ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ
ᠨᠡᠶᠢᠲᠡᠯᠡᠭᠰᠡᠨ ᠴᠠᠭ᠄
2023/10/1
     ᠭᠤᠣᠯ ᠡᠭᠦᠷᠭᠡ ᠴᠢᠳᠠᠪᠬᠢ᠄      ᠨᠢᠭᠡ ᠳᠤ ᠪᠦᠬᠦ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ᠂ ᠬᠢᠵᠢᠭ ᠤᠨ ᠪᠠᠶᠢᠳᠠᠯ ᠢ ᠬᠢᠵᠠᠭᠠᠷᠯᠠᠨ ᠤᠰᠠᠳᠬᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠮᠡᠷᠭᠡᠵᠢᠯ ᠤᠨ ᠲᠤᠯᠭᠠᠭᠤᠷᠢᠯᠠᠯ ᠵᠢᠴᠢ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠨᠥᠭᠡᠴᠡ᠂ ᠠᠮᠢᠲᠠᠨ ᠤ ᠬᠢᠵᠢᠭ ᠡᠪᠡᠳᠴᠢᠨ ᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠣᠨᠣᠰᠢᠯᠠᠬᠤ᠂ ᠤᠷᠢᠳᠴᠢᠯᠠᠨ ᠰᠡᠷᠡᠮᠵᠢᠯᠡᠭᠦᠯᠬᠦ᠂ ᠬᠢᠨᠠᠨ ᠬᠡᠮᠵᠢᠵᠦ ᠴᠡᠪᠡᠷᠰᠢᠭᠦᠯᠬᠦ᠂ ᠲᠦᠭᠰᠢᠭᠦᠷᠢ ᠶᠢ ᠦᠨᠡᠯᠡᠨ ᠵᠢᠱᠢᠬᠦ᠂ ᠬᠢᠵᠢᠭ ᠤᠨ ᠪᠠᠶᠢᠳᠠᠯ ᠢ ᠮᠡᠳᠡᠭᠦᠯᠬᠦ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ᠬᠤᠶᠠᠷ ᠲᠤ ᠪᠦᠬᠦ ᠣᠷᠣᠨ ᠤ ᠠᠮᠢᠲᠠᠨ ᠪᠠ ᠠᠮᠢᠲᠠᠨ ᠤ ᠠᠰᠢᠭ ᠰᠢᠮ᠎ᠡ ᠶᠢᠨ ᠬᠢᠵᠢᠭ ᠪᠠᠶᠢᠴᠠᠭᠠᠬᠤ᠂ ᠠᠮᠢᠲᠠᠨ ᠤ ᠢᠯᠭᠠᠬᠤ ᠲᠡᠮᠳᠡᠭ ᠵᠢᠴᠢ ᠬᠢᠵᠢᠭ ᠡᠪᠡᠳᠴᠢᠨ ᠢ ᠮᠥᠷᠳᠡᠵᠦ ᠪᠣᠯᠬᠤᠶᠢᠴᠠ ᠮᠡᠷᠭᠡᠵᠢᠯ ᠤᠨ ᠲᠤᠯᠭᠠᠭᠤᠷᠢᠯᠠᠯ᠂ ᠭᠦᠢᠯᠭᠡᠭᠡᠨ ᠤ ᠭᠤᠭᠴᠤᠭ᠎ᠠ ᠪᠠ ᠬᠢᠯᠢ ᠶᠢᠨ ᠵᠠᠭᠠᠭ ᠤᠨ ᠭᠠᠵᠠᠷ ᠣᠷᠣᠨ ᠤ ᠭᠠᠳᠠᠨ᠎ᠠ ᠠᠴᠠ ᠢᠷᠡᠭᠰᠡᠨ ᠠᠮᠢᠲᠠᠨ ᠤ ᠬᠢᠵᠢᠭ ᠡᠪᠡᠳᠴᠢᠨ ᠤ ᠲᠦᠭᠰᠢᠭᠦᠷᠢ ᠶᠢ ᠦᠨᠡᠯᠡᠨ ᠵᠢᠱᠢᠵᠦ ᠰᠡᠷᠭᠡᠶᠢᠯᠡᠬᠦ᠂ ᠣᠷᠣᠨ ᠪᠦᠰᠡᠵᠢᠭᠦᠯᠦᠨ ᠬᠠᠮᠢᠶᠠᠷᠬᠤ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠨ᠎ᠡ᠃      ᠭᠤᠷᠪᠠ ᠳᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠵᠢᠴᠢ ᠠᠮᠢᠲᠠᠨ ᠢ ᠲᠡᠵᠢᠭᠡᠨ ᠦᠷᠡᠵᠢᠭᠦᠯᠬᠦ᠂ ᠮᠠᠯ  ᠳᠤ ᠬᠡᠷᠡᠭᠯᠡᠬᠦ ᠠᠮᠢᠳᠤ ᠪᠣᠳᠠᠰ ᠤᠨ ᠦᠢᠯᠡᠳᠭᠦᠨ ᠢ ᠦᠢᠯᠡᠳᠪᠦᠷᠢᠯᠡᠬᠦ᠂ ᠠᠮᠢᠲᠠᠨ ᠢ ᠣᠨᠣᠰᠢᠯᠠᠨ ᠡᠮᠨᠡᠬᠦ᠂ ᠬᠤᠣᠷ ᠦᠭᠡᠶ ᠪᠣᠯᠭᠠᠨ ᠰᠢᠶᠳᠪᠦᠷᠢᠯᠡᠬᠦ ᠵᠡᠷᠭᠡ ᠭᠠᠵᠠᠷ ᠲᠠᠯᠠᠪᠤᠷ ᠤᠨ ᠠᠮᠢᠳᠤ ᠪᠣᠳᠠᠰ ᠤᠨ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠳᠡᠮᠵᠢᠯᠭᠡ ᠪᠣᠯᠤᠨ ᠮᠡᠷᠭᠡᠵᠢᠯ ᠤᠨ ᠪᠣᠯᠪᠠᠰᠤᠷᠠᠭᠤᠯᠤᠯ ᠢ ᠡᠭᠦᠷᠭᠡᠯᠡᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠵᠢᠴᠢ ᠣᠨᠣᠰᠢᠯᠠᠬᠤ ᠮᠡᠷᠭᠡᠵᠢᠯ ᠤᠨ ᠰᠤᠳᠤᠯᠤᠯ ᠢ ᠥᠷᠨᠢᠭᠦᠯᠦᠨ᠎ᠡ᠃      ᠳᠥᠷᠪᠡ ᠳᠤ ᠮᠠᠯ ᠵᠢᠭᠦᠷᠲᠡᠨ ᠨᠢᠲᠤᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠣᠯᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔ ᠮᠠᠯ ᠵᠢᠭᠦᠷᠲᠡᠨ ᠨᠢᠲᠤᠯᠬᠤ ᠶᠢ ᠪᠦᠷᠢᠳᠬᠡᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠲᠤᠯᠬᠤ ᠶᠢ ᠬᠠᠮᠢᠶᠠᠷᠬᠤ ᠪᠠ ᠬᠠᠮᠢᠶ᠎ᠠ ᠪᠦᠬᠦᠢ ᠮᠡᠳᠡᠭᠡ ᠵᠠᠩᠭᠢ ᠶᠢᠨ ᠳ᠋ᠠᠶᠢᠲ᠋ᠠ ᠶᠢᠨ ᠰᠢᠰᠲ᠋ᠧᠮ ᠵᠢᠴᠢ ᠲᠣᠣᠷ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ᠲᠠᠪᠤ ᠳᠤ ᠪᠦᠬᠦ ᠣᠷᠣᠨ ᠤ ᠮᠠᠯ ᠤᠨ ᠡᠮ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠬᠡᠮᠵᠢᠬᠦ ᠪᠠ ᠮᠡᠷᠭᠡᠵᠢᠯ ᠤᠨ ᠬᠢᠨᠠᠨ ᠲᠣᠭᠲᠠᠭᠠᠯᠲᠠ ᠬᠢᠬᠦ᠂ ᠮᠠᠯ ᠤᠨ ᠡᠮ ᠤᠨ ᠶᠠᠰᠤ ᠴᠢᠨᠠᠷ ᠢ ᠵᠠᠳᠠᠯᠤᠨ ᠦᠨᠡᠯᠡᠨ ᠵᠢᠱᠢᠬᠦ᠂ ᠠᠮᠢᠳᠤ ᠪᠣᠳᠠᠰ ᠤᠨ ᠦᠢᠯᠡᠳᠭᠦᠨ ᠤ ᠠᠵᠤ ᠠᠬᠤᠶᠢᠯᠠᠯ ᠤᠨ ᠠᠮᠢᠳᠤ ᠪᠣᠳᠠᠰ  ᠤᠨ ᠠᠮᠤᠷ ᠲᠦᠪᠰᠢᠨ ᠤ ᠮᠡᠷᠭᠡᠵᠢᠯ ᠤᠨ ᠳᠡᠮᠵᠢᠯᠭᠡ᠂ ᠪᠠᠺᠠᠲ᠋ᠧᠷᠢ ᠪᠠ ᠬᠤᠣᠷ ᠤᠨ ᠲᠥᠷᠥᠯ ᠭᠤᠷᠪᠠᠨ ᠱᠠᠲᠤᠨ ᠤ ᠰᠡᠷᠭᠡᠶᠢᠯᠡᠨ ᠬᠠᠮᠠᠭᠠᠯᠠᠬᠤ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠵᠦ᠂ ᠮᠠᠯ ᠤᠨ ᠡᠮ ᠤᠨ ᠰᠢᠨ᠎ᠡ ᠨᠠᠶᠢᠷᠠᠭᠰᠠᠨ ᠡᠮ ᠤᠨ ᠶᠠᠰᠤ ᠴᠢᠨᠠᠷ ᠤᠨ ᠪᠠᠷᠢᠮᠵᠢᠶ᠎ᠠ ᠶᠢ ᠳᠠᠬᠢᠨ ᠬᠢᠨᠠᠬᠤ ᠬᠠᠮᠢᠶ᠎ᠠ ᠪᠦᠬᠦᠢ ᠠᠵᠢᠯ ᠢ ᠥᠷᠨᠢᠭᠦᠯᠵᠦ᠂ ᠮᠠᠯ ᠤᠨ ᠡᠮ  ᠢ ᠰᠢᠯᠭᠠᠨ ᠪᠠᠶᠢᠴᠠᠭᠠᠬᠤ ᠰᠢᠨ᠎ᠡ ᠮᠡᠷᠭᠡᠵᠢᠯ᠂ ᠰᠢᠨ᠎ᠡ ᠠᠷᠭ᠎ᠠ ᠶᠢ ᠰᠤᠳᠤᠯᠤᠨ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃      ᠵᠢᠷᠭᠤᠭ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ  ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ᠂ ᠲᠠᠬᠤᠯ ᠡᠪᠡᠳᠴᠢᠨ ᠤ ᠰᠤᠳᠤᠯᠤᠯ ᠤᠨ ᠬᠢᠨᠠᠨ ᠬᠡᠮᠵᠢᠬᠦ ᠰᠠᠯᠠᠭ᠎ᠠ᠂ ᠬᠢᠵᠢᠭ ᠪᠠᠶᠢᠴᠠᠭᠠᠬᠤ ᠰᠠᠯᠠᠭ᠎ᠠ᠂ ᠲᠦᠭᠰᠢᠭᠦᠷᠢ ᠶᠢ ᠦᠨᠡᠯᠡᠨ ᠵᠢᠱᠢᠬᠦ ᠰᠠᠯᠠᠭ᠎ᠠ᠂ ᠡᠳ᠋ ᠪᠠᠷᠠᠭ᠎ᠠ ᠶᠢᠨ ᠪᠠᠲᠤᠯᠠᠭ᠎ᠠ ᠶᠢᠨ ᠰᠠᠯᠠᠭ᠎ᠠ᠂ ᠣᠨᠣᠰᠢᠯᠠᠬᠤ ᠲᠤᠷᠰᠢᠯᠲᠠ ᠶᠢᠨ ᠲᠠᠰᠤᠭ᠂ ᠮᠠᠯ ᠵᠢᠭᠦᠷᠲᠡᠨ ᠨᠢᠳᠦᠯᠦᠯᠲᠡ ᠶᠢᠨ ᠰᠠᠯᠠᠭ᠎ᠠ᠂ ᠪᠠᠶᠢᠴᠠᠭᠠᠨ ᠬᠡᠮᠵᠢᠬᠦ ᠰᠠᠯᠠᠭ᠎ᠠ᠃      ᠠᠵᠢᠯᠲᠠᠨ ᠤ ᠣᠷᠣᠨ ᠲᠤᠭ᠎ᠠ ᠵᠢᠴᠢ ᠠᠵᠢᠯᠲᠠᠨ ᠤ ᠪᠦᠲᠦᠴᠡ᠄ 92 ᠨᠡᠷᠡᠰ ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠪᠠ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 5 ᠨᠡᠷᠡᠰ ︵1 ᠵᠢᠩᠬᠢᠨᠢ 4 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ ᠶᠢ 19 ᠨᠡᠷᠡᠰ ︵10 ᠵᠢᠩᠬᠢᠨᠢ 9 ᠳᠡᠳ᠋︶ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠸᠠᠩ ᠵᠢᠶᠠᠨ ᠯᠦᠩ      ᠤᠲᠠᠰᠤ᠄ 0471 - 3360299      ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠣᠣ ᠤᠳᠠ ᠵᠠᠮ ᠤᠨ 412 ᠳ᠋ᠤᠭᠠᠷ ᠨᠤᠮᠧᠷ      ᠠᠵᠢᠯᠯᠠᠬᠤ ᠴᠠᠭ᠄ 08᠄ 30 - 12᠄ 00    14᠄ 30 - 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号