ᠲᠠᠷᠢᠶᠠᠨ ᠭᠠᠵᠠᠷ ᠢ ᠡᠭᠡᠯᠵᠢᠯᠡᠨ ᠳᠠᠷᠢᠬᠤ | ︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ | ᠡᠭᠡᠯᠵᠢᠯᠡᠨ ᠳᠠᠷᠢᠬᠤ ᠠᠵᠢᠯ ᠤᠨ ᠬᠡᠷᠡᠭᠵᠢᠭᠦᠯᠬᠦ ᠲᠥᠰᠥᠯ︾ ᠢ ᠦᠨᠳᠦᠰᠦᠯᠡᠨ᠂ ᠮᠠᠨ ᠤ ᠣᠷᠣᠨ ᠲᠠᠷᠢᠶᠠᠨ | ᠭᠠᠵᠠᠷ ᠤᠨ ᠡᠭᠡᠯᠵᠢᠯᠡᠨ ᠳᠠᠷᠢᠬᠤ ᠨᠥᠬᠦᠪᠦᠷᠢ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢ ᠠᠬᠤᠢ ᠶᠢᠨ | ᠬᠠᠮᠠᠭᠠᠯᠠᠯᠲᠠ ᠶᠢ ᠲᠣᠪᠤᠶᠢᠯᠭᠠᠨ᠂ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠰᠢᠷ᠎ᠠ ᠪᠤᠷᠴᠠᠭ ᠤᠨ | ᠦᠢᠯᠡᠳᠪᠦᠷᠢᠯᠡᠯ ᠢ ᠳᠡᠮᠵᠢᠵᠦ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠡᠭᠡᠯᠵᠢᠯᠡᠨ ᠳᠠᠷᠢᠬᠤ ᠵᠠᠭᠪᠤᠷ ᠢ | ᠬᠠᠶᠢᠨ ᠰᠦᠪᠡᠭᠴᠢᠯᠡᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠪᠡ᠃ | ᠨᠥᠬᠦᠪᠦᠷᠢ ᠣᠯᠭᠤᠬᠤ ᠬᠦᠷᠢᠶ᠎ᠡ ᠬᠡᠪᠴᠢᠶ᠎ᠡ ᠄ | ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠪᠠ ᠰᠢᠷ᠎ᠠ ᠪᠤᠷᠴᠠᠭ ᠢ ᠥᠷᠭᠡᠳᠬᠡᠨ ᠲᠠᠷᠢᠬᠤ ᠳᠤ | ᠠᠩᠬᠠᠷᠤᠯ ᠢᠶᠠᠨ ᠲᠥᠪᠯᠡᠷᠡᠭᠦᠯᠵᠦ ᠂ ᠣᠳᠣᠬᠠᠨ ᠤ ᠪᠠ ᠠᠯᠤᠰ ᠬᠡᠲᠦ ᠶᠢ ᠨᠢᠭᠡᠳᠦᠯᠲᠡᠢ ᠲᠥᠯᠥᠪᠯᠡᠨ ᠂ | ᠦᠢᠯᠡᠳᠪᠦᠷᠢᠯᠡᠯ ᠪᠠ ᠠᠮᠢ ᠠᠬᠤᠢ ᠶᠢ ᠵᠣᠬᠢᠴᠠᠭᠤᠯᠤᠨ ᠂ ᠭᠠᠵᠠᠷ ᠬᠡᠷᠡᠭᠯᠡᠬᠦ ᠪᠠ ᠲᠠᠷᠢᠶᠠᠨ ᠭᠠᠵᠠᠷ ᠢ ᠲᠡᠵᠢᠭᠡᠬᠦ ᠶᠢ | ᠬᠠᠮᠲᠤ ᠳᠤ ᠨᠢ ᠬᠠᠷᠠᠭᠠᠯᠵᠠᠵᠤ ᠂ ᠵᠠᠯᠭᠠᠵᠤ ᠲᠠᠷᠢᠬᠤ ᠬᠠᠷᠰᠢ ᠰᠠᠭᠠᠳ ᠢ ᠰᠢᠢᠳᠪᠦᠷᠢᠯᠡᠵᠦ ᠂ ᠡᠭᠡᠯᠵᠢᠯᠡᠨ ᠲᠠᠷᠢᠬᠤ | ᠳᠦᠷᠢᠮ ᠢ ᠲᠡᠭᠦᠯᠳᠡᠷᠵᠢᠭᠦᠯᠦᠨ᠎ᠡ ᠃ | ᠲᠥᠷᠥᠯ ᠵᠦᠢᠯ ᠤᠨ ᠣᠷᠣᠨ ᠤ ᠳᠣᠲᠣᠷ᠎ᠠ᠂ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠳᠠᠷᠢᠬᠤ ᠶᠢ | ᠲᠣᠭᠲᠠᠪᠤᠷᠢᠵᠢᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ᠲᠠᠷᠢᠶᠠᠨ ᠭᠠᠵᠠᠷ ᠤᠨ ᠭᠠᠵᠠᠷ ᠤᠨ ᠰᠢᠮ᠎ᠡ ᠶᠢ | ᠳᠡᠭᠡᠭᠰᠢᠯᠡᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠬᠥᠳᠡᠯᠦᠩᠭᠦᠢ ᠪᠠᠷ ᠲᠣᠬᠢᠷᠠᠭᠤᠯᠬᠤ᠂ | ᠲᠠᠷᠢᠮᠠᠯ ᠤᠨ ᠦᠢᠯᠡᠰ ᠢ ᠪᠣᠬᠢᠷᠲᠤᠯ ᠦᠭᠡᠢ ᠬᠥᠭᠵᠢᠭᠦᠯᠬᠦ ᠶᠢ ᠵᠣᠬᠢᠴᠠᠭᠤᠯᠤᠨ ᠠᠬᠢᠭᠤᠯᠵᠤ᠂ ᠡᠭᠡᠯᠵᠢᠯᠡᠨ ᠳᠠᠷᠢᠬᠤ | ᠳᠦᠷᠢᠮ ᠢ ᠲᠦᠷᠭᠡᠳᠬᠡᠨ ᠪᠠᠶᠢᠭᠤᠯᠵᠤ᠂ ᠡᠭᠡᠯᠵᠢᠯᠡᠨ ᠳᠠᠷᠢᠬᠤ ᠵᠠᠭᠪᠤᠷ ᠪᠠ ᠭᠤᠣᠯᠳᠠᠯᠭ᠎ᠠ ᠲᠠᠢ ᠲᠠᠷᠢᠮᠠᠯ ᠢ ᠵᠦᠢ | ᠵᠣᠬᠢᠰᠲᠠᠢ ᠲᠣᠭᠲᠠᠭᠠᠨ᠎ᠠ᠃ | ᠨᠥᠬᠦᠪᠦᠷᠢ ᠣᠯᠭᠤᠬᠤ ᠪᠠᠷᠢᠮᠵᠢᠶ᠎ᠠ ᠄ | ᠵᠠᠷᠴᠢᠮ ᠳᠡᠭᠡᠷ᠎ᠡ ᠪᠠᠨ᠂ ᠤᠯᠤᠰ ᠠᠴᠠ ᠮᠦ ᠪᠦᠷᠢ ᠳᠤ 150 ᠲᠥᠭᠦᠷᠢᠭ ᠤᠨ ᠨᠥᠬᠦᠪᠦᠷᠢ ᠶᠢᠨ | ᠪᠠᠷᠢᠮᠵᠢᠶ᠎ᠠ ᠪᠠᠷ ᠲᠥᠰᠥᠭᠡᠯᠡᠨ ᠪᠤᠳᠤᠵᠤ ᠪᠠᠭᠤᠯᠭᠠᠨ᠎ᠠ᠃ ᠡᠯ᠎ᠡ ᠠᠶᠢᠮᠠᠭ ᠬᠤᠲᠠ ᠨᠤᠭᠤᠳ ᠡᠭᠦᠷᠭᠡ ᠪᠠᠨ | ᠪᠡᠶᠡᠯᠡᠭᠦᠯᠦᠭᠰᠡᠨ ᠲᠠᠯᠠᠪᠠᠶ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠪᠣᠳᠠᠲᠠᠢ ᠲᠠᠢ ᠪᠠᠨ ᠤᠶᠠᠯᠳᠤᠭᠤᠯᠤᠨ | ᠬᠤᠰᠢᠭᠤ ᠰᠢᠶᠠᠨ ᠢ ᠵᠢᠯᠤᠭᠤᠳᠴᠤ ᠪᠠᠶᠢᠭᠠᠳ ᠪᠣᠳᠠᠲᠠᠢ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠠᠵᠤ ᠪᠣᠯᠣᠨ᠎ᠠ᠃ | ᠨᠥᠬᠦᠪᠦᠷᠢ ᠣᠯᠭᠤᠬᠤ ᠶᠠᠪᠤᠴᠠ᠄ | ᠤᠯᠤᠰ ᠠᠴᠠ ᠪᠠᠭᠤᠯᠭᠠᠭᠰᠠᠨ ᠡᠭᠦᠷᠭᠡ ᠶᠢᠨ ᠬᠡᠮᠵᠢᠶ᠎ᠡ᠂ ᠠᠶᠢᠮᠠᠭ ᠬᠤᠲᠠ ᠶᠢᠨ ᠳᠡᠭᠡᠭᠰᠢ ᠮᠡᠳᠡᠭᠦᠯᠦᠭᠰᠡᠨ | ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠵᠢᠴᠢ ᠭᠤᠣᠯᠳᠠᠯᠭ᠎ᠠ ᠲᠠᠢ ᠠᠵᠢᠯ ᠵᠡᠷᠭᠡ ᠬᠠᠮᠢᠶ᠎ᠠ ᠪᠦᠬᠦᠢ ᠠᠭᠤᠯᠭ᠎ᠠ ᠶᠢ | ᠦᠨᠳᠦᠰᠦᠯᠡᠨ᠂ ᠡᠭᠦᠷᠭᠡ ᠶᠢ ᠱᠠᠲᠤ ᠳᠠᠷᠠᠭᠠᠯᠠᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠳᠤ ᠬᠦᠷᠲᠡᠯ᠎ᠡ ᠬᠤᠪᠢᠶᠠᠨ᠎ᠠ᠃ | ᠬᠤᠰᠢᠭᠤ ᠰᠢᠶᠠᠨ ︵ᠬᠤᠲᠠ᠂ ᠲᠣᠭᠤᠷᠢᠭ︶ ᠨᠢ ᠮᠠᠯᠴᠢᠨ ᠲᠠᠷᠢᠶᠠᠴᠢᠨ ᠪᠣᠯᠣᠨ ᠰᠢᠨ᠎ᠡ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠰᠢᠯᠢᠳᠡᠭ ᠢ ᠨᠢ ᠰᠣᠩᠭᠤᠨ ᠡᠭᠦᠷᠭᠡ | ᠡᠭᠦᠷᠭᠡᠯᠡᠭᠦᠯᠦᠨ᠎ᠡ᠃ | ᠰᠤᠮᠤ ᠰᠢᠶᠠᠩ ᠪᠠᠯᠭᠠᠰᠤ ᠂ ᠭᠠᠴᠠᠭ᠎ᠠ ᠲᠣᠰᠬᠤᠨ ᠪᠣᠯᠣᠨ ᠬᠡᠷᠡᠭᠵᠢᠭᠦᠯᠬᠦ ᠭᠤᠣᠯ ᠴᠣᠭᠴᠠ ᠠᠴᠠ ᠡᠭᠡᠯᠵᠢᠯᠡᠨ | ᠲᠠᠷᠢᠬᠤ ᠵᠥᠪᠯᠡᠯᠴᠡᠭᠡᠷ ᠲᠣᠭᠲᠠᠵᠤ ᠂ ᠬᠤᠰᠢᠭᠤ ᠰᠢᠶᠠᠨ ︵ ᠬᠤᠳᠠ ᠂ ᠲᠣᠭᠤᠷᠢᠭ ︶ ᠤ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠃ | ᠨᠥᠬᠦᠪᠦᠷᠢ ᠣᠯᠭᠤᠬᠤ ᠠᠷᠭ᠎ᠠ ᠬᠡᠯᠪᠡᠷᠢ᠄ | ᠵᠥᠪᠯᠡᠯᠴᠡᠭᠡᠷ ᠲᠣᠭᠲᠠᠭᠰᠠᠨ ᠪᠥᠭᠡᠳ ᠡᠭᠡᠯᠵᠢᠯᠡᠨ ᠳᠠᠷᠢᠬᠤ ᠱᠠᠭᠠᠷᠳᠠᠯᠭ᠎ᠠ ᠳᠤ ᠨᠡᠶᠢᠴᠡᠭᠰᠡᠨ ᠬᠡᠷᠡᠭᠵᠢᠭᠦᠯᠬᠦ | ᠭᠤᠣᠯ ᠴᠣᠭᠴᠠ ᠳᠤ ︽ᠨᠢᠭᠡ ᠺᠠᠷᠲ ᠢᠶᠠᠷ ᠨᠡᠪᠲᠡᠷᠡᠭᠦᠯᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠨᠥᠬᠦᠪᠦᠷᠢ ᠶᠢᠨ ᠪᠡᠯᠡ ᠮᠥᠩᠭᠦ ᠣᠯᠭᠤᠨ᠎ᠠ᠃ | ᠨᠥᠬᠦᠪᠦᠷᠢ ᠣᠯᠭᠤᠬᠤ ᠦᠭᠡᠢ ᠪᠠᠶᠢᠳᠠᠯ ᠄ | ᠭᠡᠷ᠎ᠡ ᠠᠴᠠ ᠵᠥᠷᠢᠴᠡᠨ ᠲᠠᠷᠢᠭᠰᠠᠨ᠂ ᠥᠨᠵᠢᠭᠦᠯᠦᠨ ᠲᠠᠷᠢᠭᠰᠠᠨ ᠵᠡᠷᠭᠡ ᠳᠤ ᠨᠥᠬᠦᠪᠦᠷᠢ ᠣᠯᠭᠤᠬᠤ ᠦᠭᠡᠢ᠃ | | |