ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠮᠢ ᠠᠬᠤᠶ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ
ᠨᠡᠶᠢᠲᠡᠯᠡᠭᠰᠡᠨ ᠴᠠᠭ᠄
2023/10/1
     ᠭᠤᠣᠯ ᠡᠭᠦᠷᠭᠡ ᠴᠢᠳᠠᠪᠬᠢ᠄      ᠨᠢᠭᠡ ᠳᠤ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠳᠠᠬᠢᠨ ᠡᠭᠦᠰᠴᠦ ᠪᠣᠯᠬᠤ ᠡᠨᠧᠷᠭᠢ ᠶᠢ ᠨᠡᠭᠡᠭᠡᠨ ᠠᠰᠢᠭᠯᠠᠬᠤ᠂ ᠲᠠᠷᠢᠶᠠᠯᠠᠩ ᠤᠨ ᠠᠷᠢᠭᠤᠨ ᠴᠡᠪᠡᠷ ᠦᠢᠯᠡᠳᠪᠦᠷᠢᠯᠡᠯ᠂ ᠠᠮᠢ ᠠᠬᠤᠶ ᠶᠢᠨ ᠣᠷᠴᠢᠯ ᠲᠠᠷᠢᠶᠠᠯᠠᠩ ᠤᠨ ᠮᠡᠷᠭᠡᠵᠢᠯ ᠤᠨ ᠲᠤᠯᠭᠠᠭᠤᠷᠢᠯᠠᠯ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠵᠦ᠂ ᠪᠦᠬᠦ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ᠂ ᠬᠥᠳᠡᠭᠡ ᠲᠣᠰᠬᠤᠨ ᠤ ᠡᠨᠧᠷᠭᠢ ᠪᠠ ᠲᠠᠷᠢᠶᠠᠯᠠᠩ ᠤᠨ ᠡᠬᠢ ᠪᠠᠶᠠᠯᠢᠭ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠦᠷᠢᠳᠬᠡᠯ ᠤᠨ ᠠᠵᠢᠯ ᠢ ᠡᠭᠦᠷᠭᠡᠯᠡᠨ᠎ᠡ᠃      ᠬᠤᠶᠠᠷ ᠲᠤ ᠪᠦᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠪᠠᠶᠢᠴᠠᠭᠠᠬᠤ᠂ ᠬᠢᠨᠠᠨ ᠬᠡᠮᠵᠢᠬᠦ ᠪᠠ ᠦᠨᠡᠯᠡᠬᠦ ᠠᠵᠢᠯ ᠢ ᠡᠭᠦᠷᠭᠡᠯᠡᠵᠦ᠂ ᠬᠢᠨᠠᠨ ᠬᠡᠮᠵᠢᠬᠦ ᠲᠣᠣᠷ ᠰᠦᠯᠵᠢᠶ᠎ᠡ ᠶᠢ ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠣᠷᠴᠢᠨ ᠲᠣᠭᠤᠷᠢᠨ ᠤ ᠪᠣᠬᠢᠷᠲᠤᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠬᠢᠨᠠᠨ ᠬᠡᠮᠵᠢᠬᠦ ᠶᠢ ᠡᠭᠦᠷᠭᠡᠯᠡᠵᠦ᠂ ᠪᠦᠬᠦ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠪᠠᠶᠢᠴᠠᠭᠠᠬᠤ᠂ ᠬᠢᠨᠠᠨ ᠬᠡᠮᠵᠢᠬᠦ ᠲᠣᠣᠷ ᠰᠦᠯᠵᠢᠶᠡᠨ ᠤ ᠪᠠᠶᠢᠭᠤᠯᠤᠯᠲᠠ ᠶᠢᠨ ᠮᠡᠷᠭᠡᠵᠢᠯ  ᠤᠨ ᠳᠡᠮᠵᠢᠯᠭᠡ ᠶᠢ ᠡᠭᠦᠷᠭᠡᠯᠡᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠪᠠᠶᠢᠴᠠᠭᠠᠬᠤ᠂ ᠬᠢᠨᠠᠨ ᠬᠡᠮᠵᠢᠬᠦ᠂ ᠦᠨᠡᠯᠡᠬᠦ᠂ ᠬᠠᠮᠠᠭᠠᠯᠠᠬᠤ᠂ ᠲᠠᠷᠢᠶᠠᠨ ᠭᠠᠵᠠᠷ ᠤᠨ ᠶᠠᠰᠤ ᠴᠢᠨᠠᠷ ᠪᠣᠯᠤᠨ ᠬᠥᠷᠥᠰᠥ ᠰᠢᠷᠣᠶ ᠶᠢ ᠪᠠᠶᠢᠴᠠᠭᠠᠨ ᠬᠡᠮᠵᠢᠬᠦ ᠮᠡᠷᠭᠡᠵᠢᠯ  ᠤᠨ ᠲᠤᠯᠭᠠᠭᠤᠷᠢᠯᠠᠯ ᠢ ᠡᠭᠦᠷᠭᠡᠯᠡᠨ᠎ᠡ᠃      ᠭᠤᠷᠪᠠ ᠳᠤ ᠲᠠᠷᠢᠶᠠᠨ ᠭᠠᠵᠠᠷ ᠤᠨ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ᠂ ᠲᠠᠴᠢᠷᠳᠠᠭᠰᠠᠨ ᠲᠠᠷᠢᠶᠠᠨ ᠭᠠᠵᠠᠷ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠪᠣᠬᠢᠷᠲᠤᠭᠰᠠᠨ ᠲᠠᠷᠢᠶᠠᠨ ᠭᠠᠵᠠᠷ ᠢ ᠠᠶᠤᠯ ᠦᠭᠡᠶ ᠠᠰᠢᠭᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠤ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ ᠵᠡᠷᠭᠡ ᠠᠵᠢᠯ ᠢ ᠡᠭᠦᠷᠭᠡᠯᠡᠨ᠎ᠡ᠃      ᠳᠥᠷᠪᠡ ᠳᠤ ᠪᠦᠬᠦ ᠣᠷᠣᠨ ᠤ ᠲᠠᠷᠢᠶᠠᠯᠠᠩ ᠤᠨ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠪᠠᠶᠢᠴᠠᠭᠠᠬᠤ᠂ ᠬᠢᠨᠠᠨ ᠬᠡᠮᠵᠢᠬᠦ᠂ ᠴᠤᠭᠯᠠᠭᠤᠯᠬᠤ᠂ ᠬᠠᠮᠠᠭᠠᠯᠠᠬᠤ ᠪᠠ ᠨᠡᠭᠡᠭᠡᠨ ᠠᠰᠢᠭᠯᠠᠬᠤ ᠵᠡᠷᠭᠡ ᠠᠵᠢᠯ ᠢ ᠡᠭᠦᠷᠭᠡᠯᠡᠵᠦ᠂ ᠭᠠᠳᠠᠨ᠎ᠠ  ᠠᠴᠠ ᠣᠷᠣᠵᠤ ᠢᠷᠡᠭᠰᠡᠨ ᠤᠷᠭᠤᠮᠠᠯ ᠢ ᠪᠠᠶᠢᠴᠠᠭᠠᠬᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠰᠡᠷᠭᠡᠶᠢᠯᠡᠨ ᠵᠠᠰᠠᠬᠤ ᠠᠵᠢᠯ ᠢ ᠡᠭᠦᠷᠭᠡᠯᠡᠨ᠎ᠡ᠃      ᠲᠠᠪᠤ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠮᠢ ᠠᠬᠤᠶ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠡᠬᠢ ᠪᠠᠶᠠᠯᠢᠭ ᠬᠢᠭᠡᠳ ᠣᠷᠴᠢᠨ ᠲᠣᠭᠤᠷᠢᠨ ᠤ ᠰᠠᠯᠠᠭ᠎ᠠ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠠᠯᠠᠭ᠎ᠠ᠂ ᠠᠮᠢ ᠠᠬᠤᠶ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ᠂ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠰᠠᠯᠠᠭ᠎ᠠ᠂ ᠲᠠᠷᠢᠶᠠᠨ ᠭᠠᠵᠠᠷ ᠤᠨ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ᠃      ᠠᠵᠢᠯᠲᠠᠨ ᠤ ᠣᠷᠣᠨ ᠲᠤᠭ᠎ᠠ ᠬᠢᠭᠡᠳ ᠠᠵᠢᠯᠲᠠᠨ ᠤ ᠪᠦᠲᠦᠴᠡ᠄ 40 ᠨᠡᠷᠡᠰ ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠪᠠ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 3 ᠨᠡᠷᠡᠰ ︵1 ᠵᠢᠩᠬᠢᠨᠢ 2 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ ᠶᠢ 9 ᠨᠡᠷᠡᠰ ︵6 ᠵᠢᠩᠬᠢᠨᠢ 3 ᠳᠡᠳ᠋︶ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠸᠠᠩ ᠶᠤᠸᠠᠢ ᠹᠸᠢ      ᠤᠲᠠᠰᠤ᠄ 0471 - 6652223      ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ  ᠤᠨ ᠠᠯᠪᠠᠨ ᠠᠰᠠᠷ ᠤᠨ 1412 ᠲᠠᠰᠤᠭ      ᠠᠵᠢᠯᠯᠠᠬᠤ ᠴᠠᠭ᠄ 08᠄ 30 - 12᠄ 00     14᠄ 30 - 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号