡᠵᠡᠢ᠃ ᠬᠤᠶᠠᠷ ᠲᠤ ᠦᠷ᠎ᠡ ᠳ᠋ᠦᠩ ᠢ ᠮᠡᠳᠡᠭᠦᠯᠦᠨ ᠬᠦᠷᠭᠡᠭᠰᠡᠨ ᠨᠢ ᠵᠢᠷᠤᠮᠵᠢᠯ ᠦᠭᠡᠢ᠃ ᠴᠢᠳᠠᠪᠤᠷᠢ ᠶᠢ ᠰᠢᠯᠭᠠᠨ ᠪᠠᠲᠤᠯᠠᠭᠰᠠᠨ ᠦᠷ᠎ᠡ ᠳ᠋ᠦᠩ ᠳᠠᠬᠢ ᠮᠡᠳᠡᠭᠦᠯᠬᠦ ᠬᠦᠰᠦᠨᠦᠭᠲᠦ ᠪᠠ ᠠᠩᠬᠠᠨ ᠤ ᠲᠡᠮᠳᠡᠭᠯᠡᠯ ᠢ ᠲᠠᠭᠯᠠᠨ ᠪᠢᠴᠢᠭᠰᠡᠨ ᠥᠰᠥᠭ ᠤᠨ ᠲᠢᠭ ᠨᠢ ᠡᠷᠦᠢ ᠬᠤᠷᠤᠢ ᠦᠭᠡᠢ ᠲᠣᠳᠣᠷᠬᠠᠢ ᠦᠭᠡᠢ᠂ ︽ᠭᠤᠷᠪᠠᠨ ᠳᠡᠰ︾ ᠤᠨ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠭᠰᠠᠨ ᠨᠢ ᠵᠢᠷᠤᠮᠵᠢᠯ ᠦᠭᠡᠢ᠃ ᠨᠢᠭᠡᠴᠢ ᠶᠢᠨ ᠠᠯᠪᠠᠨ ᠲᠠᠮᠠᠭ᠎ᠠ ᠪᠤᠶᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠤᠰᠬᠠᠢ ᠲᠠᠮᠠᠭ᠎ᠠ ᠶᠢ ᠳᠠᠷᠤᠭᠰᠠᠨ ᠦᠭᠡᠢ᠃ ᠭᠤᠷᠪᠠ ᠳᠤ ᠪᠡᠯᠡᠳᠬᠡᠯ ᠭᠦᠢᠴᠡᠳ ᠦᠭᠡᠢ ᠃ ᠣᠨᠴᠠ ᠵᠠᠷᠢᠮ ᠪᠠᠶᠢᠴᠠᠭᠠᠨ ᠬᠡᠮᠵᠢᠬᠦ ᠪᠠᠶᠢᠭᠤᠯᠤᠮᠵᠢ ᠨᠢ ᠴᠢᠳᠠᠪᠤᠷᠢ ᠶᠢ ᠰᠢᠯᠭᠠᠨ ᠪᠠᠲᠤᠯᠠᠬᠤ ᠮᠡᠳᠡᠭᠳᠡᠯ ᠢ ᠣᠯᠣᠭᠰᠠᠨ ᠤ ᠳᠠᠷᠠᠭ᠎ᠠ ᠭᠦᠢᠴᠡᠳ ᠪᠡᠯᠡᠳᠬᠡᠯ ᠬᠢᠭᠰᠡᠨ ᠦᠭᠡᠢ ᠠᠴᠠ ᠪᠣᠯᠵᠤ᠂ ᠰᠢᠯᠭᠠᠨ ᠬᠢᠨᠠᠬᠤ ᠶᠠᠪᠤᠴᠠ ᠳᠤ ᠬᠡᠮᠵᠢᠭᠦᠷᠯᠢᠭ ᠲᠤ ᠰᠠᠭᠠᠳ ᠠᠰᠠᠭᠤᠳᠠᠯ ᠭᠠᠷᠤᠭᠰᠠᠨ ᠪᠠᠶᠢᠨ᠎ᠠ᠃      ᠲᠠᠪᠤ᠂ ᠲᠠᠷᠠᠭᠠᠴᠢ ᠶᠢᠨ ᠠᠯᠬᠤᠮ ᠤᠨ ᠠᠵᠢᠯ      ︵ᠨᠢᠭᠡ︶ ᠢᠳᠡᠪᠬᠢᠲᠡᠢ ᠪᠠᠷ ᠴᠡᠭᠴᠡᠯᠡᠨ ᠰᠠᠶᠢᠵᠢᠷᠠᠭᠤᠯᠤᠨ᠎ᠠ᠃ 2022 ᠣᠨ ᠤ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠭᠰᠠᠨ ᠦᠭᠡᠢ ᠪᠠᠶᠢᠭᠤᠯᠤᠮᠵᠢ ᠨᠢ ᠰᠢᠯᠲᠠᠭᠠᠨ ᠤ ᠲᠣᠳᠣᠷᠬᠠᠶᠢᠯᠠᠯᠲᠠ ᠪᠠᠨ ᠲᠤᠰᠢᠶᠠᠬᠤ ᠴᠢᠬᠤᠯᠠᠲᠠᠢ᠂ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠦᠭᠡᠢ ᠪᠠᠶᠢᠭᠤᠯᠤᠮᠵᠢ ᠨᠢ ᠴᠡᠭᠴᠡᠯᠡᠨ ᠰᠠᠶᠢᠵᠢᠷᠠᠭᠤᠯᠬᠤ ᠲᠣᠳᠣᠷᠬᠠᠶᠢᠯᠠᠯᠲᠠ ᠪᠠᠨ ᠲᠤᠰᠢᠶᠠᠬᠤ ᠴᠢᠬᠤᠯᠠᠲᠠᠢ ︵ᠰᠢᠯᠲᠠᠭᠠᠨ ᠢ ᠵᠠᠳᠠᠯᠬᠤ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠭᠲᠠᠨ᠎ᠠ︶᠂ ᠳᠡᠭᠡᠷᠡᠬᠢ ᠬᠤᠶᠠᠷ ᠲᠣᠳᠣᠷᠬᠠᠶᠢᠯᠠᠯᠲᠠ ᠶᠢ ᠡᠷᠬᠡᠪᠰᠢ 2 ᠰᠠᠷ᠎ᠠ ᠶᠢᠨ 18 ᠤ ᠡᠳᠦᠷ ᠠᠴᠠ ᠡᠮᠦᠨ᠎ᠡ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠭᠤ ᠲᠤᠰᠬᠠᠬᠤ ᠬᠡᠷᠡᠭᠲᠡᠢ ︵ᠵᠢᠩᠬᠢᠨᠢ ᠪᠢᠴᠢᠭ ᠮᠠᠲ᠋ᠧᠷᠢᠶᠠᠯ ᠤᠨ ᠰᠢᠷᠪᠢᠯᠲᠡ ᠶᠢᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠴᠢᠬᠤᠯᠠᠲᠠᠢ︶᠃      ︵ᠬᠤᠶᠠᠷ︶ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠤᠴᠢᠷ ᠰᠢᠯᠲᠠᠭᠠᠨ ᠤ ᠲᠣᠳᠣᠷᠬᠠᠶᠢᠯᠠᠯᠲᠠ ᠶᠢ ᠦᠨᠳᠦᠰᠦᠯᠡᠨ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ 2022 ᠣᠨ ᠤ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠭᠰᠠᠨ ᠦᠭᠡᠢ 10 ᠪᠠᠶᠢᠭᠤᠯᠤᠮᠵᠢ ᠳᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠨ᠎ᠡ︔ ᠴᠡᠭᠴᠡᠯᠡᠨ ᠰᠠᠶᠢᠵᠢᠷᠠᠭᠤᠯᠬᠤ ᠲᠣᠳᠣᠷᠬᠠᠶᠢᠯᠠᠯᠲᠠ ᠶᠢ ᠦᠨᠳᠦᠰᠦᠯᠡᠨ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ 10 ᠪᠠᠶᠢᠭᠤᠯᠤᠮᠵᠢ ᠶᠢ ᠲᠣᠬᠢᠶᠠᠯᠳᠤᠯ ᠢᠶᠠᠷ ᠰᠣᠩᠭᠤᠨ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠥᠷᠨᠢᠭᠦᠯᠦᠨ᠎ᠡ᠃ ᠪᠠᠶᠢᠭᠤᠯᠤᠮᠵᠢ ᠶᠢᠨ ᠰᠢᠯᠭᠠᠨ ᠬᠢᠨᠠᠬᠤ ᠨᠥᠬᠦᠴᠡᠯ ᠪᠠ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯᠤᠭᠰᠠᠨ ᠪᠠᠶᠢᠭᠤᠯᠤᠮᠵᠢ ᠶᠢ ︽ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠬᠢᠨᠠᠬᠤ ᠠᠷᠭ᠎ᠠ ︾ ᠶᠢᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠬᠤ ᠬᠡᠷᠡᠭᠲᠡᠢ ᠃ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠲᠡᠭᠦᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ︽ᠰᠢᠯᠭᠠᠨ ᠬᠢᠨᠠᠯᠲᠠ ᠶᠢᠨ ᠬᠢᠷᠢ ᠲᠡᠩᠴᠡᠭᠰᠡᠨ ᠦᠨᠡᠮᠯᠡᠯ︾ ᠢ ᠬᠦᠴᠦᠨ ᠦᠭᠡᠢ ᠪᠣᠯᠭᠠᠨ᠎ᠠ᠃      ︵ᠭᠤᠷᠪᠠ︶ 2023 ᠣᠨ ᠤ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ 2023 ᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠠᠵᠢᠯ ᠨᠢ ᠪᠠᠶᠢᠭᠤᠯᠵᠤ ᠳᠠᠭᠤᠰᠬᠠᠭᠰᠠᠨ ᠰᠢᠰᠲ᠋ᠧᠮ ᠤᠨ ᠳᠣᠲᠣᠷᠠᠬᠢ ᠪᠦᠬᠦ ᠪᠠᠶᠢᠴᠠᠭᠠᠨ ᠬᠡᠮᠵᠢᠬᠦ ᠪᠠᠶᠢᠭᠤᠯᠤᠮᠵᠢ ᠪᠠ ︽ ᠬᠤᠣᠰ ᠭᠡᠷᠡᠴᠢᠯᠡᠯ ︾ ᠢ ᠥᠩᠭᠡᠷᠡᠭᠡᠭᠰᠡᠨ ᠰᠢᠰᠲ᠋ᠧᠮ ᠤᠨ ᠭᠠᠳᠠᠨᠠᠬᠢ ᠵᠢᠴᠢ ᠭᠤᠷᠪᠠᠳᠠᠭᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢ ᠬᠠᠮᠤᠷᠤᠨ᠎ᠠ ᠃ 2022 ᠣᠨ ᠪᠠ 2023 ᠣᠨ ᠳᠤ ᠬᠤᠶᠠᠷ ᠵᠢᠯ ᠳᠠᠷᠠᠭᠠᠯᠠᠨ ᠰᠢᠯᠲᠠᠭᠠᠨ ᠦᠭᠡᠢ ᠪᠠᠷ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠣᠷᠣᠯᠴᠠᠭᠰᠠᠨ ᠦᠭᠡᠢ ᠪᠠ ᠬᠤᠶᠠᠷ ᠵᠢᠯ ᠤᠨ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠬᠢᠷᠢ ᠲᠡᠩᠴᠡᠭᠰᠡᠨ ᠦᠭᠡᠢ ᠦᠨᠡᠮᠯᠡᠯ ᠣᠯᠣᠭᠰᠠᠨ ᠪᠠᠶᠢᠭᠤᠯᠤᠮᠵᠢ ᠶᠢ ︽ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠰᠢᠯᠭᠠᠨ ᠬᠢᠨᠠᠬᠤ ᠠᠷᠭ᠎ᠠ ︾ ᠶᠢ ᠦᠨᠳᠦᠰᠦᠯᠡᠨ ᠵᠣᠬᠢᠴᠠᠩᠭᠤᠢ ᠪᠠᠷ ᠰᠢᠢᠳᠪᠦᠷᠢᠯᠡᠨ᠎ᠡ ᠃     ︵ᠳᠥᠷᠪᠡ︶ ᠮᠡᠷᠭᠡᠵᠢᠯ ᠤᠨ ᠵᠢᠯᠣᠭᠤᠳᠤᠯᠭ᠎ᠠ ᠦᠢᠯᠡᠴᠢᠯᠡᠭᠡ ᠪᠠ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠳᠣᠲᠣᠷᠠᠬᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠢᠯᠣᠭᠤᠳᠤᠯᠭ᠎ᠠ᠂ ᠦᠢᠯᠡᠴᠢᠯᠡᠭᠡ ᠪᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠢ ᠮᠡᠷᠭᠡᠵᠢᠯᠲᠡᠨ ᠤ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠤᠨ ᠬᠤᠰᠢᠭᠤ ᠰᠢᠶᠠᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠵᠢᠯᠣᠭᠤᠳᠤᠯᠭ᠎ᠠ ᠦᠢᠯᠡᠴᠢᠯᠡᠭᠡ ᠥᠷᠨᠢᠭᠦᠯᠵᠦ᠂ ᠪᠠᠭ᠎ᠠ ᠠᠩᠭᠢ ᠳᠤ ᠡᠭᠡᠯᠵᠢᠯᠡᠨ ᠪᠣᠯᠪᠠᠰᠤᠷᠠᠭᠤᠯᠬᠤ ᠠᠷᠭ᠎ᠠ ᠪᠠᠷ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠪᠦᠬᠦᠨ ᠢ ᠬᠠᠮᠤᠷᠤᠭᠰᠠᠨ ᠥᠯᠢᠭᠡᠷ ᠡᠳ᠋ ᠠᠪᠬᠤ᠂ ᠪᠠᠶᠢᠴᠠᠭᠠᠨ ᠬᠡᠮᠵᠢᠬᠦ ᠪᠣᠳᠠᠲᠤ ᠪᠣᠯᠪᠠᠰᠤᠷᠠᠯ ᠤᠨ ᠪᠣᠯᠪᠠᠰᠤᠷᠠᠭᠤᠯᠤᠯ ᠥᠷᠨᠢᠭᠦᠯᠦᠨ᠎ᠡ᠃      ︵ᠲᠠᠪᠤ︶ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠪᠠ ᠡᠯ᠎ᠡ ᠠᠶᠢᠮᠠᠭ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠪᠠᠶᠢᠴᠠᠭᠠᠨ  ᠬᠡᠮᠵᠢᠬᠦ ᠲᠥᠪ︶ ᠨᠢ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠵᠤ᠂ ᠬᠤᠰᠢᠭᠤ ᠰᠢᠶᠠᠨ ᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢ ᠬᠠᠪᠰᠤᠷᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃      ᠬᠠᠷᠢᠯᠴᠠᠬᠤ ᠬᠥᠮᠥᠨ᠄ ᠭᠦᠸᠧ ᠶᠠᠨ ᠴᠢᠶᠦ᠋ᠩ      ᠤᠲᠠᠰᠤ᠄ 0471-2947300      ᠢᠮᠧᠯ᠄ nmgnmtjgc@163.com      ᠳᠠᠭᠠᠯᠳᠤᠭᠤᠯᠤᠯ᠄ 1.2022 ᠣᠨ ᠳᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ‌‍ᠬᠡᠮᠵᠢᠬᠦ ᠮᠡᠷᠭᠡᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠪᠠᠶᠢᠭᠤᠯᠤᠮᠵᠢ ᠶᠢᠨ ᠨᠡᠷᠡᠰ ᠲᠤ ᠣᠷᠣᠯᠴᠠᠭᠰᠠᠨ ᠦᠭᠡᠢ ᠪᠠᠶᠢᠭᠤᠯᠤᠮᠵᠢ ᠶᠢᠨ ᠨᠡᠷᠡᠰ                                ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                          2023 ᠣᠨ ᠤ 1 ᠰᠠᠷ᠎ᠠ ᠶᠢᠨ 30 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号