ᠳᠣᠣᠷ᠎ᠠ ᠳᠤᠯᠠᠭᠠᠨ ᠳᠤ ᠶᠠᠮᠠᠷ ᠶᠠᠮᠠᠷ ᠪᠣᠷᠳᠣᠭᠤᠷ ᠨᠡᠩ ᠲᠣᠬᠢᠷᠠᠮᠵᠢᠲᠠᠢ ᠪᠣᠢ︖
ᠨᠡᠶᠢᠲᠡᠯᠡᠭᠰᠡᠨ ᠴᠠᠭ᠄
2023/1/31
      ᠡᠪᠦᠯ ᠤᠨ ᠤᠯᠠᠷᠢᠯ ᠤᠨ ᠳᠣᠣᠷ᠎ᠠ ᠳᠤᠯᠠᠭᠠᠨ ᠤ ᠨᠥᠯᠥᠭᠡ ᠪᠠᠷ ᠵᠠᠷᠢᠮ ᠪᠣᠷᠳᠣᠭᠤᠷ ᠢ ᠬᠡᠷᠡᠭᠯᠡᠬᠦ ᠳᠤ ᠨᠡᠩ ᠲᠣᠬᠢᠷᠠᠮᠵᠢᠲᠠᠢ ᠂ ᠬᠠᠷᠢᠨ ᠵᠠᠷᠢᠮ ᠪᠣᠷᠳᠣᠭᠤᠷ ᠢ ᠬᠡᠷᠡᠭᠯᠡᠬᠦ ᠳᠤ ᠲᠣᠬᠢᠷᠠᠮᠵᠢ ᠦᠭᠡᠢ ᠪᠠᠶᠢᠳᠠᠭ ᠃      ᠨᠡᠭᠦᠷᠡᠰᠦᠲᠥ᠋ᠷᠥᠭᠴᠢ ᠶᠢᠨ ᠠᠮᠮᠤᠨᠢ ᠲᠤᠤᠷ᠎ᠠ ᠲᠤᠯᠠᠭᠠᠨ ᠳᠤ ᠲᠣᠬᠢᠷᠠᠮᠵᠢᠲᠠᠢ᠃ ᠡᠪᠦᠯ ᠤᠨ ᠤᠯᠠᠷᠢᠯ ᠳᠤ ᠠᠭᠠᠷ ᠤᠨ ᠳᠤᠯᠠᠭᠠᠨ ᠳᠣᠣᠷ᠎ᠠ ᠂ ᠨᠡᠭᠦᠷᠡᠰᠦᠲᠥ᠋ᠷᠥᠭᠴᠢ ᠶᠢᠨ ᠠᠮᠮᠤᠨᠢ ᠠᠮᠠᠷᠬᠠᠨ ᠳᠡᠭᠳᠡᠨ ᠵᠠᠳᠠᠷᠠᠳᠠᠭ ᠦᠭᠡᠢ ᠂ ᠪᠣᠷᠳᠣᠭᠤᠷ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠬᠦ ᠳᠤ ᠠᠰᠢᠭᠲᠠᠢ ᠪᠠᠶᠢᠳᠠᠭ︔ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠠᠮᠮᠤᠨᠢ ᠪᠣᠯ ᠠᠮᠮᠤᠨᠢ ᠶᠢᠨ ᠲᠥᠯᠥᠪᠲᠦ ᠠᠽᠣᠲ ᠪᠣᠷᠳᠣᠭᠤᠷ ᠲᠤ ᠪᠠᠭᠲᠠᠨ᠎ᠠ ᠂ ᠬᠥᠷᠥᠰᠥᠨ ᠳᠤ ᠣᠷᠣᠭᠤᠯᠤᠭᠰᠠᠨ ᠤ ᠳᠠᠷᠠᠭ᠎ᠠ ᠲᠠᠷᠢᠮᠠᠯ ᠳᠤ ᠰᠢᠭᠤᠳ ᠰᠢᠩᠭᠡᠭᠡᠭᠳᠡᠨ ᠠᠰᠢᠭᠯᠠᠭᠳᠠᠳᠠᠭ ᠂ ᠪᠣᠷᠳᠣᠭᠤᠷ ᠤᠨ ᠦᠢᠯᠡᠳᠦᠯ  ᠨᠢ ᠲᠦᠷᠭᠡᠨ ᠂ ᠨᠡᠶᠢᠲᠡᠯᠢᠭ ︽ ᠲᠦᠷᠭᠡᠨ ᠦᠢᠯᠡᠳᠦᠯᠳᠦ ᠪᠣᠷᠳᠣᠭᠤᠷ ︾ ᠲᠤ ᠪᠠᠭᠲᠠᠵᠤ ᠂ ᠴᠠᠭ ᠲᠤᠬᠠᠢ ᠳᠤᠨᠢ ᠲᠠᠷᠢᠮᠠᠯ ᠳᠤ ᠠᠽᠣᠲ ᠡᠳ᠋ ᠤᠨ ᠰᠢᠮ᠎ᠡ ᠲᠡᠵᠢᠭᠡᠯ ᠢ ᠬᠠᠩᠭᠠᠳᠠᠭ ᠃ ᠲᠤᠷᠰᠢᠯᠲᠠ ᠶᠢ ᠦᠨᠳᠦᠰᠦᠯᠡᠪᠡᠯ ᠂ ᠡᠪᠦᠯ ᠤᠨ ᠤᠯᠠᠷᠢᠯ ᠳᠤ ᠪᠤᠭᠤᠳᠠᠢ ᠶᠢᠨ ᠲᠠᠷᠢᠶᠠᠨ ᠳᠤ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠠᠮᠮᠤᠨᠢ ᠶᠢ ᠨᠡᠬᠡᠨ ᠣᠷᠣᠭᠤᠯᠵᠤ ᠂ ᠪᠣᠷᠳᠣᠭᠤᠷ ᠤᠨ ᠠᠰᠢᠭᠯᠠᠮᠵᠢ ᠨᠢ ᠥᠨᠳᠥᠷ ᠳᠤᠯᠠᠭᠠᠨ ᠤ ᠤᠯᠠᠷᠢᠯ ᠤᠨ ᠬᠢ ᠠᠴᠠ 1~1.5 ᠳᠠᠬᠢᠨ ᠨᠡᠮᠡᠭᠳᠡᠨ᠎ᠡ ᠃      ᠰᠢᠭᠡᠰᠦᠯᠢᠭ ᠡᠳ᠋ ᠣᠷᠣᠭᠤᠯᠬᠤ ᠶᠢ ᠴᠡᠭᠡᠷᠯᠡᠨ᠎ᠡ ᠃ ᠰᠢᠭᠡᠰᠦᠯᠢᠭ ᠡᠳ᠋ ᠪᠣᠯ ᠠᠼᠢᠯ ᠠᠮᠮᠤᠨᠢ ᠶᠢᠨ ᠲᠥᠯᠥᠪᠲᠦ ᠠᠽᠣᠲ ᠪᠣᠷᠳᠣᠭᠤᠷ ᠲᠤ ᠪᠠᠭᠲᠠᠨ᠎ᠠ ᠂ ᠬᠥᠷᠥᠰᠥᠨ ᠳᠤ ᠣᠷᠣᠭᠤᠯᠤᠭᠰᠠᠨ ᠤ ᠳᠠᠷᠠᠭ᠎ᠠ ᠲᠠᠷᠢᠮᠠᠯ ᠳᠤ ᠰᠢᠭᠤᠳ ᠰᠢᠩᠭᠡᠭᠡᠭᠳᠡᠨ ᠠᠰᠢᠭᠯᠠᠭᠳᠠᠬᠤ ᠦᠭᠡᠢ ᠂ ᠬᠥᠷᠥᠰᠥᠨ ᠳᠣᠲᠣᠷᠠᠬᠢ ᠰᠢᠭᠡᠰᠦᠯᠢᠭ ᠡᠳ᠋ ᠤᠨ ᠪᠠᠺᠲ᠋ᠧᠷᠢ ᠶᠢᠨ ᠰᠢᠭᠦᠷᠡᠭᠦᠯᠦᠭᠰᠡᠨ ᠰᠢᠭᠡᠰᠦᠨ ᠤ ᠢᠰᠬᠡᠭᠦᠷ ᠤᠨ ᠦᠢᠯᠡᠳᠦᠯ ᠳᠣᠣᠷ᠎ᠠ ᠠᠮᠮᠤᠨᠢ ᠶᠢᠨ ᠲᠥᠯᠥᠪᠲᠦ ᠠᠽᠣᠲ ᠪᠣᠯᠭᠠᠨ ᠬᠤᠪᠢᠷᠠᠭᠤᠯᠪᠠᠯ ᠰᠠᠶ᠋ᠢ ᠦᠨᠳᠦᠰᠦᠨ ᠤ ᠰᠢᠰᠲ᠋ᠧᠮ ᠤᠨ ᠰᠢᠩᠭᠡᠭᠡᠯᠲᠡ ᠶᠢ ᠬᠠᠩᠭᠠᠵᠤ ᠴᠢᠳᠠᠨ᠎ᠠ ᠃ ᠰᠢᠭᠡᠰᠦᠯᠢᠭ ᠡᠳ᠋ ᠤᠨ ᠬᠤᠪᠢᠷᠠᠯᠲᠠ ᠶᠢᠨ ᠬᠤᠷᠳᠤᠴᠠ ᠨᠢ ᠭᠤᠣᠯᠳᠠᠭᠤ ᠬᠥᠷᠥᠰᠥᠨ ᠤ ᠳᠤᠯᠠᠭᠠᠨ ᠠᠴᠠ ᠲᠣᠭᠲᠠᠭᠠᠭᠳᠠᠨ᠎ᠠ ᠃ ᠬᠡᠷᠪᠡ ᠬᠥᠷᠥᠰᠥᠨ ᠳᠤ ᠣᠷᠣᠭᠤᠯᠤᠭᠰᠠᠨ ᠰᠢᠭᠡᠰᠦᠯᠢᠭ ᠡᠳ᠋ ᠨᠢ ᠪᠦᠬᠦᠨ ᠢᠶᠠᠷ ᠢᠶᠠᠨ ᠠᠮᠮᠤᠨᠢ ᠶᠢᠨ ᠲᠥᠯᠥᠪᠲᠦ ᠠᠽᠣᠲ ᠪᠣᠯᠣᠨ ᠬᠤᠪᠢᠷᠠᠪᠠᠯ ᠂ ᠭᠠᠵᠠᠷ ᠤᠨ ᠳᠤᠯᠠᠭᠠᠨ 10℃ ᠪᠣᠯᠬᠤ  ᠳᠤ 7~10 ᠡᠳᠦᠷ ᠬᠡᠷᠡᠭᠰᠡᠨ᠎ᠡ ᠂ 20℃ ᠪᠣᠯᠬᠤ  ᠳᠤ 4~5 ᠡᠳᠦᠷ ᠬᠡᠷᠡᠭᠰᠡᠨ᠎ᠡ ᠂ 30℃ ᠪᠣᠯᠬᠤ ᠳᠤ ᠵᠥᠪᠬᠡᠨ 2~3 ᠡᠳᠦᠷ ᠬᠡᠷᠡᠭᠰᠡᠨ᠎ᠡ ᠃ ᠡᠭᠦᠨ ᠠᠴᠠ ᠦᠵᠡᠬᠦ ᠳᠤ ᠂ ᠲᠠᠷᠢᠮᠠᠯ ᠳᠤ ᠡᠪᠦᠯ ᠤᠨ ᠤᠯᠠᠷᠢᠯ ᠪᠤᠶᠤ ᠬᠠᠪᠤᠷ ᠤᠨ ᠡᠬᠢ ᠪᠠᠷ ᠪᠣᠷᠳᠣᠭᠤᠷ ᠨᠡᠮᠡᠬᠦ ᠳᠤ ᠬᠡᠷᠪᠡ ᠰᠢᠭᠡᠰᠦᠯᠢᠭ ᠡᠳ᠋ ᠢ ᠣᠷᠣᠭᠤᠯᠪᠠᠯ ᠪᠣᠷᠳᠣᠭᠤᠷ ᠨᠢ ᠤᠳᠠᠭᠠᠨ ᠪᠣᠯᠬᠤ ᠠᠴᠠ ᠪᠣᠯᠵᠤ ᠲᠠᠷᠢᠮᠠᠯ ᠤᠨ ᠤᠷᠭᠤᠯᠲᠠ ᠶᠢ ᠨᠥᠯᠥᠭᠡᠯᠡᠨ᠎ᠡ ᠃      ᠹᠣᠰᠹᠣᠷ ᠂ ᠴᠠᠶᠢᠷ ᠤᠨ ᠪᠣᠷᠳᠣᠭᠤᠷ ᠢ ᠨᠡᠮᠡᠵᠦ ᠣᠷᠣᠭᠤᠯᠤᠨ᠎ᠠ ᠃ ᠲᠠᠷᠢᠮᠠᠯ ᠤᠨ ᠹᠣᠰᠹᠣᠷ ᠪᠣᠯᠣᠨ ᠴᠠᠶᠢᠷ ᠤᠨ ᠰᠢᠩᠭᠡᠭᠡᠯᠲᠡ ᠨᠢ ᠳᠤᠯᠠᠭᠠᠨ ᠤ ᠬᠡᠮᠵᠢᠶ᠎ᠡ ᠪᠣᠯᠣᠨ ᠭᠡᠷᠡᠯ ᠤᠨ ᠲᠤᠰᠤᠯᠲᠠ ᠶᠢᠨ ᠨᠥᠯᠥᠭᠡ ᠶᠢ ᠢᠯᠡᠷᠬᠡᠢ ᠬᠦᠷᠲᠡᠳᠡᠭ ᠃ ᠡᠪᠦᠯ ᠤᠨ ᠤᠯᠠᠷᠢᠯ ᠳᠤ ᠠᠭᠠᠷ ᠤᠨ ᠳᠤᠯᠠᠭᠠᠨ ᠳᠣᠣᠷ᠎ᠠ ᠂ ᠭᠡᠷᠡᠯ ᠤᠨ ᠲᠤᠰᠤᠯᠲᠠ ᠭᠦᠢᠴᠡᠳ ᠪᠤᠰᠤ ᠪᠣᠯᠬᠤᠷ ᠂ ᠡᠪᠦᠯᠵᠢᠬᠦ ᠲᠠᠷᠢᠮᠠᠯ ᠳᠤ ᠹᠣᠰᠹᠣᠷ ᠳᠤᠲᠠᠭᠳᠠᠬᠤ ᠂ ᠴᠠᠶᠢᠷ ᠳᠤᠲᠠᠭᠳᠠᠬᠤ ᠶᠢ ᠠᠮᠠᠷᠬᠠᠨ ᠡᠭᠦᠰᠬᠡᠳᠡᠭ ᠂ ᠡᠶᠢᠮᠦ ᠠᠴᠠ ᠹᠣᠰᠹᠣᠷ ᠪᠣᠷᠳᠣᠭᠤᠷ ᠪᠠ ᠴᠠᠶᠢᠷ ᠪᠣᠷᠳᠣᠭᠤᠷ ᠢ ᠵᠣᠬᠢᠬᠤ ᠬᠡᠮᠵᠢᠶ᠎ᠡ ᠪᠠᠷ ᠨᠡᠮᠡᠵᠦ ᠣᠷᠣᠭᠤᠯᠪᠠᠯ ᠵᠣᠬᠢᠨ᠎ᠠ ᠃ ᠡᠭᠦᠨ ᠠᠴᠠ ᠭᠠᠳᠠᠨ᠎ᠠ ᠂ ᠹᠣᠰᠹᠣᠷ ᠨᠢ ᠬᠦᠢᠲᠡᠨ ᠢ ᠲᠡᠰᠪᠦᠷᠢᠯᠡᠬᠦ ᠴᠢᠨᠠᠷ ᠢ ᠨᠡᠮᠡᠭᠳᠡᠭᠦᠯᠵᠦ ᠂ ᠹᠣᠰᠹᠣᠷ ᠪᠣᠷᠳᠣᠭᠤᠷ ᠨᠡᠮᠡᠵᠦ ᠣᠷᠣᠭᠤᠯᠬᠤ ᠨᠢ ᠲᠠᠷᠢᠮᠠᠯ ᠤᠨ ᠬᠥᠯᠳᠡᠬᠦ ᠭᠠᠮᠰᠢᠭ ᠢ ᠰᠡᠷᠭᠡᠶᠢᠯᠡᠬᠦ ᠳᠤ ᠠᠰᠢᠭᠲᠠᠢ ᠪᠠᠶᠢᠳᠠᠭ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号