︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ ᠭᠠᠯᠲᠤ ᠲᠡᠷᠭᠡᠨ ᠳᠤ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠲᠡᠭᠡᠭᠡᠪᠤᠷᠢᠯᠡᠨ ᠠᠯᠤᠰ ᠧᠦ᠋ᠷᠣᠫᠠ ᠳᠤ ᠪᠣᠷᠣᠯᠠᠭᠤᠯᠤᠨ᠎ᠠ
ᠨᠡᠶᠢᠲᠡᠯᠡᠭᠰᠡᠨ ᠴᠠᠭ᠄
2023/1/31
      ᠤᠷᠠᠳ ᠤᠨ ᠬᠤᠶᠢᠲᠤ ᠬᠤᠰᠢᠭᠤ ᠣᠷᠣᠨ ᠪᠠᠶᠢᠷᠢ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ︽ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ︾ ᠪᠠ ︽ᠨᠢᠭᠡ ᠪᠦᠰᠡ ᠨᠢᠭᠡ ᠵᠠᠮ︾  ᠤᠨ ᠪᠥᠲᠥᠭᠡᠨ ᠪᠠᠶᠢᠭᠤᠯᠤᠯᠲᠠ ᠳᠤ ᠠᠭᠤᠰᠤᠯᠴᠠᠬᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠢ ᠬᠦᠭᠵᠢᠯᠲᠡ ᠶᠢᠨ  ᠰᠢᠪᠲᠤᠯᠤᠯᠲᠠ ᠶᠢᠨ ᠴᠡᠭ ᠪᠣᠯᠭᠠᠵᠤ᠂ ︽ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡᠨ ᠳᠤ ᠰᠠᠭᠤᠵᠤ᠂ ᠠᠯᠲᠠᠨ ᠬᠤᠲᠠ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠤᠭᠤᠷᠢᠭ ᠢᠶᠠᠷ ᠲᠥᠪ ᠪᠣᠯᠭᠠᠨ᠂ ᠭᠠᠳᠠᠭᠰᠢ ᠨᠡᠭᠡᠭᠡᠯᠲᠡ ᠬᠢᠬᠦ ᠲᠡᠮᠦᠷ ᠵᠠᠮ ᠤᠨ ᠭᠠᠷᠠᠮ ᠤᠨ ᠥᠯᠢᠭᠡᠷ ᠳᠠᠭᠤᠷᠢᠶᠠᠯ ᠢ ᠪᠣᠶ ᠪᠣᠯᠭᠠᠬᠤ︾ ᠬᠦᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠣᠯᠭ᠎ᠠ ᠳᠤᠤᠷ᠎ᠠ᠂ ᠰᠢᠨ᠎ᠡ ᠬᠦᠭᠵᠢᠯᠲᠡ ᠶᠢᠨ ᠪᠠᠶᠢᠷᠢᠰᠢᠯ ᠳᠤ ᠴᠢᠷᠮᠠᠶᠢᠨ ᠠᠭᠤᠰᠤᠯᠴᠠᠪᠠ᠃
7.png
          ︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ ᠭᠠᠯᠲᠤ ᠲᠡᠷᠭᠡᠨ ᠳᠤ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠲᠡᠭᠡᠭᠡᠪᠤᠷᠢᠯᠡᠨ ᠠᠯᠤᠰ ᠧᠦ᠋ᠷᠣᠫᠠ ᠳᠤ ᠪᠣᠷᠣᠯᠠᠭᠤᠯᠬᠤ ᠪᠠᠷ ᠪᠠᠶᠢᠭ᠎ᠠ ᠨᠢ᠃      2022 ᠣᠨ ᠤ 1 ᠰᠠᠷ᠎ᠠ ᠶᠢᠨ 12 ᠤᠨ ᠡᠳᠦᠷ᠂ ᠠᠩᠬᠠᠨ ᠤ ᠴᠤᠪᠤᠭ᠎ᠠ ︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ ᠳᠤᠮᠳᠠᠳᠤ ᠧᠦ᠋ᠷᠣᠫᠠ‌‍ᠶᠢᠨ ᠵᠢᠰᠢᠶᠡᠨ ᠤ ᠭᠠᠯᠲᠤ ᠲᠡᠷᠭᠡ ᠪᠠᠷ ᠲᠡᠭᠡᠭᠡᠪᠦᠷᠢᠯᠡᠨ ᠶᠠᠪᠤᠭᠤᠯᠵᠤ᠂ ᠵᠢᠯ ᠤᠨ ᠡᠴᠦᠰ ᠪᠣᠯᠬᠤ ᠳᠤ ︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ ᠭᠠᠯᠲᠤ ᠲᠡᠷᠭᠡ ᠨᠢ ᠨᠡᠶᠢᠲᠡ 27 ᠴᠤᠪᠤᠭ᠎ᠠ ᠨᠡᠪᠲᠡᠷᠡᠵᠦ᠂ ᠨᠡᠶᠢᠲᠡ 3.6 ᠲᠦᠮᠡᠨ ᠲᠣᠨ ᠡᠳ᠋ ᠪᠠᠷᠠᠭ᠎ᠠ ᠶᠢ ᠭᠠᠳᠠᠭᠠᠲᠦ ᠠᠴᠠ ᠣᠷᠣᠭᠤᠯᠵᠤ ᠭᠠᠳᠠᠭᠠᠲᠦ ᠳᠤ ᠭᠠᠷᠭᠠᠬᠤ ᠶᠢ ᠪᠡᠶᠡᠯᠡᠭᠦᠯᠵᠦ᠂ ᠭᠠᠳᠠᠭᠠᠲᠦ ᠠᠴᠠ ᠣᠷᠣᠭᠤᠯᠵᠤ ᠭᠠᠳᠠᠭᠠᠲᠦ ᠳᠤ ᠭᠠᠷᠭᠠᠬᠤ ᠠᠷᠠᠯᠵᠢᠶᠠᠨ ᠤ ᠦᠷᠳᠡᠭ ᠢ 2.7 ᠳ᠋ᠦᠩᠰᠢᠭᠤᠷ ᠲᠥᠭᠦᠷᠢᠭ ᠪᠡᠶᠡᠯᠡᠭᠦᠯᠪᠡ᠃ ︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ ᠭᠠᠯᠲᠤ ᠲᠡᠷᠭᠡ ᠨᠢ ᠪᠠᠰᠠ ︽ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ᠶᠢᠨ ᠲᠤᠭᠲᠠᠭᠰᠠᠨ ᠲᠥᠯᠥᠪᠯᠡᠭᠡ ︵ᠲᠣᠭᠲᠠᠭᠰᠠᠨ ᠴᠡᠭ᠂ ᠲᠣᠭᠲᠠᠭᠰᠠᠨ ᠴᠠᠭ᠂ ᠲᠣᠭᠲᠠᠭᠰᠠᠨ ᠱᠤᠭᠤᠮ ᠤᠨ ᠪᠠᠷᠠᠭ᠎ᠠ ᠲᠡᠭᠡᠭᠡᠪᠦᠷᠢᠯᠡᠬᠦ ᠵᠢᠰᠢᠶᠡᠨ ᠤ ᠭᠠᠯᠲᠤ ᠲᠡᠷᠭᠡ︶︾ ᠳᠤ ᠠᠮᠵᠢᠯᠲᠡ  ᠲᠠᠢ ᠪᠠᠷ ᠣᠷᠣᠯᠴᠠᠵᠤ᠂ ᠪᠠᠶᠢᠩᠭᠤᠵᠢᠭᠰᠠᠨ ᠡᠵᠡᠩᠨᠡᠯᠲᠡ ᠶᠢ ᠪᠡᠶᠡᠯᠡᠭᠦᠯᠪᠡ᠃ ᠪᠠᠶᠠᠨᠨᠠᠭᠤᠷ ᠬᠤᠲᠠ ᠶᠢᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ 14 ᠵᠢᠯ ᠳᠠᠷᠠᠭᠠᠯᠠᠨ ᠪᠦᠬᠦ ᠣᠷᠣᠨ ᠤ ᠲᠡᠷᠢᠭᠦᠨ ᠳᠤ ᠣᠷᠣᠪᠠ᠃      2023 ᠣᠨ ᠳᠤ ᠂ ᠤᠷᠠᠳ ᠤᠨ ᠬᠤᠶᠢᠲᠤ ᠬᠤᠰᠢᠭᠤ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ᠶᠢᠨ ᠬᠡᠮᠵᠢᠶ᠎ᠡ ᠶᠢ ᠨᠡᠮᠡᠭᠳᠡᠭᠦᠯᠦᠨ ᠪᠠᠭᠲᠠᠭᠠᠮᠵᠢ ᠶᠢᠨ ᠦᠷᠭᠡᠳᠭᠡᠬᠦ ᠶᠢ ᠢ ᠠᠬᠢᠭᠤᠯᠵᠤ᠂ ︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ ᠭᠠᠯᠲᠤ ᠲᠡᠷᠭᠡ ᠶᠢ ᠪᠥᠬᠦ ᠵᠢᠯ ᠳᠤ 35 ᠴᠤᠪᠤᠭ᠎ᠠ ᠠᠴᠠ ᠳᠡᠭᠡᠭᠰᠢ ᠨᠡᠪᠲᠡᠷᠡᠭᠦᠯᠵᠦ᠂ ᠨᠥᠯᠥᠭᠡᠯᠡᠨ ᠳᠠᠶᠢᠴᠢᠯᠠᠬᠤ ᠶᠢ ᠴᠢᠩᠭᠠᠳᠬᠠᠨ᠂ ᠪᠤᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠢ ᠪᠠᠶᠢᠭᠤᠯᠵᠤ ᠂ ᠭᠠᠳᠠᠭᠠᠲᠦ ᠠᠴᠠ ᠣᠷᠣᠭᠤᠯᠵᠤ ᠭᠠᠳᠠᠭᠠᠲᠦ ᠳᠤ ᠭᠠᠷᠭᠠᠬᠤ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠳᠤᠷ ᠬᠢᠵᠦ᠂ ᠨᠠᠩ ᠣᠯᠠᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ︽ᠤᠷᠠᠳ ᠤᠨ ᠬᠤᠶᠢᠲᠤ ᠬᠤᠰᠢᠭᠤ ᠨᠡᠷᠡᠮᠵᠢᠲᠦ︾ ᠭᠠᠯᠲᠤ ᠲᠡᠷᠭᠡᠨ ᠳᠤ ᠳᠡᠭᠡᠭᠰᠢᠯᠡᠬᠦᠯᠵᠤ ᠠᠯᠤᠰ ᠧᠦ᠋ᠷᠣᠫᠠ ᠳᠤ ᠪᠣᠷᠣᠯᠠᠭᠤᠯᠬᠤ ᠪᠤᠯᠤᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号