ᠣᠶᠢᠷ᠎ᠠ ᠳᠤ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠭᠠᠨ ᠤ ᠭᠠᠵᠠᠷ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠣᠯᠭᠤᠭᠰᠠᠨ 2019 ︱ | 2021 ᠣᠨ ᠤ ᠪᠥᠬᠦ ᠤᠯᠤᠰ ᠤᠨ ᠲᠠᠷᠢᠶᠠᠯᠠᠩ ᠮᠠᠯ ᠠᠵᠤ ᠠᠬᠤᠢ ᠵᠢᠭᠠᠰᠤᠨ ᠠᠵᠤ ᠦᠢᠯᠡᠰ ᠤᠨ ᠡᠯᠪᠡᠭ | ᠬᠤᠷᠢᠶᠠᠯᠲᠠ ᠶᠢᠨ ᠱᠠᠩᠨᠠᠯ ᠤᠨ ᠦᠨᠡᠮᠯᠡᠯ ᠢ ᠣᠯᠵᠤ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠭᠠᠵᠠᠷ᠂ ᠰᠧᠴᠤᠸᠠᠨ ᠤ ᠲᠠᠷᠢᠶᠠᠯᠠᠩ ᠤᠨ ᠶᠡᠭᠡ | ᠰᠤᠷᠭᠠᠭᠤᠯᠢ ᠵᠡᠷᠭᠡ ᠨᠢᠭᠡᠴᠢ ᠶᠢᠨ ︽ᠰᠢᠷ᠎ᠠ ᠪᠤᠷᠴᠠᠭ ︱ ᠡᠷᠳᠡᠨᠢ ᠰᠢᠰᠢ ᠶᠢᠨ ᠪᠦᠰᠡᠯᠢᠭ ᠭᠡᠯᠪᠡᠷᠢᠲᠠᠢ ᠨᠡᠶᠢᠯᠡᠮᠡᠯ | ᠳᠠᠷᠢᠵᠤ ᠤᠷᠭᠤᠭᠤᠯᠬᠤ ᠮᠡᠷᠭᠡᠵᠢᠯ ᠤᠨ ᠵᠠᠭᠪᠤᠷ ᠤᠨ ᠰᠢᠨ᠎ᠡ ᠶᠢ ᠡᠭᠦᠳᠬᠦ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ︾ | ᠲᠥᠷᠥᠯ ᠵᠦᠢᠯ ᠳᠤ ᠦᠵᠡᠭᠦᠯᠦᠭᠰᠡᠨ ᠲᠣᠪᠣᠶᠢᠮ᠎ᠠ ᠬᠤᠪᠢ ᠨᠡᠮᠡᠷᠢ ᠶᠢ ᠬᠥᠬᠢᠭᠦᠯᠦᠨ ᠰᠠᠶᠢᠰᠢᠶᠠᠪᠠ᠃ ᠪᠦᠬᠦ | ᠤᠯᠤᠰ ᠤᠨ ᠲᠠᠷᠢᠶᠠᠯᠠᠩ ᠮᠠᠯ ᠠᠵᠤ ᠠᠬᠤᠢ ᠵᠢᠭᠠᠰᠤᠨ ᠠᠵᠤ ᠦᠢᠯᠡᠰ ᠤᠨ ᠡᠯᠪᠡᠭ ᠬᠤᠷᠢᠶᠠᠯᠲᠠ ᠶᠢᠨ ᠱᠠᠩᠨᠠᠯ ᠪᠣᠯ | ᠤᠤᠯ ᠤᠨ ᠲᠠᠷᠢᠶᠠᠯᠠᠩ ᠤᠨ ᠶᠠᠮᠤᠨ ᠤ 1987 ᠣᠨ ᠳᠤ ᠪᠠᠶᠢᠭᠤᠯᠤᠭᠰᠠᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ | ᠱᠠᠩᠨᠠᠯ ᠪᠣᠯᠣᠨ᠎ᠠ ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠠᠵᠢᠯᠯᠠᠭ᠎ᠠ ᠶᠢᠨ ᠳᠤᠮᠳᠠ ᠲᠣᠪᠣᠶᠢᠮ᠎ᠠ ᠬᠤᠪᠢ ᠨᠡᠮᠡᠷᠢ | ᠦᠵᠡᠭᠦᠯᠦᠭᠰᠡᠨ ᠬᠠᠮᠲᠤ ᠨᠡᠶᠢᠲᠡ ᠪᠠ ᠬᠤᠪᠢ ᠬᠥᠮᠥᠨ ᠢ ᠱᠠᠩᠨᠠᠨ ᠵᠤᠷᠢᠭᠵᠢᠭᠤᠯᠵᠤ᠂ ᠭᠤᠷᠪᠠᠨ ᠵᠢᠯ ᠳᠤ ᠨᠢᠭᠡ | ᠤᠳᠠᠭ᠎ᠠ ᠰᠢᠯᠭᠠᠷᠠᠭᠤᠯᠳᠠᠭ ᠃ ᠡᠨᠡ ᠪᠤᠯ ᠪᠦᠬᠦ ᠤᠯᠤᠰ ᠤᠨ ᠲᠠᠷᠢᠶᠠᠯᠠᠩ ᠤᠨ ᠰᠢᠰᠲ᠋ᠧᠮ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠳᠡᠯᠭᠡᠷᠡᠭᠦᠯᠬᠦ ᠬᠠᠮᠤᠭ ᠤᠨ ᠴᠢᠬᠤᠯᠠ ᠱᠠᠩᠨᠠᠯ ᠪᠣᠯᠣᠨ᠎ᠠ ᠃ | 2022 ᠣᠨ ᠳᠤ ᠂ ᠪᠤᠭᠤᠲᠤ ᠬᠤᠳᠠ ᠶᠢᠨ ᠬᠢᠨ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ | ᠰᠢᠷ᠎ᠠ ᠪᠤᠷᠴᠠᠭ ︱ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠠᠢ ᠨᠡᠶᠢᠯᠡᠮᠡᠯ ᠲᠠᠷᠢᠶᠠᠯᠠᠭ᠎ᠠ ᠶᠢᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ ᠂ ᠪᠣᠳᠠᠲᠠᠢ ᠪᠡᠶᠡᠯᠡᠭᠦᠯᠦᠭᠰᠡᠨ ᠲᠠᠷᠢᠮᠠᠯ ᠤᠨ ᠲᠠᠯᠠᠪᠠᠢ ᠨᠢ 37.05 ᠲᠦᠮᠡᠨ ᠮᠦ ᠳᠤ | ᠬᠦᠷᠴᠡᠢ ᠃ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠬᠡᠯᠲᠡᠷᠢᠲᠠᠢ ᠨᠡᠶᠢᠯᠡᠮᠡᠯ ᠲᠠᠷᠢᠶᠠᠯᠠᠭ᠎ᠠ ᠶᠢᠨ | ᠮᠡᠷᠭᠡᠵᠢᠯ ᠤᠨ ᠳᠡᠯᠭᠡᠷᠡᠭᠦᠯᠦᠯᠲᠡ ᠶᠢ ᠡᠮᠬᠢ ᠳᠢᠭᠯᠢᠮ ᠲᠠᠢ ᠠᠬᠢᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠭᠠᠵᠠᠷ ᠲᠤ | ᠠᠵᠢᠯ ᠤᠨ ᠲᠤᠰᠬᠠᠢ ᠠᠩᠭᠢ ᠪᠠᠶᠢᠭᠤᠯᠵᠤ᠂ ᠭᠤᠣ ᠵᠧᠨ ᠵᠢᠶᠠᠩ ᠭᠠᠵᠠᠷ ᠤᠨ ᠳᠠᠷᠤᠭ᠎ᠠ ᠪᠦᠬᠦ ᠬᠤᠲᠠ ᠶᠢᠨ ᠰᠢᠷ᠎ᠠ | ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠭᠡᠯᠪᠡᠷᠢᠳᠡᠢ ᠨᠡᠶᠢᠯᠡᠮᠡᠯ ᠲᠠᠷᠢᠶᠠᠯᠠᠭ᠎ᠠ ᠶᠢᠨ ᠮᠡᠷᠭᠡᠵᠢᠯ ᠳᠡᠯᠭᠡᠷᠡᠭᠦᠯᠬᠦ | ᠶᠡᠷᠦᠩᠬᠡᠢ ᠵᠢᠯᠣᠭᠤᠳᠤᠭᠴᠢ ᠶᠢᠨ ᠲᠤᠰᠢᠶᠠᠯ ᠢ ᠬᠠᠷᠢᠭᠤᠴᠠᠵᠤ᠂ ᠠᠵᠢᠯ ᠤᠨ ᠲᠤᠰᠬᠠᠢ ᠠᠩᠭᠢ ᠶᠢᠨ ᠳᠣᠣᠷ᠎ᠠ ᠠᠯᠪᠠᠨ | ᠭᠡᠷ᠂ ᠮᠡᠷᠭᠡᠵᠢᠯ ᠳᠡᠯᠭᠡᠷᠡᠭᠦᠯᠦᠨ ᠬᠠᠷᠢᠯᠴᠠᠬᠤ ᠲᠠᠰᠤᠭ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠲᠠᠰᠤᠭ ᠵᠡᠷᠭᠡ ᠪᠠᠶᠢᠭᠤᠯᠤᠮᠵᠢ ᠶᠢ ᠲᠣᠬᠢᠷᠠᠭᠤᠯᠵᠤ᠂ ᠡᠯ᠎ᠡ ᠳᠡᠳ᠋ ᠭᠠᠵᠠᠷ ᠤᠨ ᠳᠠᠷᠤᠭ᠎ᠠ ᠨᠢ ᠨᠢᠭᠡ ᠲᠥᠪ ᠢ | ᠳᠠᠭᠠᠭᠤᠯᠤᠨ ᠲᠣᠰ ᠲᠣᠰ ᠨᠢᠭᠡ ᠬᠤᠰᠢᠭᠤ ᠰᠢᠶᠠᠨ ᠲᠣᠭᠤᠷᠢᠭ ᠢ ᠬᠠᠷᠠᠭᠠᠯᠵᠠᠨ ᠵᠢᠯᠤᠭᠤᠳᠴᠤ᠂ ᠨᠢᠭᠡᠳᠦᠯᠲᠡᠢ | ᠲᠥᠯᠥᠪᠯᠡᠨ ᠵᠣᠬᠢᠴᠠᠭᠤᠯᠬᠤ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠬᠦ᠂ ᠬᠢᠨᠠᠯᠲᠠ ᠲᠠᠯᠪᠢᠵᠤ | ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠠᠢ | ᠨᠡᠶᠢᠯᠡᠮᠡᠯ ᠲᠠᠷᠢᠶᠠᠯᠠᠭ᠎ᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠪᠠ ᠃ ᠪᠣᠭᠤᠲᠤ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠠ ᠳᠡᠭᠡᠳᠦ ᠱᠠᠲᠤᠨ ᠤ | ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ ᠳᠣᠣᠷ᠎ᠠ᠂ ᠰᠧᠴᠤᠸᠠᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ ᠨᠠᠷᠢᠨ ᠵᠢᠯᠤᠭᠤᠳᠤᠯᠭ᠎ᠠ ᠂ ᠬᠤᠲᠠ᠂ ᠬᠤᠰᠢᠭᠤ ᠲᠣᠭᠤᠷᠢᠭ | ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠪᠤᠭᠤᠲᠤ ᠬᠤᠲᠠ ᠶᠢᠨ ᠡᠷᠳᠡᠨᠢ ᠰᠢᠰᠢ ︱ | ᠰᠢᠷ᠎ᠠ ᠪᠤᠷᠴᠠᠭ ᠤᠨ ᠪᠦᠰᠡᠯᠢᠭ ᠬᠡᠯᠪᠡᠷᠢᠲᠠᠢ ᠨᠡᠶᠢᠯᠡᠮᠡᠯ ᠲᠠᠷᠢᠶᠠᠯᠠᠭ᠎ᠠ ᠶᠢᠨ ᠠᠵᠢᠯ ᠡᠯᠪᠡᠭ ᠪᠠᠶᠠᠯᠢᠭ ᠦᠷ᠎ᠡ ᠪᠦᠲᠦᠭᠡᠯ | ᠣᠯᠵᠤ᠂ ᠪᠦᠰᠡᠯᠢᠭ ᠬᠡᠯᠪᠡᠷᠢᠲᠠᠢ ᠨᠡᠶᠢᠯᠡᠮᠡᠯ ᠲᠠᠷᠢᠶᠠᠯᠠᠭ᠎ᠠ ᠭᠤᠣᠯᠯᠠᠬᠤ ᠮᠡᠷᠭᠡᠵᠢᠯ ᠢ ᠭᠦᠢᠴᠡᠳ ᠰᠢᠩᠭᠡᠭᠡᠵᠦ ᠠᠪᠤᠭᠰᠠᠨ | ᠰᠠᠭᠤᠷᠢᠨ ᠳᠡᠭᠡᠷ᠎ᠡ᠂ ᠲᠤᠬᠠᠢ ᠶᠢᠨ ᠭᠠᠵᠠᠷ ᠤᠨ ᠬᠥᠷᠥᠰᠥ ᠰᠢᠷᠣᠢ ᠶᠢᠨ ᠲᠥᠷᠥᠯ ᠬᠡᠯᠪᠡᠷᠢ᠂ ᠠᠭᠤᠷ ᠠᠮᠢᠰᠬᠤᠯ ᠤᠨ | ᠣᠨᠴᠠᠯᠢᠭ ᠪᠠ ᠳᠠᠷᠢᠬᠤ ᠳᠠᠳᠬᠠᠯ ᠲᠠᠢ ᠤᠶᠠᠯᠳᠤᠭᠤᠯᠤᠨ᠂ ᠡᠭᠦᠯᠳᠡᠷ ᠤᠨ ᠬᠡᠯᠪᠡᠷᠢ ᠮᠠᠶ᠋ᠢᠭ᠂ ᠳᠠᠷᠢᠵᠤ ᠪᠣᠷᠳᠣᠭᠤᠷ | ᠣᠷᠣᠭᠤᠯᠬᠤ᠂ ᠲᠠᠷᠢᠶᠠᠨ ᠳᠤ ᠡᠪᠡᠰᠦ ᠠᠷᠢᠯᠭᠠᠬᠤ᠂ ᠲᠠᠷᠢᠶᠠᠯᠠᠩ ᠤᠨ ᠮᠠᠰᠢᠨ ᠢ ᠢᠵᠢ ᠪᠦᠷᠢᠳᠦᠭᠦᠯᠬᠦ ᠵᠡᠷᠭᠡ | ᠲᠠᠯ᠎ᠠ ᠪᠠᠷ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠪᠤᠭᠤᠲᠤ ᠶᠢᠨ ᠪᠣᠳᠠᠲᠠᠢ ᠳᠤ ᠲᠣᠬᠢᠷᠠᠬᠤ ᠮᠡᠷᠭᠡᠵᠢᠯ ᠤᠨ | ᠵᠠᠮ ᠱᠤᠭᠤᠮ ᠢ ᠢᠳᠡᠭ ᠢᠳᠡᠭ ᠢᠶᠠᠷ ᠪᠣᠶ ᠪᠣᠯᠭᠠᠪᠠ ᠃ | ᠲᠤᠰ ᠱᠠᠩᠨᠠᠯ ᠢ ᠣᠯᠭᠤᠭᠰᠠᠨ ᠨᠢ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠭᠠᠵᠠᠷ ᠤᠨ ᠲᠤᠰᠬᠠᠢ ᠮᠡᠷᠭᠡᠵᠢᠯ ᠤᠨ ᠠᠵᠢᠯᠲᠠᠨ ᠤ ᠰᠢᠷ᠎ᠠ ᠪᠤᠷᠴᠠᠭ | — ᠡᠷᠳᠡᠨᠢ ᠰᠢᠰᠢ ᠶᠢᠨ ᠪᠦᠰᠡᠯᠢᠭ ᠬᠡᠯᠪᠡᠷᠢᠲᠠᠢ ᠨᠡᠶᠢᠯᠡᠮᠡᠯ ᠲᠠᠷᠢᠶᠠᠯᠠᠭ᠎ᠠ ᠶᠢᠨ ᠮᠡᠷᠭᠡᠵᠢᠯ ᠳᠡᠯᠭᠡᠷᠡᠭᠦᠯᠬᠦ ᠠᠵᠢᠯ ᠢ | ᠳᠡᠭᠡᠳᠦ ᠬᠡᠮᠵᠢᠶ᠎ᠡ ᠪᠠᠷ ᠮᠡᠳᠡᠷᠡᠭᠰᠡᠨ ᠶᠠᠪᠤᠳᠠᠯ ᠪᠣᠯᠣᠨ᠎ᠠ᠃ ᠪᠤᠭᠤᠲᠤ ᠬᠤᠳᠠ ᠶᠢᠨ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠭᠠᠵᠠᠷ ᠤᠨ ᠬᠢᠨ ᠦᠨᠳᠦᠰᠦᠨ | ᠱᠠᠲᠤᠨ ᠳᠤ ᠬᠠᠨᠳᠤᠬᠤ ᠂ ᠲᠠᠷᠢᠶᠠᠯᠠᠩ ᠠᠵᠤ ᠠᠬᠤᠢ ᠳᠤ ᠦᠢᠯᠡᠴᠢᠯᠡᠬᠦ ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ | ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ ᠂ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠪᠣᠯᠣᠨ | ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠵᠦ ᠂ ᠪᠤᠭᠤᠲᠤ ᠬᠤᠳᠠ ᠶᠢᠨ ᠲᠠᠷᠢᠶᠠᠯᠠᠩ ᠠᠵᠤ ᠠᠬᠤᠢ ᠶᠢᠨ | ᠮᠡᠷᠭᠡᠵᠢᠯ ᠤᠨ ᠴᠢᠨᠠᠷ ᠰᠠᠶᠢᠲᠠᠢ ᠬᠥᠭᠵᠢᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ | ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ᠃ | |