ᠭᠤᠣᠯ ᠡᠭᠦᠷᠭᠡ ᠴᠢᠳᠠᠪᠬᠢ᠄ | ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ᠂ ᠡᠬᠢ ᠪᠠᠶᠠᠯᠢᠭ᠂ ᠪᠠᠯᠠ | ᠮᠥᠩᠭᠦ ᠶᠢᠨ ᠬᠠᠮᠢᠶᠠᠷᠤᠯᠲᠠ᠂ ᠬᠠᠮᠲᠤ ᠶᠢᠨ ᠠᠵᠤ ᠠᠬᠤᠶ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ | ᠶᠢᠨ ᠡᠵᠡᠩᠨᠡᠯᠲᠡ ᠶᠢᠨ ᠭᠤᠤᠯ ᠴᠣᠭᠴᠠ ᠶᠢ ᠪᠣᠶᠢᠵᠢᠭᠤᠯᠤᠨ ᠬᠥᠭᠵᠢᠭᠦᠯᠬᠦ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ | | ᠬᠤᠶᠠᠷ ᠲᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠮᠢᠶᠠᠷᠤᠯᠲᠠ᠂ ᠭᠠᠵᠠᠷ ᠰᠢᠷᠣᠶ ᠶᠢᠨ ᠡᠷᠭᠢᠯᠲᠡ᠂ | ᠵᠣᠬᠢᠬᠤ ᠬᠡᠪᠴᠢᠶᠡᠲᠦ ᠡᠵᠡᠩᠨᠡᠯᠲᠡ ᠵᠡᠷᠭᠡ ᠪᠠᠶᠢᠴᠠᠭᠠᠨ ᠰᠤᠳᠤᠯᠤᠯᠲᠠ ᠶᠢᠨ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ | ᠠᠵᠢᠯ ᠤᠨ ᠰᠠᠨᠠᠭᠤᠯᠭ᠎ᠠ ᠳᠤᠷᠠᠳᠤᠨ᠎ᠠ᠃ | ᠭᠤᠷᠪᠠ ᠳᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ᠂ ᠡᠷᠭᠢᠯᠲᠡ ᠳᠤ ᠣᠷᠣᠭᠤᠯᠬᠤ᠂ ᠰᠤᠯᠠ ᠲᠠᠯᠪᠢᠵᠤ | ᠪᠠᠶᠢᠭ᠎ᠠ ᠣᠷᠣᠨ ᠰᠠᠭᠤᠴᠠ ᠶᠢᠨ ᠭᠠᠵᠠᠷ ᠪᠠ ᠰᠤᠯᠠ ᠲᠠᠯᠪᠢᠵᠤ ᠪᠠᠶᠢᠭ᠎ᠠ ᠣᠷᠣᠨ ᠰᠠᠭᠤᠴᠠ ᠶᠢ ᠠᠮᠢᠳᠤᠯᠢᠭ ᠢᠶᠠᠷ | ᠠᠰᠢᠭᠯᠠᠬᠤ ᠵᠡᠷᠭᠡ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ | ᠣᠷᠣᠨ ᠰᠠᠭᠤᠴᠠ ᠶᠢᠨ ᠭᠠᠵᠠᠷ ᠤᠨ ᠦᠨᠳᠦᠰᠦᠨ ᠪᠠᠶᠢᠳᠠᠯ ᠪᠠ ᠠᠰᠢᠭᠯᠠᠵᠤ ᠪᠠᠶᠢᠭ᠎ᠠ ᠪᠠᠶᠢᠳᠠᠯ ᠢ ᠪᠦᠷᠢᠳᠬᠡᠨ | ᠵᠠᠳᠠᠯᠬᠤ ᠠᠵᠢᠯ ᠢ ᠥᠷᠨᠢᠭᠦᠯᠦᠨ᠎ᠡ᠃ | ᠳᠥᠷᠪᠡ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢ | ᠡᠭᠦᠷᠭᠡᠯᠡᠨ᠎ᠡ᠃ | ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ | ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠦᠶᠯᠡᠴᠢᠯᠡᠭᠡᠨ ᠤ ᠲᠥᠪ ᠪᠣᠯ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ | ᠠᠵᠢᠯ ᠦᠶᠯᠡᠰ ᠤᠨ ᠨᠢᠭᠡᠴᠢ ᠪᠣᠯᠤᠨ᠎ᠠ᠃ | ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠡᠵᠡᠩᠨᠡᠯᠲᠡ ᠶᠢᠨ ᠭᠤᠤᠯ ᠴᠣᠭᠴᠠ ᠶᠢᠨ ᠦᠶᠯᠡᠴᠢᠯᠡᠭᠡᠨ ᠤ | ᠰᠠᠯᠠᠭ᠎ᠠ᠂ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠦᠶᠯᠡᠴᠢᠯᠡᠭᠡᠨ ᠤ ᠰᠠᠯᠠᠭ᠎ᠠ᠂ ᠨᠡᠶᠢᠭᠡᠮᠴᠢᠯᠡᠭᠰᠡᠨ | ᠦᠶᠯᠡᠴᠢᠯᠡᠭᠡᠨ ᠤ ᠰᠠᠯᠠᠭ᠎ᠠ᠂ ᠣᠷᠣᠨ ᠰᠠᠭᠤᠴᠠ ᠶᠢᠨ ᠭᠠᠵᠠᠷ ᠢ ᠠᠰᠢᠭᠯᠠᠬᠤ ᠦᠶᠯᠡᠴᠢᠯᠡᠭᠡᠨ ᠤ ᠰᠠᠯᠠᠭ᠎ᠠ᠂ ᠬᠠᠮᠲᠤ | ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠦᠶᠯᠡᠴᠢᠯᠡᠭᠡᠨ ᠤ ᠰᠠᠯᠠᠭ᠎ᠠ᠂ ᠡᠳ᠋ ᠤᠨ ᠶᠠᠪᠤᠳᠠᠯ ᠨᠢᠭᠲᠠᠯᠠᠨ | ᠪᠣᠳᠣᠬᠤ ᠦᠶᠯᠡᠴᠢᠯᠡᠭᠡᠨ ᠤ ᠰᠠᠯᠠᠭ᠎ᠠ᠃ | ᠬᠠᠷᠢᠭᠤᠴᠠᠯᠭᠠᠲᠠᠨ᠄ ᠶᠠᠩ ᠶᠢᠨ ᠴᠧᠩ | ᠤᠲᠠᠰᠤ᠄ 0471 - 6652320 | ᠬᠠᠶ᠋ᠢᠭ᠄ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ | ᠠᠯᠪᠠᠨ ᠠᠰᠠᠷ ᠤᠨ 1111 ᠲᠠᠰᠤᠭ | ᠠᠵᠢᠯᠯᠠᠬᠤ ᠴᠠᠭ᠄ 08᠄ 30 - 12᠄ 00 14᠄ 30 - 17᠄ 30᠂ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ |