ᠬᠦᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ | ᠲᠣᠪᠴᠢᠶ᠎ᠠ ᠠᠴᠠ ᠣᠶᠢᠯᠠᠭᠠᠭᠰᠠᠨ ᠢᠶᠠᠷ᠂ 2022 ᠣᠨ ᠳᠤ ᠬᠦᠬᠡᠬᠤᠲᠠ ᠠᠮᠤ ᠪᠤᠳᠠᠭᠠᠨ ᠤ ᠤᠨᠠᠯᠲᠠ ᠶᠢᠨ | ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠠᠩᠬ᠎ᠠ ᠤᠳᠠᠭ᠎ᠠ 180 ᠲᠦᠮᠡᠨ ᠲᠤᠨ ᠤ ᠪᠣᠭᠤᠮᠲᠠ ᠶᠢ | ᠳᠠᠪᠠᠪᠠ᠃ | 2022 ᠣᠨ ᠳᠤ ᠂ ᠬᠦᠬᠡᠬᠤᠳᠠ ᠬᠠᠪᠤᠷ ᠤᠨ ᠲᠠᠷᠢᠶᠠᠯᠠᠭ᠎ᠠ ᠪᠣᠯᠤᠨ ᠨᠠᠮᠤᠷ ᠤᠨ ᠬᠤᠷᠢᠶᠠᠯᠲᠠ ᠶᠢᠨ ᠬᠤᠶᠠᠷ | ᠶᠡᠭᠡ ᠵᠠᠩᠭᠢᠯᠠᠭ᠎ᠠ ᠶᠢᠨ ᠴᠠᠭ ᠦᠶ᠎ᠡ ᠳᠤ ᠬᠤᠶᠠᠷ ᠡᠭᠡᠯᠵᠢ ᠶᠢᠨ ᠬᠢᠵᠢᠭ ᠤᠨ ᠨᠥᠯᠥᠭᠡ ᠳᠤ ᠤᠴᠠᠷᠠᠵᠤ᠂ ᠪᠠᠰᠠ | ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠤ ᠭᠠᠩ ᠬᠠᠭᠰᠠᠷᠠᠭᠠᠨ ᠪᠣᠯᠤᠨ 7᠂ 8 ᠬᠤᠶᠠᠷ ᠰᠠᠷ᠎ᠠ ᠶᠢᠨ ᠦᠶᠡᠷ | ᠤᠰᠤᠲᠤᠯ ᠵᠡᠷᠭᠡ ᠣᠯᠠᠨ ᠵᠦᠢᠯ ᠤᠨ ᠬᠦᠨᠳᠦ ᠬᠡᠴᠡᠭᠦᠦ ᠥᠷᠢᠰᠦᠯᠳᠦᠭᠡᠨ ᠳᠤ ᠲᠤᠯᠭᠠᠷᠠᠭᠰᠠᠨ ᠪᠠᠶᠢᠨ᠎ᠠ ᠃ ᠡᠬᠦᠨ ᠳᠤ | ᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠠᠮᠤ ᠪᠤᠳᠠᠭᠠᠨ ᠤ ᠠᠮᠤᠷ ᠲᠦᠪᠰᠢᠨ ᠢ ᠭᠤᠣᠯᠳᠠᠯᠭ᠎ᠠ ᠶᠢᠨ | ᠳᠣᠲᠣᠷᠠᠬᠢ ᠭᠤᠤᠯᠳᠠᠯᠭ᠎ᠠ ᠶᠢᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠨ᠂ ᠠᠮᠤ ᠪᠤᠳᠠᠭᠠᠨ ᠤ ᠠᠮᠤᠷ | ᠲᠦᠪᠰᠢᠨ ᠤ ᠲᠠᠯ᠎ᠠ ᠪᠠᠷ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠡᠷᠡᠰ ᠨᠠᠶᠢᠳᠠᠪᠤᠷᠢᠵᠢᠭᠤᠯᠵᠤ ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠠᠮᠤ ᠪᠤᠳᠠᠭᠠᠨ ᠤ ᠳᠤᠭᠳᠠᠭᠤᠨ ᠤ ᠳᠤᠮᠳᠠ | ᠤᠷᠤᠭᠰᠢᠯᠠᠯᠳᠠ ᠲᠠᠢ ᠪᠠᠶᠢᠬᠤ ᠶᠢ ᠪᠠᠳᠤᠯᠠᠪᠠ᠃ ᠦᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠴᠢᠨᠠᠷ ᠰᠠᠶᠢᠲᠠᠢ ᠪᠦᠭᠡᠳ ᠥᠨᠳᠥᠷ ᠪᠦᠲᠦᠮᠵᠢᠲᠡᠢ ᠠᠮᠤ | ᠪᠤᠳᠠᠭ᠎ᠠ ᠶᠢ ᠨᠡᠮᠡᠭᠳᠡᠭᠦᠯᠬᠦ ᠠᠵᠢᠯᠯᠠᠭᠠᠨ ᠢ ᠪᠦᠲᠦᠮᠵᠢᠲᠡᠢ ᠬᠡᠷᠡᠭᠵᠢᠭᠦᠯᠦᠨ᠂ ᠠᠮᠤ ᠪᠤᠳᠠᠭᠠᠨ ᠤ ᠲᠠᠷᠢᠮᠠᠯ ᠤᠨ ᠰᠠᠶᠢᠨ | ᠡᠭᠦᠯᠳᠡᠷ ᠤᠨ ᠪᠦᠷᠬᠦᠴᠡ ᠶᠢᠨ ᠨᠣᠷᠮ᠎ᠠ ᠪᠠ ᠲᠠᠷᠢᠶᠠᠯᠠᠩ ᠤᠨ ᠮᠠᠰᠢᠨᠴᠢᠯᠠᠯᠲᠠ ᠶᠢᠨ ᠲᠦᠪᠰᠢᠨ ᠢ ᠴᠢᠷᠮᠠᠶᠢᠨ | ᠳᠡᠭᠡᠭᠰᠢᠯᠡᠭᠦᠯᠵᠦ᠂ ᠰᠢᠷ᠎ᠠ ᠪᠤᠷᠴᠠᠭ ᠪᠠ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠠᠯᠠᠭᠯᠠᠨ ᠲᠠᠷᠢᠬᠤ ᠮᠡᠷᠭᠡᠵᠢᠯ ᠢ | ᠳᠡᠯᠭᠡᠷᠡᠭᠦᠯᠦᠨ ᠬᠡᠷᠡᠭᠵᠢᠭᠦᠯᠵᠠᠢ᠃ | ᠤᠯᠤᠰ ᠤᠨ ᠲᠤᠭ᠎ᠠ ᠪᠦᠷᠢᠳᠭᠡᠯ ᠤᠨ ᠲᠣᠪᠴᠢᠶ᠎ᠠ ᠶᠢᠨ ᠬᠥᠬᠡᠬᠤᠲᠠ ᠶᠢᠨ ᠪᠠᠶᠢᠴᠠᠭᠠᠯᠲᠠ ᠶᠢᠨ ᠠᠩᠭᠢ ᠶᠢᠨ | ᠲᠤᠭ᠎ᠠ ᠪᠠᠷᠢᠮᠲᠠ ᠶᠢ ᠦᠨᠳᠦᠰᠦᠯᠡᠪᠡᠯ᠂ 2022 ᠣᠨ ᠳᠤ ᠬᠥᠬᠡᠬᠤᠲᠠ ᠶᠢᠨ ᠠᠮᠤ ᠪᠤᠳᠠᠭᠠᠨ ᠤ ᠲᠠᠷᠢᠮᠠᠯ ᠲᠠᠷᠢᠬᠰᠠᠨ | ᠲᠠᠯᠠᠪᠠᠢ 501.76 ᠲᠦᠮᠡᠨ ᠮᠦ ᠳᠤ ᠬᠦᠷᠴᠦ᠂ ᠲᠠᠬᠡᠷ᠎ᠠ ᠵᠢᠯ ᠤᠨ ᠬᠢ ᠠᠴᠠ ᠪᠠᠨ 6.72 ᠲᠦᠮᠡᠨ ᠮᠦ ᠨᠡᠮᠡᠭᠳᠡᠪᠡ︔ | ᠠᠮᠤ ᠪᠤᠳᠠᠭᠠᠨ ᠤ ᠲᠠᠯᠠᠪᠠᠢ ᠶᠢᠨ ᠮᠦ ᠨᠢᠭᠡᠴᠢ ᠶᠢᠨ ᠤᠨᠠᠯᠲᠠ 364.9 ᠺᠢᠯᠦᠭᠷᠡᠮ ᠳᠤ ᠬᠦᠷᠴᠦ᠂ ᠲᠠᠬᠡᠷ᠎ᠠ | ᠵᠢᠯ ᠤᠨ ᠬᠢ ᠠᠴᠠ ᠪᠠᠨ 7.75 ᠺᠢᠯᠦᠭᠷᠡᠮ ᠨᠡᠮᠡᠭᠳᠡᠵᠡᠢ︔ ᠠᠮᠤ ᠪᠤᠳᠠᠭᠠᠨ ᠤ ᠤᠨᠠᠯᠳᠠ 183.09 ᠲᠦᠮᠡᠨ | ᠲᠤᠨ ᠳᠤ ᠬᠦᠷᠴᠦ᠂ ᠲᠠᠬᠡᠷ᠎ᠠ ᠵᠢᠯ ᠤᠨ ᠬᠢ ᠠᠴᠠ ᠪᠠᠨ 6.28 ᠲᠦᠮᠡᠨ ᠲᠤᠨ ᠨᠡᠮᠡᠭᠳᠡᠭᠰᠡᠨ ᠪᠠᠶᠢᠨ᠎ᠠ᠃ | |