ᠨᠡᠷᠡᠨ ᠬᠤᠸᠠᠷ ᠤᠨ ᠲᠠᠪᠠᠭ ᠢ ᠬᠠᠳᠬᠤᠵᠤ ᠬᠠᠲᠠᠭᠠᠬᠤ ᠪᠠ ᠬᠤᠷᠢᠶᠠᠬᠤ ᠮᠡᠷᠭᠡᠵᠢᠯ ᠤᠨ ᠭᠤᠣᠯᠳᠠᠯᠭ᠎ᠠ
ᠨᠡᠶᠢᠲᠡᠯᠡᠭᠰᠡᠨ ᠴᠠᠭ᠄
2023/10/10
图片1.png
       ᠨᠢᠭᠡ ᠂ ᠮᠡᠷᠭᠡᠵᠢᠯ ᠤᠨ ᠳᠠᠪᠠᠭᠤᠯᠢᠭ      ᠨᠡᠷᠡᠨ ᠬᠤᠸᠠᠷ ᠤᠨ ᠲᠠᠪᠠᠭ ᠢ ᠬᠠᠳᠬᠤᠵᠤ ᠬᠠᠲᠠᠭᠠᠬᠤ ᠮᠡᠷᠭᠡᠵᠢᠯ ᠪᠣᠯ ᠣᠭᠲᠣᠯᠵᠤ ᠠᠪᠤᠭᠰᠠᠨ ᠨᠡᠷᠡᠨ ᠬᠤᠸᠠᠷ ᠤᠨ ᠲᠠᠪᠠᠭ ᠢᠶᠠᠨ ᠡᠰᠢᠨ ᠳᠡᠭᠡᠷ᠎ᠡ ᠬᠠᠳᠬᠤᠵᠤ ᠂ ᠨᠡᠷᠡᠨ ᠤ ᠭᠡᠷᠡᠯ ᠳᠣᠣᠷ᠎ᠠ ᠬᠠᠲᠠᠭᠠᠬᠤ ᠨᠢᠭᠡ ᠵᠦᠢᠯ ᠤᠨ ᠬᠡᠷᠡᠭᠯᠡᠭᠡᠨ ᠤ ᠮᠡᠷᠭᠡᠵᠢᠯ ᠪᠣᠯᠣᠨ᠎ᠠ ᠃ ᠲᠣᠰ ᠮᠡᠷᠭᠡᠵᠢᠯ ᠤᠨ ᠬᠠᠲᠠᠭᠠᠬᠤ ᠠᠰᠢᠭᠯᠠᠮᠵᠢ ᠨᠢ ᠥᠨᠳᠥᠷ᠂ ᠬᠠᠲᠠᠭᠠᠬᠤ ᠦᠷ᠎ᠡ ᠪᠦᠲᠦᠭᠡᠯ  ᠨᠢ ᠰᠠᠶᠢᠨ᠂ ᠥᠪᠡᠷ ᠤᠨ ᠥᠷᠲᠡᠭ ᠢ ᠨᠢ ᠪᠠᠭᠤᠷᠠᠭᠤᠯᠵᠤ ᠴᠢᠳᠠᠬᠤ ᠮᠥᠷᠲᠡᠭᠡᠨ ᠴᠢᠨᠠᠷ ᠴᠢᠨᠰᠠᠭ᠎ᠠ ᠶᠢ ᠨᠢ ᠬᠠᠮᠠᠭᠠᠯᠠᠵᠤ ᠴᠢᠳᠠᠬᠤ ᠶᠢᠨ ᠬᠠᠮᠲᠤ ᠬᠡᠷᠡᠭᠯᠡᠬᠦ ᠳᠤ ᠲᠥᠬᠦᠮ ᠪᠣᠯᠬᠤᠷ ᠳᠡᠯᠭᠡᠷᠡᠭᠦᠯᠦᠨ ᠬᠡᠷᠡᠭᠯᠡᠵᠦ ᠪᠣᠯᠣᠨ᠎ᠠ᠃      ᠬᠤᠶᠠᠷ ᠂ ᠲᠠᠪᠠᠭ ᠢ ᠬᠠᠳᠬᠤᠬᠤ ᠬᠤᠭᠤᠴᠠᠭ᠎ᠠ      ᠢᠳᠡᠰᠢᠨ ᠤ ᠨᠡᠷᠡᠨ ᠬᠤᠸᠠᠷ ᠤᠨ ᠲᠠᠪᠠᠭ ᠤᠨ ᠠᠷᠤ ᠲᠠᠯ᠎ᠠ ᠨᠢ ᠰᠢᠷᠠᠯᠠᠵᠤ᠂ ᠴᠡᠴᠡᠭ ᠤᠨ ᠲᠠᠪᠠᠭ ᠤᠨ ᠬᠥᠪᠡᠭᠡ ᠨᠢ ᠵᠢᠭᠠᠬᠠᠨ ᠨᠣᠭᠤᠭᠠᠨ᠂ ᠬᠡᠯᠡ ᠬᠡᠯᠪᠡᠷᠢᠲᠦ ᠴᠡᠴᠡᠭ ᠤᠨ ᠬᠡᠯᠲᠡᠰ ᠨᠢ ᠦᠬᠦᠰᠢᠷᠡᠨ ᠬᠤᠪᠠᠭ᠋ᠠᠶᠢᠷᠠᠬᠤ ᠪᠤᠶᠤ ᠬᠠᠳᠠᠵᠤ᠂ ᠪᠠᠭᠯᠠᠭᠴᠢ ᠨᠠᠪᠴᠢ ᠨᠢ ᠰᠢᠷᠠᠯᠠᠵᠤ᠂ ᠨᠠᠪᠴᠢᠨ ᠢᠯᠳᠠᠰᠤ  ᠨᠢ ᠰᠢᠷᠠᠯᠠᠨ ᠨᠣᠭᠤᠭᠠᠷᠠᠬᠤ ᠪᠤᠶᠤ ᠰᠢᠷᠠᠯᠠᠨ ᠤᠨᠵᠢᠢᠵᠤ᠂ ᠵᠢᠮᠢᠰ ᠤᠨ ᠬᠠᠯᠢᠰᠤ ᠨᠢ ᠬᠠᠲᠠᠭᠤ ᠪᠣᠯᠪᠠᠯ ᠳᠠᠷᠤᠢ ᠲᠠᠪᠠᠭ ᠢ  ᠨᠢ ᠬᠠᠳᠬᠤᠨ ᠬᠠᠳᠠᠭᠠᠵᠤ ᠪᠣᠯᠤᠨ᠎ᠠ ᠃      ᠭᠤᠷᠪᠠ᠂ ᠠᠵᠢᠯᠯᠠᠬᠤ ᠠᠷᠭ᠎ᠠ      ︽ᠬᠤᠶᠠᠷ ᠤᠬᠳᠤᠯᠵᠦ ᠨᠢᠭᠡ ᠬᠠᠳᠬᠤᠬᠤ︾ ᠠᠷᠭ᠎ᠠ ᠪᠠᠷ ᠲᠠᠪᠠᠭ ᠢ  ᠨᠢ ᠬᠠᠳᠬᠤᠵᠤ ᠬᠠᠲᠠᠭᠠᠨ᠎ᠠ᠂ ᠪᠣᠳᠠᠲᠠᠢ ᠬᠢᠬᠦ ᠠᠷᠭ᠎ᠠ ᠨᠢ ᠳᠣᠣᠷᠠᠬᠢ ᠮᠡᠲᠦ᠄      1. ᠨᠢᠭᠡᠳᠦᠭᠡᠷ ᠤᠬᠳᠤᠯᠤᠯ  ᠨᠢ ᠴᠡᠴᠡᠭ ᠤᠨ ᠲᠠᠪᠠᠭ ᠢ ᠣᠭᠲᠣᠯᠣᠨ ᠠᠪᠴᠤ᠂ ᠬᠤᠶᠠᠳᠤᠭᠠᠷ ᠤᠬᠳᠤᠯᠤᠯ  ᠨᠢ 80 ᠰᠠᠨᠲ᠋ᠢᠮᠧᠲᠷ ᠣᠷᠴᠢᠮ ᠤᠨ ᠥᠨᠳᠥᠷ ᠤᠨ ᠬᠡᠮᠵᠢᠶ᠎ᠡ ᠪᠠᠷ ᠡᠰᠢ ᠶᠢ ᠨᠢ ᠲᠠᠰᠢᠭᠤ ᠤᠬᠳᠤᠯᠵᠦ ᠂ ᠲᠠᠪᠠᠭ ᠤᠨ ᠭᠠᠳᠠᠷᠭᠤ ᠶᠢ ᠡᠮᠦᠨᠡᠰᠢ ᠵᠢᠰᠢᠭᠦᠦ ᠳᠡᠭᠡᠭᠰᠢ ᠬᠠᠨᠳᠤᠭᠤᠯᠤᠨ ᠵᠣᠷᠭᠤᠵᠤ ᠲᠠᠯᠪᠢᠭᠰᠠᠨ ᠡᠰᠢ ᠶᠢᠨ ᠳᠡᠭᠡᠷ᠎ᠡ ᠬᠠᠳᠬᠤᠵᠤ᠂ ᠴᠡᠴᠡᠭ ᠤᠨ ᠲᠠᠪᠠᠭ ᠢ ᠭᠠᠵᠠᠷ ᠤᠨ ᠭᠠᠳᠠᠷᠭᠤ ᠲᠠᠢ 45 ᠭᠷᠡᠳᠦ᠋ᠰ ᠤᠨ ᠥᠨᠴᠥᠭ ᠲᠠᠢ ᠪᠠᠶᠢᠯᠭᠠᠨ᠎ᠠ᠃      2. ᠴᠡᠴᠡᠭ ᠤᠨ ᠲᠠᠪᠠᠭ ᠢ ᠬᠠᠳᠬᠤᠭᠰᠠᠨ ᠤ ᠳᠠᠷᠠᠭ᠎ᠠ ᠴᠠᠭ ᠠᠭᠤᠷ ᠤᠨ ᠪᠠᠶᠢᠳᠠᠯ ᠢ ᠦᠵᠡᠵᠦ 7~10 ᠡᠳᠦᠷ ᠨᠡᠷᠡᠨ ᠳᠤ ᠡᠭᠡᠭᠡᠵᠦ᠂ ᠮᠥᠬᠦᠯᠢᠭ ᠤᠨ ᠤᠰᠤᠨ ᠤ ᠠᠭᠤᠯᠤᠭᠳᠠᠴᠠ ᠨᠢ 15% ᠠᠴᠠ ᠳᠣᠷᠣᠭᠰᠢ ᠪᠣᠯᠬᠤ ᠦᠶ᠎ᠡ ᠳᠤ ᠲᠠᠪᠠᠭ ᠢᠶᠠᠨ ᠬᠤᠷᠢᠶᠠᠵᠤ᠂ ᠮᠦᠯᠢᠭᠦᠨ᠎ᠡ ᠃      3. ᠲᠤᠬᠠᠢ ᠶᠢᠨ ᠭᠠᠵᠠᠷ ᠤᠨ ᠪᠠᠶᠢᠳᠠᠯ ᠢ ᠦᠨᠳᠦᠰᠦᠯᠡᠨ᠂ ᠲᠣᠮᠣ ᠬᠡᠯᠪᠡᠷᠢ ᠶᠢᠨ ᠪᠤᠶᠤ ᠵᠢᠵᠢᠭ ᠬᠡᠯᠪᠡᠷᠢ ᠶᠢᠨ ᠮᠥᠯᠢᠬᠦ ᠮᠠᠰᠢᠨ ᠢ ᠰᠣᠩᠭᠤᠨ ᠮᠥᠯᠢᠵᠦ᠂ ᠬᠥᠮᠥᠨ ᠤ ᠬᠦᠴᠦ ᠪᠠᠷ ᠬᠠᠪᠰᠤᠷᠤᠨ ᠬᠤᠷᠢᠶᠠᠬᠤ ᠪᠠ ᠮᠠᠲ᠋ᠧᠷᠢᠶᠠᠯ ᠣᠷᠤᠭᠤᠯᠤᠨ᠎ᠠ ᠃      ᠳᠥᠷᠪᠡ᠂ ᠠᠩᠬᠠᠷᠬᠤ ᠵᠦᠢᠯ      1. ᠬᠤᠭ ᠡᠪᠡᠰᠦ ᠶᠢ ᠠᠷᠢᠯᠭᠠᠬᠤ ᠃ ᠮᠥᠯᠢᠬᠦ ᠮᠠᠰᠢᠨ ᠢᠶᠠᠷ ᠠᠵᠢᠯᠯᠠᠬᠤ ᠳᠠᠭᠠᠨ ᠬᠥᠬᠡ ᠳᠡᠯᠳᠡᠦ ᠂ ᠵᠠᠩᠭᠤᠤ ᠵᠡᠷᠭᠡ ᠬᠤᠭ ᠡᠪᠡᠰᠦ ᠶᠢ ᠵᠠᠶᠢᠯᠠᠭᠤᠯᠬᠤ ᠪᠤᠶᠤ ᠠᠷᠢᠯᠭᠠᠬᠤ ᠶᠢ ᠠᠩᠬᠠᠷᠴᠤ ᠂ ᠨᠡᠷᠡᠨ ᠬᠤᠸᠠᠷ ᠲᠤ ᠬᠤᠯᠢᠯᠳᠤᠨ ᠣᠷᠣᠵᠤ ᠦᠷ᠎ᠡ ᠶᠢᠨ ᠲᠠᠸᠠᠷ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠢ ᠃      2.ᠬᠡᠪ ᠤᠨ ᠪᠤᠰᠤ ᠴᠡᠴᠡᠭ ᠤᠨ ᠲᠠᠪᠠᠭ᠃ ᠬᠤᠷᠢᠶᠠᠬᠤ ᠶᠠᠪᠤᠴᠠ ᠳᠤ ᠭᠠᠵᠠᠷ ᠤᠨᠠᠭᠰᠠᠨ ᠂ ᠡᠪᠡᠳᠴᠢᠨ ᠤ ᠬᠤᠣᠷ ᠬᠥᠨᠥᠭᠡᠯ ᠤᠨ ᠸᠠᠯᠠᠵᠤ ᠢᠯᠵᠢᠷᠡᠭᠰᠡᠨ ᠲᠠᠪᠠᠭ ᠂ ᠬᠤᠯᠢᠮᠠᠭ ᠲᠠᠪᠠᠭ  ᠢ ᠠᠷᠢᠯᠭᠠᠬᠤ ᠶᠢ ᠠᠩᠬᠠᠷᠴᠤ ᠂ ᠸᠠᠯᠠᠭᠰᠠᠨ ᠦᠷ᠎ᠡ ᠪᠠ ᠣᠨᠳᠣᠣ ᠲᠦᠷᠦᠯ ᠤᠨ ᠦᠷ᠎ᠡ ᠶᠢ ᠬᠤᠯᠢᠯᠳᠤᠭᠤᠯᠤᠨ ᠣᠷᠤᠭᠤᠯᠣᠭᠰᠠᠨ ᠠᠴᠠ ᠲᠠᠸᠠᠷ ᠤᠨ ᠴᠢᠨᠠᠷ ᠴᠢᠨᠰᠠᠭ᠎ᠠ ᠶᠢ ᠪᠠᠭᠤᠷᠠᠭᠤᠯᠤᠨ ᠂ ᠪᠣᠷᠣᠯᠠᠭᠤᠯᠬᠤ ᠦᠨ᠎ᠡ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ ᠃      3.ᠬᠤᠷᠢᠶᠠᠨ ᠠᠪᠤᠭᠰᠠᠨ ᠤ ᠳᠠᠷᠠᠭᠠᠬᠢ ᠲᠠᠷᠢᠶᠠᠨ ᠭᠠᠵᠠᠷ ᠢ ᠴᠡᠪᠡᠷᠯᠡᠬᠦ ᠃ ᠴᠡᠴᠡᠭ ᠤᠨ ᠲᠠᠪᠠᠭ ᠢ ᠬᠤᠷᠢᠶᠠᠭᠰᠠᠨ ᠤ ᠳᠠᠷᠠᠭ᠎ᠠ᠂ ᠲᠠᠷᠢᠶᠠᠨ ᠭᠠᠵᠠᠷ ᠤᠨ ᠡᠰᠢ ᠰᠦᠷᠡᠯ ᠪᠠ ᠦᠯᠡᠳᠡᠭᠳᠡᠯ ᠪᠦᠷᠬᠦᠪᠴᠢ ᠶᠢ ᠴᠠᠭ ᠲᠤᠬᠠᠢ  ᠳᠤᠨᠢ ᠴᠡᠪᠡᠷᠯᠡᠵᠦ᠂ ᠡᠪᠦᠯᠵᠢᠬᠦ ᠡᠪᠡᠳᠴᠢᠨ ᠬᠤᠷᠣᠬᠠᠢ ᠶᠢᠨ ᠰᠠᠭᠤᠷᠢ ᠲᠤᠭ᠎ᠠ ᠶᠢ ᠳᠣᠷᠣᠭᠰᠢᠯᠠᠭᠤᠯᠬᠤ ᠬᠡᠷᠡᠭᠲᠡᠢ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号