ᠭᠤᠣᠯ ᠡᠭᠦᠷᠭᠡ ᠴᠢᠳᠠᠪᠬᠢ᠄ | ᠨᠢᠭᠡ ᠳᠤ ᠠᠮᠤᠷ ᠲᠦᠪᠰᠢᠨ ᠪᠣᠬᠢᠷᠲᠤᠯ ᠥᠬᠡᠶ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠪᠥᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠶᠢᠨ | ᠮᠡᠷᠭᠡᠵᠢᠯ ᠳᠡᠯᠭᠡᠷᠡᠭᠦᠯᠬᠦ᠂ ᠬᠡᠷᠡᠭᠯᠡᠬᠦ᠂ ᠦᠨᠡᠯᠡᠨ ᠵᠢᠱᠢᠬᠦ᠂ ᠬᠢᠨᠠᠨ ᠲᠣᠭᠲᠠᠭᠠᠬᠤ ᠵᠡᠷᠭᠡ ᠠᠵᠢᠯ ᠢ ᠡᠭᠦᠷᠭᠡᠯᠡᠵᠦ᠂ ᠶᠠᠰᠤ | ᠴᠢᠨᠠᠷ ᠤᠨ ᠠᠮᠤᠷ ᠲᠦᠪᠰᠢᠨ ᠤ ᠬᠠᠮᠢᠶ᠎ᠠ ᠪᠥᠬᠦᠶ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠢ ᠳᠡᠯᠭᠡᠷᠡᠭᠦᠯᠦᠨ | ᠬᠡᠷᠡᠭᠯᠡᠬᠦ ᠠᠵᠢᠯ ᠢ ᠡᠭᠦᠷᠭᠡᠯᠡᠨ᠎ᠡ᠃ | ᠬᠤᠶᠠᠷ ᠲᠤ ᠪᠦᠲᠦᠭᠡᠭᠳᠡᠬᠦᠨ ᠵᠢᠴᠢ ᠦᠶᠯᠡᠳᠪᠦᠷᠢᠯᠡᠯ ᠤᠨ ᠶᠠᠪᠤᠴᠠ ᠶᠢ ᠮᠥᠷᠳᠡᠬᠦ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ | ᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠵᠡᠷᠭᠡ ᠠᠵᠢᠯ ᠢ ᠡᠭᠦᠷᠭᠡᠯᠡᠨ᠎ᠡ︔ ᠪᠦᠲᠦᠭᠡᠭᠳᠡᠭᠦᠨ ᠤ ᠶᠠᠰᠤ | ᠴᠢᠨᠠᠷ ᠤᠨ ᠠᠮᠤᠷ ᠲᠦᠪᠰᠢᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ᠂ ᠰᠢᠨᠵᠢᠯᠡᠬᠦ | ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠬᠢᠬᠦ ᠵᠡᠷᠭᠡ ᠠᠵᠢᠯ ᠢ ᠡᠭᠦᠷᠭᠡᠯᠡᠨ᠎ᠡ᠃ | ᠭᠤᠷᠪᠠ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤᠰᠤᠨ ᠭᠠᠷᠤᠯᠲᠠ᠂ | ᠣᠷᠣᠭᠤᠯᠤᠯᠲᠠ ᠡᠳ᠋ ᠢ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠ ᠭᠠᠷᠤᠯᠲᠠ ᠶᠢᠨ ᠣᠷᠣᠨ᠂ ᠵᠢᠭᠠᠰᠤᠨ ᠠᠵᠤ | ᠠᠬᠤᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠠᠵᠢᠯ ᠢ ᠡᠭᠦᠷᠭᠡᠯᠡᠵᠦ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠮᠡᠷᠭᠡᠵᠢᠯ ᠤᠨ | ᠪᠣᠯᠪᠠᠰᠤᠷᠠᠭᠤᠯᠤᠯ᠂ ᠴᠢᠳᠠᠪᠤᠷᠢ ᠶᠢ ᠰᠢᠯᠭᠠᠨ ᠪᠠᠲᠤᠯᠠᠬᠤ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠵᠠᠳᠠᠯᠤᠯᠲᠠ | ᠬᠢᠵᠦ ᠰᠤᠳᠤᠯᠤᠨ ᠮᠠᠭᠠᠳᠯᠠᠬᠤ ᠵᠡᠷᠭᠡ ᠠᠵᠢᠯ ᠢ ᠡᠭᠦᠷᠭᠡᠯᠡᠵᠦ᠂ ᠡᠯ᠎ᠡ ᠱᠠᠲᠤᠨ ᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶ᠎ᠠ ᠪᠦᠬᠦᠢ ᠬᠢᠨᠠᠨ ᠰᠢᠯᠭᠠᠵᠤ | ᠦᠨᠡᠯᠡᠬᠦ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ᠳᠥᠷᠪᠡ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢ | ᠡᠭᠦᠷᠭᠡᠯᠡᠨ᠎ᠡ᠃ | ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠪᠣᠯ ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ | ᠠᠵᠢᠯ ᠦᠶᠯᠡᠰ ᠤᠨ ᠨᠢᠭᠡᠴᠢ ᠪᠣᠯᠤᠨ᠎ᠠ᠃ | ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠰᠢᠰᠲ᠋ᠧᠮᠵᠢ ᠶᠢᠨ ᠪᠠᠶᠢᠭᠤᠯᠤᠯᠲᠠ ᠶᠢᠨ ᠰᠠᠯᠠᠭ᠎ᠠ᠂ ᠨᠠᠷᠡᠲᠦ | ᠲᠦᠷᠦᠯ ᠲᠡᠮᠳᠡᠭᠲᠦ ᠶᠢᠨ ᠬᠥᠭᠵᠢᠭᠦᠯᠦᠯᠲᠡ ᠶᠢᠨ ᠰᠠᠯᠠᠭ᠎ᠠ᠂ ᠶᠠᠰᠤ ᠴᠢᠨᠠᠷ ᠮᠡᠷᠭᠡᠵᠢᠯ ᠤᠨ ᠰᠠᠯᠠᠭ᠎ᠠ᠂ ᠣᠷᠣᠭᠤᠯᠤᠯᠲᠠ | ᠶᠢᠨ ᠡᠳ᠋ ᠢ ᠪᠠᠶᠢᠴᠠᠭᠠᠨ ᠬᠡᠮᠵᠢᠬᠦ ᠰᠠᠯᠠᠭ᠎ᠠ᠂ ᠦᠯᠡᠳᠡᠭᠳᠡᠯ ᠢ ᠪᠠᠶᠢᠴᠠᠭᠠᠨ ᠬᠡᠮᠵᠢᠬᠦ ᠰᠠᠯᠠᠭ᠎ᠠ᠂ ᠶᠡᠷᠦᠩᠬᠡᠶᠢᠯᠡᠭᠰᠡᠨ | ᠲᠤᠬᠠᠶᠢᠯᠠᠭᠰᠠᠨ ᠠᠵᠢᠯ ᠤᠨ ᠰᠠᠯᠠᠭ᠎ᠠ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠯᠠᠭ᠎ᠠ᠃ | ᠬᠠᠷᠢᠭᠤᠴᠠᠯᠭᠠᠲᠠᠨ᠄ ᠪᠣᠣ ᠢᠦᠢ ᠱᠠᠨ | ᠤᠲᠠᠰᠤ᠄ 0471 - 2947301 | ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠢᠩᠭᠠᠨ ᠡᠮᠦᠨ᠎ᠡ ᠵᠠᠮ ᠤᠨ 32 ᠳ᠋ᠤᠭᠠᠷ | ᠨᠣᠮᠧᠷ | ᠠᠵᠢᠯᠯᠠᠬᠤ ᠴᠠᠭ᠄ 08᠄ 30 - 12᠄ 00 14᠄ 30 - 17᠄ 30᠂ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ |