ᠣᠶᠢᠷ᠎ᠠ ᠳᠤ ᠂ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠳᠦᠭᠦᠷᠲᠡᠯ᠎ᠡ ᠲᠡᠭᠡᠭᠡᠭᠰᠡᠨ ᠬᠡᠳᠦᠨ | ᠠᠴᠢᠶᠠᠨ ᠤ ᠮᠠᠰᠢᠨ ᠲᠡᠷᠭᠡ ᠭᠠᠭᠴᠠᠮᠤᠳᠤ ᠬᠢᠯᠢ ᠶᠢᠨ ᠪᠣᠭᠤᠮᠲᠠ ᠪᠠᠷ ᠳᠡᠮᠵᠢᠨ ᠮᠣᠩᠭᠤᠯ ᠤᠯᠤᠰ ᠲᠤ ᠭᠠᠷᠪᠠ᠃ | ᠡᠨᠡ ᠨᠢ ᠪᠠᠶᠠᠨᠨᠠᠭᠤᠷ ᠬᠤᠲᠠ ᠲᠤᠮᠳᠠᠳᠤ ᠮᠣᠩᠭᠤᠯ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ | ᠪᠦᠲᠦᠭᠡᠭᠳᠡᠭᠦᠨ ᠢ ᠤᠷᠤᠭᠤᠯᠵᠤ ᠭᠠᠷᠭᠠᠬᠤ ᠰᠢᠨ᠎ᠡ ᠵᠠᠮ ᠢ ᠨᠡᠪᠲᠡᠷᠡᠭᠦᠯᠦᠭᠰᠡᠨ ᠢ ᠬᠠᠷᠠᠭᠤᠯᠵᠤ ᠪᠠᠶᠢᠨ᠎ᠠ ᠃ | ᠪᠠᠶᠠᠨᠨᠠᠭᠤᠷ ᠬᠤᠲᠠ ᠠᠩᠬᠠᠨ ᠤ ᠪᠦᠯᠦᠭ ᠤᠨ ᠨᠡᠶᠢᠲᠡ 18.5 ᠳᠤᠨ ᠤ ᠰᠢᠨ᠎ᠡ ᠰᠣᠷᠭᠤᠭ ᠵᠢᠮᠢᠰ | ᠨᠣᠭᠤᠭ᠎ᠠ ᠶᠢ ᠭᠠᠭᠴᠠᠮᠤᠳᠤ ᠬᠢᠯᠢ ᠶᠢᠨ ᠪᠣᠭᠤᠮᠲᠠ ᠪᠠᠷ ᠮᠣᠩᠭᠤᠯ ᠤᠯᠤᠰ ᠲᠤ ᠭᠠᠷᠭᠠᠵᠤ᠂ ᠰᠢᠬᠢᠷᠯᠢᠭ ᠯᠠᠵᠤᠤ᠂ | ᠲᠥᠪᠡᠳ ᠬᠠᠰᠢ᠂ ᠠᠯᠮᠤᠷᠠᠳ᠂ ᠠᠯᠢᠮ᠎ᠠ ᠵᠡᠷᠭᠡ 2 ᠶᠡᠭᠡ ᠲᠥᠷᠥᠯ ᠤᠨ 18 ᠲᠥᠷᠥᠯ ᠵᠦᠢᠯ ᠪᠠᠭᠲᠠᠨ᠎ᠠ᠃ ᠲᠣᠰ | ᠤᠳᠠᠭᠠᠨ ᠤ ᠭᠠᠳᠠᠭᠠᠳᠤ ᠭᠠᠷᠭᠠᠯᠲᠠ ᠨᠢ ᠭᠠᠭᠴᠠᠮᠤᠳᠤ ᠬᠢᠯᠢ ᠶᠢᠨ ᠪᠣᠭᠤᠮᠲᠠ ᠪᠠᠷ ᠮᠣᠩᠭᠤᠯ ᠤᠯᠤᠰ ᠲᠤ | ᠭᠠᠷᠭᠠᠬᠤ ᠶᠢ ᠪᠡᠶᠡᠯᠡᠭᠦᠯᠵᠦ᠂ ᠪᠠᠶᠠᠨᠨᠠᠭᠤᠷ ᠬᠤᠲᠠ ᠶᠢᠨ ᠲᠣᠰ ᠭᠠᠵᠠᠷ ᠤᠨ ᠠᠵᠤ ᠠᠬᠤᠶᠢᠯᠠᠯ ᠤᠨ ᠣᠯᠠᠨ | ᠤᠯᠤᠰ ᠤᠨ ᠵᠠᠬ᠎ᠠ ᠳᠡᠯᠭᠡᠭᠦᠷ ᠲᠤ ᠴᠢᠨᠠᠷ ᠰᠠᠶᠢᠲᠠᠢ ᠵᠢᠮᠢᠰ ᠨᠣᠭᠤᠭ᠎ᠠ ᠶᠢᠨ ᠪᠦᠲᠦᠭᠡᠭᠳᠡᠭᠦᠨ ᠢ ᠭᠠᠳᠠᠭᠠᠲᠦ ᠳᠤ | ᠭᠠᠷᠭᠠᠬᠤ ᠳᠤ ᠰᠢᠨ᠎ᠡ ᠲᠠᠪᠴᠠᠩ ᠬᠠᠩᠭᠠᠵᠤ᠂ ᠮᠣᠩᠭᠤᠯ ᠤᠯᠤᠰ ᠯᠤᠭ᠎ᠠ ᠶᠢᠨ ᠶᠠᠪᠤᠯᠴᠠᠭ᠎ᠠ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠳᠤ ᠨᠡᠭᠡᠭᠡᠯᠲᠡ ᠬᠢᠬᠦ ᠰᠢᠨ᠎ᠡ ᠬᠦᠭᠦᠷᠭᠡ ᠶᠢ ᠪᠠᠶᠢᠭᠤᠯᠵᠦ ᠂ ᠪᠠᠶᠠᠨᠨᠠᠭᠤᠷ ᠤᠨ ᠴᠢᠨᠠᠷ ᠰᠠᠶᠢᠲᠠᠢ | ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠭᠦᠨ ᠢ ᠭᠠᠳᠠᠭᠠᠲᠦ ᠳᠤ ᠭᠠᠷᠭᠠᠬᠤ ᠰᠢᠨ᠎ᠡ ᠵᠠᠮ ᠢ ᠨᠡᠭᠡᠭᠡᠵᠦ᠂ | ᠪᠠᠶᠠᠨᠨᠠᠭᠤᠷ ᠬᠤᠲᠠ ᠶᠢᠨ ᠤᠯᠤᠰ ᠤᠨ ᠳᠣᠲᠣᠭᠠᠳᠤ ᠭᠠᠳᠠᠭᠠᠲᠦ ᠶᠢᠨ ᠬᠤᠤᠰ ᠣᠷᠴᠢᠯ ᠳᠤ ᠢᠳᠡᠪᠬᠢᠲᠡᠶ | ᠠᠭᠤᠰᠤᠯᠴᠠᠬᠤ ᠶᠢ ᠠᠬᠢᠭᠤᠯᠵᠤ᠂ ᠪᠦᠬᠦ ᠬᠤᠲᠠ ᠪᠦᠬᠦ ᠣᠷᠣᠨ ᠤ ᠨᠡᠭᠡᠭᠡᠯᠲᠡᠲᠦ ᠬᠦᠭᠵᠢᠯᠲᠡ ᠳᠤ ᠦᠢᠯᠡᠴᠢᠯᠡᠬᠦ | ᠠᠮᠢᠳᠤᠯᠢᠭ ᠦᠢᠯᠡᠳᠦᠯᠭᠡ ᠪᠠᠶᠢᠵᠤ ᠂ ᠪᠠᠷᠠᠭ᠎ᠠ ᠶᠢᠨ ᠢᠷᠡᠯᠲᠡ ᠬᠠᠩᠭᠠᠯᠲᠠᠲᠠᠢ ᠳᠠᠪᠠᠭᠤᠯᠢᠭ ᠢᠶᠠᠨ ᠭᠦᠢᠴᠡᠳ | ᠪᠠᠳᠠᠷᠠᠭᠤᠯᠬᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠪᠥᠬᠦ ᠬᠦᠴᠦᠨ ᠢᠶᠠᠷ ᠢᠶᠠᠨ ᠡᠷᠢᠯᠬᠢᠯᠡᠬᠦ ᠠᠷᠭ᠎ᠠ | ᠬᠡᠮᠵᠢᠶ᠎ᠡ ᠪᠠᠶᠢᠵᠤ ᠂ ᠰᠢᠨ᠎ᠡ ᠬᠦᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠳᠤ ᠪᠠᠢᠷᠢᠰᠢᠯ ᠲᠤ ᠴᠢᠬᠤᠯᠠ ᠠᠴᠢ | ᠬᠤᠯᠪᠣᠭᠳᠠᠯ ᠲᠠᠢ ᠶᠤᠮ᠃ | ᠭᠠᠭᠴᠠᠮᠣᠳᠣ ᠬᠢᠯᠢ ᠶᠢᠨ ᠪᠣᠭᠤᠮᠲᠠ ᠨᠢ ᠤᠯᠠᠭᠠᠨᠪᠠᠭᠠᠲᠤᠷ ᠬᠤᠲᠠ ᠠᠴᠠ 650 ᠺᠢᠯᠣᠮᠧᠲᠷ ᠵᠠᠶᠢᠲᠠᠢ ᠂ | ᠮᠣᠩᠭᠤᠯ ᠤᠯᠤᠰ ᠤᠨ ᠡᠮᠦᠨᠡᠭᠤᠪᠢ ᠠᠶᠢᠮᠠᠭ ᠤᠨ ᠲᠠᠪᠤᠨᠲᠣᠯᠣᠭᠠᠶ ᠨᠡᠭᠦᠷᠡᠰᠦᠨ ᠠᠭᠤᠷᠬᠠᠢ ᠠᠴᠠ 245 ᠺᠢᠯᠣᠮᠧᠲᠷ | ᠵᠠᠶᠢᠲᠠᠢ ᠂ ᠮᠣᠩᠭᠤᠯ ᠤᠯᠤᠰ ᠤᠨ ᠤᠶᠤᠠᠲᠣᠯᠣᠭᠠᠶ ᠵᠡᠰ ᠤᠨ ᠠᠭᠤᠷᠬᠠᠢ ᠠᠴᠠ 90 ᠺᠢᠯᠣᠮᠧᠲᠷ ᠵᠠᠶᠢᠲᠠᠢ ᠪᠠᠶᠢᠵᠤ ᠂ | ᠮᠣᠩᠭᠤᠯ ᠤᠯᠤᠰ ᠤᠨ ᠬᠤᠶᠠᠷ ᠲᠣᠮᠣ ᠠᠭᠤᠷᠬᠠᠢ ᠠᠴᠠ ᠬᠠᠮᠤᠭ ᠤᠨ ᠣᠶᠢᠷ᠎ᠠ ᠮᠣᠩᠭᠤᠯ ᠤᠯᠤᠰ ᠲᠤ | ᠬᠠᠨᠳᠤᠭᠤᠯᠤᠭᠰᠠᠨ ᠬᠢᠯᠢ ᠶᠢᠨ ᠪᠣᠭᠤᠮᠲᠠ ᠪᠣᠯᠤᠨ᠎ᠠ᠃ ᠡᠭᠦᠨ ᠠᠴᠠ ᠡᠮᠦᠨ᠎ᠡ᠂ ᠮᠣᠩᠭᠤᠯ ᠤᠯᠤᠰ ᠤᠨ | ᠭᠠᠳᠠᠭᠠᠲᠦ ᠠᠴᠠ ᠣᠷᠣᠭᠤᠯᠤᠭᠰᠠᠨ ᠵᠢᠮᠢᠰ ᠨᠣᠭᠤᠭ᠎ᠠ᠂ ᠠᠮᠤ ᠲᠣᠰᠣ᠂ ᠢᠳᠡᠭᠡᠨ ᠵᠡᠷᠭᠡ ᠠᠮᠢᠳᠤᠷᠠᠯ ᠤᠨ ᠴᠢᠬᠤᠯᠠ | ᠬᠡᠷᠡᠭᠯᠡᠭᠡᠨ ᠤ ᠵᠦᠢᠯ ᠢ ᠴᠥᠮ ᠡᠷᠢᠶᠡᠨ ᠬᠤᠲᠠ ᠶᠢᠨ ᠬᠢᠯᠢ ᠶᠢᠨ ᠪᠤᠭᠤᠮᠲᠠ ᠠᠴᠠ ᠤᠯᠠᠭᠠᠨᠪᠠᠭᠠᠲᠤᠷ ᠲᠤ | ᠣᠷᠣᠭᠤᠯᠵᠤ᠂ ᠳᠠᠬᠢᠨ ᠤᠯᠠᠭᠠᠨᠪᠠᠭᠠᠲᠤᠷ ᠠᠴᠠ ᠠᠭᠤᠷᠬᠠᠶ ᠶᠢᠨ ᠠᠮᠢᠳᠤᠷᠠᠯ ᠤᠨ ᠲᠤᠭᠤᠷᠢᠭ ᠲᠤ ᠰᠢᠯᠵᠢᠭᠦᠯᠦᠨ | ᠵᠥᠭᠡᠭᠡᠪᠦᠷᠢᠯᠡᠵᠦ ᠪᠠᠶᠢᠪᠠ ᠃ ᠡᠨᠡ ᠨᠢ ᠭᠠᠳᠠᠭᠠᠲᠦ ᠠᠴᠠ ᠣᠷᠣᠭᠤᠯᠤᠭᠰᠠᠨ ᠵᠢᠮᠢᠰ ᠢᠳᠡᠰᠢᠨ ᠨᠣᠭᠤᠭ᠎ᠠ᠂ ᠠᠮᠤ | ᠲᠣᠰᠣ᠂ ᠢᠳᠡᠭᠡᠨ ᠤ ᠲᠡᠭᠡᠭᠡᠪᠦᠷᠢ ᠶᠢᠨ ᠥᠪᠡᠷ ᠤᠨ ᠥᠷᠲᠡᠭ ᠥᠨᠳᠥᠷ᠂ ᠦᠶᠡᠯᠡᠯ ᠤᠨ ᠬᠤᠭᠤᠴᠠᠭ᠎ᠠ ᠣᠷᠳᠣ᠂ | ᠰᠣᠷᠭᠤᠭ ᠪᠠᠶᠢᠯᠭᠠᠬᠤ ᠬᠡᠮᠵᠢᠶ᠎ᠡ ᠨᠢ ᠠᠨᠠᠶ ᠪᠠᠶᠢᠳᠠᠯ ᠢ ᠪᠣᠶ ᠪᠣᠯᠭᠠᠵᠠᠶ᠃ ᠪᠠᠶᠠᠨᠨᠠᠭᠤᠷ ᠬᠤᠲᠠ ᠶᠢᠨ ᠳᠤᠮᠳᠠᠳᠤ | ᠮᠣᠩᠭᠤᠯ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠭᠦᠨ ᠢ ᠭᠠᠳᠠᠭᠠᠲᠦ ᠠᠴᠠ ᠣᠷᠣᠭᠤᠯᠬᠤ ᠪᠠ | ᠭᠠᠳᠠᠭᠠᠲᠦ ᠳᠤ ᠭᠠᠷᠭᠠᠬᠤ ᠰᠢᠨ᠎ᠡ ᠵᠠᠮ ᠢ ᠨᠡᠪᠲᠡᠷᠡᠭᠦᠯᠦᠭᠰᠡᠨ ᠨᠢ ᠮᠣᠩᠭᠤᠯ ᠤᠯᠤᠰ ᠤᠨ ᠭᠠᠳᠠᠭᠠᠲᠦ ᠠᠴᠠ | ᠣᠷᠣᠭᠤᠯᠤᠭᠰᠠᠨ ᠵᠢᠮᠢᠰ ᠨᠣᠭᠤᠭ᠎ᠠ ᠶᠢᠨ ᠤᠯᠠᠭᠠᠨᠪᠠᠭᠠᠲᠤᠷ ᠪᠠ ᠡᠮᠦᠨᠡᠲᠦ ᠬᠡᠰᠡᠭ ᠤᠨ ᠠᠭᠤᠷᠬᠠᠶ ᠶᠢᠨ ᠣᠷᠣᠨ ᠳᠤ | ᠬᠥᠷᠬᠦ ᠲᠡᠭᠡᠭᠡᠪᠦᠷᠢ ᠶᠢᠨ ᠵᠠᠶ ᠶᠢ ᠲᠣᠰ ᠲᠣᠰ 1100 ᠺᠢᠯᠣᠮᠧᠲᠷ ᠪᠠ 1500 ᠺᠢᠯᠣᠮᠧᠲᠷ ᠪᠣᠭᠤᠨᠢᠰᠬᠠᠬᠤ ᠶᠢ | ᠪᠡᠶᠡᠯᠡᠭᠦᠯᠵᠦ᠂ ᠲᠡᠭᠡᠭᠡᠪᠦᠷᠢ ᠶᠢᠨ ᠥᠪᠡᠷ ᠤᠨ ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠤᠨ᠂ ᠦᠢᠯᠡᠳᠭᠦᠨ ᠤ | ᠰᠣᠷᠭᠤᠭ ᠪᠠᠶᠢᠯᠭᠠᠬᠤ ᠬᠡᠮᠵᠢᠶ᠎ᠡ ᠶᠢ ᠳᠡᠭᠡᠭᠰᠢᠯᠡᠭᠦᠯᠬᠦ ᠪᠣᠯᠤᠨ᠎ᠠ᠃ | ᠪᠠᠶᠠᠨᠨᠠᠭᠤᠷ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠯᠢᠦᠶ ᠰᠢᠶᠤᠤ ᠵᠢᠶᠦ᠋ᠨ᠄ ︽ᠪᠢᠳᠡ ᠲᠣᠰ ᠤᠳᠠᠭᠠᠨ ᠤ | ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠭᠠᠳᠠᠭᠠᠲᠦ ᠯᠤᠭ᠎ᠠ ᠶᠢᠨ ᠨᠥᠬᠦᠷᠰᠡᠭ ᠰᠣᠯᠢᠯᠴᠠᠭ᠎ᠠ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠲᠦᠷᠭᠡᠳᠬᠡᠨ ᠠᠬᠢᠭᠤᠯᠵᠤ᠂ ᠮᠣᠩᠭᠤᠯ ᠤᠯᠤᠰ ᠲᠠᠬᠢ ᠵᠢᠮᠢᠰ ᠢᠳᠡᠰᠢᠨ | ᠨᠣᠭᠤᠭ᠎ᠠ ᠶᠢᠨ ᠭᠠᠳᠠᠭᠠᠲᠦ ᠳᠤ ᠭᠠᠷᠭᠠᠬᠤ ᠠᠷᠠᠯᠵᠢᠶᠠᠨ ᠤ ᠪᠠᠶᠢᠩᠭᠤᠵᠢᠭᠰᠠᠨ ᠲᠠᠪᠴᠠᠩ ᠢ ᠪᠠᠶᠢᠭᠤᠯᠵᠤ ᠂ ᠮᠠᠨ ᠤ | ᠬᠤᠲᠠ ᠶᠢᠨ ᠴᠢᠨᠠᠷ ᠰᠠᠶᠢᠲᠠᠢ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠭᠦᠨ ᠤ ︿ᠭᠠᠳᠠᠭᠰᠢ ᠭᠠᠷᠬᠤ﹀ | ᠶᠢ ᠠᠬᠢᠭᠤᠯᠵᠤ᠂ ᠪᠠᠶᠠᠠᠨᠠᠭᠤᠷ ᠬᠤᠲᠠ ᠶᠢᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠭᠦᠨ ᠢ ᠭᠠᠳᠠᠭᠠᠲᠦ ᠳᠤ | ᠭᠠᠷᠭᠠᠬᠤ ᠴᠢᠨᠠᠷ ᠰᠠᠶᠢᠲᠠᠢ ᠬᠦᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠪᠤᠯᠤᠨ᠎ᠠ︾ ᠭᠡᠵᠦ ᠲᠠᠨᠢᠯᠴᠠᠭᠤᠯᠤᠨ᠎ᠠ᠃ | |