︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ | ᠲᠡᠷᠢᠭᠦᠨ ᠤ ᠬᠠᠮᠲᠤ ᠨᠡᠶᠢᠲᠡ ᠵᠢᠴᠢ ᠲᠡᠷᠢᠭᠦᠨ ᠤ ᠬᠤᠪᠢ ᠬᠥᠮᠥᠨ ᠢ ᠲᠠᠨᠢᠯᠴᠠᠭᠤᠯᠵᠤ ᠰᠢᠯᠭᠠᠷᠠᠭᠤᠯᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ | ᠲᠠᠷᠢᠮᠠᠯ ᠲᠠᠷᠬᠠᠭᠠᠭᠰᠠᠨ 〔2022〕 612 ᠳ᠋ᠤᠭᠠᠷ ᠲᠣᠭᠠᠲᠤ︶ ᠶᠣᠰᠣᠭᠠᠷ᠂ ᠡᠯ᠎ᠡ ᠠᠶᠢᠮᠠᠭ ᠬᠤᠲᠠ ᠶᠢᠨ | ᠲᠠᠨᠢᠯᠴᠠᠭᠤᠯᠭ᠎ᠠ ᠂ ᠬᠢᠨᠠᠨ ᠬᠠᠷᠭᠤᠭᠤᠯᠬᠤ ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠠᠴᠠ ᠲᠤᠰᠬᠠᠢ | ᠮᠡᠷᠭᠡᠵᠢᠯᠲᠡᠨ ᠢ ᠵᠣᠬᠢᠶᠠᠨ ᠪᠠᠶᠢᠭᠤᠯᠤᠨ ᠶᠡᠷᠦᠩᠬᠡᠶᠢᠯᠡᠨ ᠬᠢᠨᠠᠨ ᠰᠢᠯᠭᠠᠷᠠᠭᠤᠯᠵᠤ ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ ᠵᠡᠷᠭᠡ 20 ᠬᠠᠮᠲᠤ ᠨᠡᠶᠢᠲᠡ ᠶᠢ | ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠤ ᠬᠠᠮᠲᠤ ᠨᠡᠶᠢᠲᠡ ᠳᠤ | ᠬᠥᠬᠢᠭᠦᠯᠦᠨ ᠰᠠᠶᠢᠰᠢᠶᠠᠬᠤ ᠡᠲᠡᠭᠡᠳ ᠂ ᠶᠠᠨ ᠳ᠋ᠦᠩ ᠵᠡᠷᠭᠡ 30 ᠬᠥᠮᠥᠨ ᠢ ᠥᠪᠡᠷᠲᠡᠭᠡᠨ ᠵᠠᠰᠠᠬᠤ ᠣᠷᠣᠨ ᠤ ᠠᠮᠤ | ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠤ ᠠᠵᠢᠯᠲᠠᠨ ᠳᠤ ᠬᠥᠬᠢᠭᠦᠯᠦᠨ ᠰᠠᠶᠢᠰᠢᠶᠠᠬᠤ ᠡᠲᠡᠭᠡᠳ ᠂ ᠯᠢ ᠶᠢᠩ | ᠡᠾᠦᠢ ᠵᠡᠷᠭᠡ 30 ᠬᠥᠮᠥᠨ ᠢ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠡᠷᠢᠭᠦᠨ ᠤ | ᠦᠢᠯᠡᠳᠪᠦᠷᠢᠯᠡᠭᠴᠢ ᠳᠤ ᠬᠥᠬᠢᠭᠦᠯᠦᠨ ᠰᠠᠶᠢᠰᠢᠶᠠᠬᠤ ᠡᠲᠡᠭᠡᠳ ᠢᠶᠠᠷ ᠲᠣᠭᠲᠠᠭᠠᠵᠤ ᠂ ᠡᠳᠦᠭᠡ ᠲᠠᠨᠢᠯᠴᠠᠭᠤᠯᠤᠭᠰᠠᠨ | ᠡᠲᠡᠭᠡᠳ ᠢ ᠢᠯᠡ ᠨᠡᠶᠢᠲᠡᠯᠡᠪᠡ᠃ | ᠢᠯᠡ ᠨᠡᠶᠢᠲᠡᠯᠡᠬᠦ ᠬᠤᠭᠤᠴᠠᠭ᠎ᠠ ᠨᠢ 2023 ᠣᠨ ᠤ 1 ᠰᠠᠷ᠎ᠠ ᠶᠢᠨ 6 ᠤ ᠡᠳᠦᠷ ᠠᠴᠠ 13 ᠤ ᠡᠳᠦᠷ | ᠪᠣᠯᠲᠠᠯ᠎ᠠ᠃ ᠬᠥᠬᠢᠭᠦᠯᠦᠨ ᠰᠠᠶᠢᠰᠢᠶᠠᠬᠤ ᠡᠲᠡᠭᠡᠳ ᠲᠤ ᠣᠨᠳᠣᠣ ᠰᠠᠨᠠᠯ ᠲᠠᠢ ᠪᠠᠶᠢᠪᠠᠯ᠂ ᠢᠯᠡ ᠨᠡᠶᠢᠲᠡᠯᠡᠬᠦ | ᠬᠤᠭᠤᠴᠠᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠳᠤᠰᠬᠠᠭᠠᠷᠠᠢ ᠂ ᠬᠡᠯᠪᠡᠷᠢ ᠮᠠᠶ᠋ᠢᠭ ᠨᠢ ᠤᠲᠠᠰᠤ ᠂ ᠵᠠᠬᠢᠳᠠᠯ᠂ | ᠢᠮᠧᠯ ᠪᠠᠶᠢᠵᠤ᠂ ᠬᠦᠷᠦᠭᠰᠡᠨ ᠡᠳᠦᠷ ᠢᠶᠠᠷ ᠪᠠᠷᠢᠮᠵᠢᠶ᠎ᠠ ᠪᠣᠯᠭᠠᠨ᠎ᠠ᠃ ᠨᠢᠭᠡᠴᠢ ᠶᠢᠨ ᠨᠡᠷ᠎ᠡ ᠪᠠᠷ ᠪᠠᠶᠢᠳᠠᠯ ᠢ | ᠲᠤᠰᠬᠠᠬᠤ ᠳᠤ ᠨᠢᠭᠡᠴᠢ ᠶᠢᠨ ᠠᠯᠪᠠᠨ ᠲᠠᠮᠠᠭ᠎ᠠ ᠳᠠᠷᠤᠵᠤ ᠂ ᠬᠤᠪᠢ ᠬᠥᠮᠥᠨ ᠤ ᠨᠡᠷ᠎ᠡ ᠪᠠᠷ ᠪᠠᠶᠢᠳᠠᠯ ᠢ | ᠲᠤᠰᠬᠠᠬᠤ ᠳᠤ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ ᠪᠠᠨ ᠬᠠᠩᠭᠠᠭᠠᠷᠠᠢ᠃ | ᠬᠠᠷᠢᠯᠴᠠᠬᠤ ᠤᠲᠠᠰᠤ᠄ 0471-6652220 | ᠵᠠᠬᠢᠳᠠᠯ ᠨᠡᠪᠲᠡᠷᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ | ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ | ᠰᠢᠤᠳᠠᠨ ᠳ᠋ᠤᠭᠠᠷ᠄ 010010 | ᠢᠮᠧᠯ᠄ xubingxue_zzyc@163.com | | ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠤ | ᠬᠠᠮᠲᠤ ᠨᠡᠶᠢᠲᠡ ᠵᠢᠴᠢ ᠲᠡᠷᠢᠭᠦᠨ ᠤ ᠬᠤᠪᠢ ᠬᠥᠮᠥᠨ ᠤ ᠲᠠᠨᠢᠯᠴᠠᠭᠤᠯᠬᠤ ᠡᠲᠡᠭᠡᠳ ᠤᠨ ᠢᠯᠡ ᠨᠡᠶᠢᠲᠡᠯᠡᠬᠦ ᠨᠡᠷᠡᠰ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2023 ᠣᠨ ᠤ 1 ᠰᠠᠷ᠎ᠠ ᠶᠢᠨ 6 ᠤ ᠡᠳᠦᠷ | |