ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠬᠤᠷᠢᠶᠠᠯᠲᠠ ᠶᠢᠨ ᠬᠤᠭᠤᠴᠠᠭ᠎ᠠ ᠪᠠ ᠬᠤᠷᠢᠶᠠᠯᠲᠠ ᠶᠢᠨ ᠠᠷᠭ᠎ᠠ
ᠨᠡᠶᠢᠲᠡᠯᠡᠭᠰᠡᠨ ᠴᠠᠭ᠄
2023/10/16
      ᠡᠷᠳᠡᠨᠢ ᠰᠢᠰᠢ ᠪᠣᠯ ᠦᠶᠡᠲᠦ ᠤᠷᠭᠤᠮᠠᠯ ᠤᠨ ᠢᠵᠠᠭᠤᠷ ᠤᠨ ᠨᠢᠭᠡ ᠨᠠᠰᠤᠲᠤ ᠥᠨᠳᠥᠷ ᠤᠨᠠᠯᠲᠠ ᠲᠠᠢ ᠲᠠᠷᠢᠮᠠᠯ᠂ ᠨᠣᠭᠤᠭᠠᠨ ᠳᠠᠷᠤᠰᠢ ᠶᠢᠨ ᠡᠷᠳᠡᠨᠢ ᠰᠢᠰᠢ ︵ᠪᠠᠰᠠ ᠲᠡᠵᠢᠭᠡᠯ ᠪᠣᠷᠳᠤᠭ᠎ᠠ ᠶᠢᠨ ᠡᠷᠳᠡᠨᠢ ᠰᠢᠰᠢ ᠭᠡᠳᠡᠭ︶  ᠨᠢ ᠡᠷᠳᠡᠨᠢ ᠰᠢᠰᠢ ᠶᠢᠨ ᠡᠭᠦᠯᠳᠡᠷ ᠢ ᠵᠢᠭᠠᠳᠠᠭ ᠦᠭᠡᠢ᠂ ᠬᠠᠷᠢᠨ ᠬᠡᠷᠡᠭᠴᠡᠭᠡ ᠶᠢ ᠨᠢ ᠦᠨᠳᠦᠰᠦᠯᠡᠵᠦ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠪᠣᠯ ᠰᠢᠨ᠎ᠡ ᠰᠣᠷᠭᠤᠭ ᠡᠷᠳᠡᠨᠢ ᠰᠢᠰᠢ ᠶᠢ ᠨᠣᠭᠤᠭᠠᠨ ᠳᠠᠷᠤᠰᠢ ᠶᠢᠨ ᠵᠣᠭᠤᠷᠢᠨ ᠳᠤ ᠬᠠᠳᠠᠭᠠᠯᠠᠵᠤ᠂ ᠢᠰᠬᠡᠵᠦ ᠪᠠᠶᠢᠭᠠᠳ ᠲᠡᠵᠢᠭᠡᠯ ᠪᠣᠷᠳᠤᠭ᠎ᠠ ᠪᠤᠶᠤ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠣᠯᠭᠠᠳᠠᠭ᠃ ᠨᠣᠭᠤᠭᠠᠨ ᠳᠠᠷᠤᠰᠢ ᠶᠢᠨ ᠡᠷᠳᠡᠨᠢ ᠰᠢᠰᠢ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ᠵᠠᠩᠰᠢᠯ ᠢᠶᠠᠷ ᠨᠢᠭᠡᠳᠦᠭᠡᠷ ᠲᠥᠷᠥᠯ ᠤᠨ ᠬᠡᠷᠡᠭᠴᠡᠭᠡᠨ ᠤ ᠡᠷᠳᠡᠨᠢ ᠰᠢᠰᠢ ᠶᠢᠨ ᠶᠡᠷᠦᠩᠬᠡᠢ ᠨᠡᠷᠡᠶᠢᠳᠦᠯ ᠪᠣᠯᠣᠨ᠎ᠠ᠃ ᠨᠣᠭᠤᠭᠠᠨ ᠳᠠᠷᠤᠰᠢ ᠶᠢᠨ ᠡᠷᠳᠡᠨᠢ ᠰᠢᠰᠢ ᠨᠢ ᠡᠩ ᠤᠨ ᠦᠷᠡᠲᠦ ᠡᠷᠳᠡᠨᠢ ᠰᠢᠰᠢ ᠲᠠᠢ ᠠᠳᠠᠯᠢ ᠦᠭᠡᠢ᠂ ᠭᠤᠣᠯ ᠢᠯᠭᠠᠭ᠎ᠠ ᠨᠢ᠄ 1.ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠰᠠᠭᠤᠷᠢ ᠨᠢ ᠥᠨᠳᠥᠷ ᠲᠣᠮᠣ᠂ 2.5 ~ 3.5 m ᠪᠠᠶᠢᠵᠤ ᠂ ᠬᠠᠮᠤᠭ ᠥᠨᠳᠥᠷ ᠲᠡᠭᠡᠨ 4m ᠬᠦᠷᠴᠦ᠂ ᠰᠢᠨ᠎ᠡ ᠰᠣᠷᠭᠤᠭ ᠢᠳᠡᠭᠡᠨ ᠤ ᠡᠰᠢ ᠰᠦᠷᠡᠯ ᠦᠢᠯᠡᠳᠪᠦᠷᠢᠯᠡᠬᠦ ᠪᠠᠷ ᠭᠤᠣᠯᠯᠠᠵᠤ᠂ ᠦᠷᠡᠲᠦ ᠡᠷᠳᠡᠨᠢ ᠰᠢᠰᠢ ᠨᠢ ᠬᠠᠷᠢᠨ ᠡᠷᠳᠡᠨᠢ ᠰᠢᠰᠢ ᠶᠢᠨ ᠦᠷ᠎ᠡ ᠶᠢ ᠦᠢᠯᠡᠳᠪᠦᠷᠢᠯᠡᠬᠦ ᠪᠠᠷ ᠭᠤᠣᠯᠯᠠᠳᠠᠭ᠃ 2.ᠬᠤᠷᠢᠶᠠᠯᠲᠠ ᠶᠢᠨ ᠬᠤᠭᠤᠴᠠᠭ᠎ᠠ ᠨᠢ ᠠᠳᠠᠯᠢ ᠦᠭᠡᠢ᠄ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠬᠠᠮᠤᠭ ᠤᠨ ᠰᠠᠶᠢᠨ ᠬᠤᠷᠢᠶᠠᠯᠲᠠ ᠶᠢᠨ ᠬᠤᠭᠤᠴᠠᠭ᠎ᠠ ᠪᠣᠯ ᠦᠷ᠎ᠡ ᠶᠢᠨ ᠰᠦ ᠪᠣᠯᠪᠠᠰᠤᠷᠠᠭᠰᠠᠨ ᠤ ᠰᠡᠭᠦᠯᠴᠢ ᠶᠢᠨ ᠬᠤᠭᠤᠴᠠᠭ᠎ᠠ ᠠᠴᠠ ᠳᠤᠮᠳᠠ ᠪᠣᠯᠪᠠᠰᠤᠷᠠᠭᠰᠠᠨ ᠬᠤᠭᠤᠴᠠᠭᠠᠨ ᠤ ᠡᠮᠦᠨᠡᠬᠢ ᠬᠤᠭᠤᠴᠠᠭ᠎ᠠ ᠪᠣᠯᠣᠨ᠎ᠠ᠂ ᠡᠨᠡ ᠦᠶ᠎ᠡ ᠳᠤ ᠤᠨᠠᠯᠲᠠ ᠨᠢ ᠬᠠᠮᠤᠭ ᠤᠨ ᠥᠨᠳᠥᠷ᠂ ᠰᠢᠮ᠎ᠡ ᠲᠡᠵᠢᠭᠡᠯ ᠤᠨ ᠥᠷᠲᠡᠭ ᠨᠢ ᠴᠦ ᠬᠠᠮᠤᠭ ᠤᠨ ᠰᠠᠶᠢᠨ ᠪᠠᠶᠢᠳᠠᠭ᠂ ᠬᠠᠷᠢᠨ ᠦᠷ᠎ᠡ ᠶᠢᠨ ᠡᠷᠳᠡᠨᠢ ᠰᠢᠰᠢ ᠶᠢᠨ ᠬᠤᠷᠢᠶᠠᠯᠲᠠ ᠶᠢᠨ ᠬᠤᠭᠤᠴᠠᠭ᠎ᠠ ᠨᠢ ᠡᠷᠬᠡᠪᠰᠢ ᠪᠦᠷᠢᠨ ᠪᠣᠯᠪᠠᠰᠤᠷᠠᠭᠰᠠᠨ ᠤ ᠳᠠᠷᠠᠭ᠎ᠠ ᠪᠠᠶᠢᠬᠤ ᠬᠡᠷᠡᠭᠲᠡᠢ᠃ 3.ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠭᠤᠣᠯᠳᠠᠭᠤ ᠲᠡᠵᠢᠭᠡᠯ ᠪᠣᠷᠳᠤᠭ᠎ᠠ ᠳᠤ ᠬᠡᠷᠡᠭᠯᠡᠳᠡᠭ ᠂ ᠦᠷᠡᠲᠦ ᠡᠷᠳᠡᠨᠢ ᠰᠢᠰᠢ ᠶᠢ ᠲᠡᠵᠢᠭᠡᠯ ᠪᠣᠷᠳᠤᠭ᠎ᠠ ᠳᠤ ᠬᠡᠷᠡᠭᠯᠡᠬᠦ ᠠᠴᠠ ᠭᠠᠳᠠᠨ᠎ᠠ ᠪᠠᠰᠠ ᠴᠢᠬᠤᠯᠠ ᠠᠮᠤ ᠪᠤᠳᠠᠭ᠎ᠠ ᠪᠠ ᠠᠵᠤ ᠦᠢᠯᠡᠳᠪᠦᠷᠢ ᠶᠢᠨ ᠲᠦᠭᠦᠬᠡᠢ ᠡᠳ᠋ ᠪᠣᠯᠣᠨ᠎ᠠ ᠃      1.ᠬᠤᠷᠢᠶᠠᠯᠲᠠ ᠶᠢᠨ ᠬᠤᠭᠤᠴᠠᠭ᠎ᠠ ᠄      ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠬᠠᠮᠤᠭ ᠤᠨ ᠲᠣᠬᠢᠷᠠᠮᠵᠢᠲᠠᠢ ᠬᠠᠳᠤᠬᠤ ᠬᠤᠭᠤᠴᠠᠭ᠎ᠠ ᠪᠣᠯ ᠡᠷᠳᠡᠨᠢ ᠰᠢᠰᠢ ᠶᠢᠨ ᠦᠷ᠎ᠡ ᠶᠢᠨ ᠰᠦᠨ ᠤ ᠪᠣᠯᠪᠠᠰᠤᠷᠠᠯᠲᠠ ᠶᠢᠨ ᠰᠡᠭᠦᠯᠴᠢ ᠶᠢᠨ ᠬᠤᠭᠤᠴᠠᠭ᠎ᠠ ᠠᠴᠠ ᠳᠤᠮᠳᠠ ᠪᠣᠯᠪᠠᠰᠤᠷᠠᠬᠤ ᠬᠤᠭᠤᠴᠠᠭ᠎ᠠ ᠶᠢᠨ ᠡᠬᠢᠨ ᠤ ᠬᠤᠭᠤᠴᠠᠭ᠎ᠠ ᠪᠣᠯᠣᠨ᠎ᠠ ᠂ ᠡᠨᠡ ᠦᠶ᠎ᠡ ᠳᠤ ᠬᠤᠷᠢᠶᠠᠯᠲᠠ ᠨᠢ ᠤᠨᠠᠯᠲᠠ ᠪᠠ ᠰᠢᠮ᠎ᠡ ᠲᠡᠵᠢᠭᠡᠯ ᠤᠨ ᠦᠷᠳᠡᠭ ᠤᠨ ᠬᠠᠮᠤᠭ ᠤᠨ ᠰᠠᠶᠢᠨ ᠬᠡᠮᠵᠢᠭᠳᠡᠯ ᠢ ᠣᠯᠵᠤ ᠪᠣᠯᠣᠨ᠎ᠠ ᠃ ᠬᠠᠷᠠᠮᠥ᠋ᠷᠡᠨ ᠮᠤᠵᠢ ᠶᠢᠨ ᠨᠢᠭᠡᠳᠦᠭᠡᠷ ᠂ ᠬᠤᠶᠠᠳᠤᠭᠠᠷ ᠦᠷᠡᠵᠢᠪᠦᠷᠢ ᠶᠢᠨ ᠰᠡᠷᠢᠭᠦᠨ ᠪᠦᠰᠡ ᠳᠤ 8 ᠰᠠᠷ᠎ᠠ ᠶᠢᠨ ᠳᠤᠮᠳᠠᠴᠢ ᠪᠠᠷ ᠬᠤᠷᠢᠶᠠᠵᠤ᠂ ᠭᠤᠷᠪᠠᠳᠤᠭᠠᠷ ᠂ ᠳᠥᠷᠪᠡᠳᠦᠭᠡᠷ ᠦᠷᠡᠵᠢᠪᠦᠷᠢ ᠶᠢᠨ ᠰᠡᠷᠢᠭᠦᠨ ᠪᠦᠰᠡ ᠳᠤ 8 ᠰᠠᠷ᠎ᠠ ᠶᠢᠨ ᠰᠡᠭᠦᠯᠴᠢ ᠠᠴᠠ 9 ᠰᠠᠷ᠎ᠠ ᠶᠢᠨ ᠡᠬᠢ ᠪᠠᠷ ᠬᠤᠷᠢᠶᠠᠳᠠᠭ᠃ ᠬᠤᠷᠢᠶᠠᠯᠲᠠ ᠶᠢᠨ ᠦᠶ᠎ᠡ ᠳᠤ ᠲᠤᠩᠭᠠᠯᠠᠭ ᠰᠠᠶᠢᠬᠠᠨ ᠡᠳᠦᠷ ᠢ ᠰᠣᠩᠭᠤᠵᠤ ᠂ ᠪᠣᠷᠣᠭᠠᠨ ᠤ ᠤᠯᠠᠷᠢᠯ ᠢ ᠵᠠᠶᠢᠯᠠᠰᠬᠢᠵᠦ ᠬᠤᠷᠢᠶᠠᠨ᠂ ᠪᠣᠷᠣᠭᠠᠨ ᠬᠡᠲᠦᠷᠬᠡᠢ ᠠᠷᠪᠢᠨ ᠪᠣᠯᠤᠭᠰᠠᠨ ᠠᠴᠠ ᠨᠣᠭᠤᠭᠠᠨ ᠳᠠᠷᠤᠰᠢ ᠶᠢᠨ ᠲᠡᠵᠢᠭᠡᠯ ᠪᠣᠷᠳᠣᠭᠠᠨ ᠤ ᠶᠠᠰᠤ ᠴᠢᠨᠠᠷ ᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ ᠃ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠬᠠᠳᠤᠵᠤ ᠬᠤᠷᠢᠶᠠᠭᠰᠠᠨ ᠤ ᠳᠠᠷᠠᠭ᠎ᠠ ᠴᠢᠳᠠᠬᠤ ᠶᠢᠨ ᠬᠢᠷᠢ ᠪᠠᠷ ᠣᠬᠤᠷᠬᠠᠨ ᠬᠤᠭᠤᠴᠠᠭᠠᠨ ᠳᠤ ᠳᠠᠷᠤᠰᠢᠭᠤᠯᠵᠤ ᠳᠠᠭᠤᠰᠬᠠᠨ᠎ᠠ ᠂ ᠬᠡᠲᠦᠷᠬᠡᠢ ᠤᠷᠲᠤ ᠬᠤᠭᠤᠴᠠᠭ᠎ᠠ ᠪᠠᠷ ᠬᠤᠶᠢᠰᠢᠯᠠᠭᠤᠯᠵᠤ ᠪᠣᠯᠬᠤ ᠦᠭᠡᠢ ᠂ ᠪᠣᠷᠣᠭᠠᠨ ᠣᠷᠣᠬᠤ ᠪᠤᠶᠤ ᠥᠪᠡᠷ ᠤᠨ ᠪᠡᠶ᠎ᠡ ᠶᠢᠨ ᠢᠰᠬᠡᠯᠲᠡ ᠠᠴᠠ ᠪᠣᠯᠵᠤ ᠬᠤᠬᠢᠷᠠᠯ ᠭᠠᠷᠬᠤ ᠠᠴᠠ ᠵᠠᠶᠢᠯᠠᠰᠬᠢᠨ᠎ᠡ᠃      2.ᠬᠤᠷᠢᠶᠠᠯᠲᠠ ᠠᠪᠬᠤ ᠠᠷᠭ᠎ᠠ ᠄      ᠲᠠᠯᠠᠪᠠᠢ ᠶᠡᠬᠡᠳᠡᠢ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠲᠠᠷᠢᠶ᠎ᠠ ᠶᠢ ᠪᠦᠷ ᠮᠠᠰᠢᠨ ᠢᠶᠠᠷ ᠬᠤᠷᠢᠶᠠᠳᠠᠭ᠃ ᠲᠡᠩ ᠳᠠᠯᠠᠩ ᠢᠶᠠᠷ ᠬᠠᠳᠤᠵᠤ ᠬᠤᠷᠢᠶᠠᠬᠤ ᠮᠠᠰᠢᠨ ᠲᠠᠢ ᠪᠥᠭᠡᠳ ᠪᠠᠰᠠ 6 ᠳᠠᠯᠠᠩ ᠢᠶᠠᠷ ᠬᠠᠳᠤᠵᠤ ᠬᠤᠷᠢᠶᠠᠬᠤ ᠮᠠᠰᠢᠨ ᠲᠠᠢ ᠪᠠᠶᠢᠳᠠᠭ ᠃ ᠬᠠᠳᠤᠵᠤ ᠬᠤᠷᠢᠶᠠᠬᠤ ᠶᠢᠨ ᠬᠠᠮᠲᠤ ᠣᠬᠤᠷ ᠬᠡᠷᠴᠢᠬᠦ ᠶᠢᠨ ᠳᠠᠭᠠᠤ ᠴᠢᠷᠭᠡᠦᠯ ᠲᠡᠷᠭᠡᠨ ᠳᠤ ᠬᠢᠵᠦ ᠂ ᠴᠢᠷᠭᠡᠦᠯ ᠲᠡᠷᠭᠡ ᠶᠢ ᠳᠦᠭᠦᠷᠭᠡᠭᠰᠡᠨ ᠤ ᠳᠠᠷᠠᠭ᠎ᠠ ᠨᠣᠭᠤᠭᠠᠨ ᠳᠠᠷᠤᠰᠢ ᠶᠢᠨ ᠵᠣᠭᠤᠷᠢ ᠳᠤ ᠬᠦᠷᠭᠡᠨ ᠬᠢᠵᠦ ᠣᠷᠣᠭᠤᠯᠤᠨ᠎ᠠ ᠃ ᠪᠠᠭ᠎ᠠ ᠲᠠᠯᠠᠪᠠᠢ ᠲᠠᠢ ᠨᠣᠭᠤᠭᠠᠨ ᠳᠠᠷᠤᠰᠢ ᠶᠢᠨ ᠲᠡᠵᠢᠭᠡᠯ ᠪᠣᠷᠳᠤᠭ᠎ᠠ ᠶᠢᠨ ᠭᠠᠵᠠᠷ ᠢ ᠬᠥᠮᠥᠨ ᠤ ᠬᠦᠴᠦ ᠪᠠᠷ ᠬᠠᠳᠤᠵᠤ ᠬᠤᠷᠢᠶᠠᠨ᠂ ᠪᠦᠬᠦᠯᠢ ᠰᠠᠭᠤᠷᠢ ᠡᠷᠳᠡᠨᠢ ᠰᠢᠰᠢ ᠶᠢᠨ ᠡᠰᠢ ᠰᠦᠷᠡᠯ ᠢ ᠨᠣᠭᠤᠭᠠᠨ ᠳᠠᠷᠤᠰᠢ ᠶᠢᠨ ᠵᠣᠭᠤᠷᠢ ᠶᠢᠨ ᠣᠶᠢᠷᠠᠯᠴᠠᠭ᠎ᠠ ᠵᠥᠭᠡᠭᠡᠪᠦᠷᠢᠯᠡᠨ ᠠᠪᠴᠢᠷᠠᠭᠰᠠᠨ ᠤ ᠳᠠᠷᠠᠭ᠎ᠠ ᠂ ᠣᠬᠤᠷ ᠬᠡᠷᠴᠢᠵᠦ ᠵᠣᠭᠤᠷᠢ ᠵᠤᠭᠤᠷᠢᠯᠠᠨ᠎ᠠ ᠃ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠬᠤᠷᠢᠶᠠᠬᠤ ᠳᠠᠭᠠᠨ ᠵᠠᠪᠠᠯ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠡᠰᠢ ᠰᠦᠷᠡᠯ ᠢ ᠵᠣᠬᠢᠬᠤ ᠬᠡᠮᠵᠢᠶᠡᠨ ᠤ ᠤᠰᠤᠨ ᠤ ᠠᠭᠤᠯᠤᠭᠳᠠᠴᠠ ᠲᠠᠢ ᠪᠠᠶᠢᠯᠭᠠᠵᠤ ᠂ ᠬᠡᠪ ᠤᠨ ᠪᠠᠶᠢᠳᠠᠯ ᠳᠣᠣᠷ᠎ᠠ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠤᠰᠤᠨ ᠤ ᠠᠭᠤᠯᠤᠭᠳᠠᠴᠠ ᠶᠢ 65%~75% ᠪᠠᠷ ᠪᠠᠶᠢᠯᠭᠠᠬᠤ ᠶᠢ ᠱᠠᠭᠠᠷᠳᠠᠨ᠎ᠠ ᠂ ᠬᠡᠷᠪᠡ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠡᠰᠢ ᠰᠦᠷᠡᠯ ᠢ ᠬᠤᠷᠢᠶᠠᠬᠤ ᠳᠠᠭᠠᠨ ᠤᠰᠤᠨ ᠤ ᠠᠭᠤᠯᠤᠭᠳᠠᠴᠠ  ᠨᠢ ᠬᠡᠲᠦᠷᠬᠡᠢ ᠥᠨᠳᠥᠷ ᠪᠠᠶᠢᠪᠠᠯ ᠣᠬᠤᠷ ᠬᠡᠷᠴᠢᠬᠦ ᠠᠴᠠ ᠡᠮᠦᠨ᠎ᠡ ᠵᠣᠬᠢᠬᠤ ᠬᠡᠮᠵᠢᠶ᠎ᠡ ᠪᠠᠷ ᠡᠭᠡᠭᠡᠵᠦ ᠂ 1~2 ᠡᠳᠦᠷ ᠤᠨ ᠳᠠᠷᠠᠭ᠎ᠠ ᠳᠠᠬᠢᠨ ᠣᠬᠤᠷ ᠬᠡᠷᠴᠢᠵᠦ ᠂ ᠵᠣᠭᠤᠷᠢᠨ ᠳᠤ ᠬᠢᠵᠦ ᠣᠷᠣᠭᠤᠯᠤᠨ᠎ᠠ ᠃ ᠤᠰᠤᠨ ᠤ ᠬᠡᠮᠵᠢᠶ᠎ᠡ ᠬᠡᠳᠦ ᠳᠣᠣᠷ᠎ᠠ ᠪᠣᠯᠪᠠᠯ ᠨᠣᠭᠤᠭᠠᠨ ᠳᠠᠷᠤᠰᠢ ᠶᠢᠨ ᠲᠡᠵᠢᠭᠡᠯ ᠪᠣᠷᠳᠤᠭ᠎ᠠ ᠶᠢ ᠵᠤᠭᠤᠷᠢᠯᠠᠨ ᠳᠠᠷᠤᠰᠢᠭᠤᠯᠬᠤ ᠳᠤ ᠠᠰᠢᠭ ᠦᠭᠡᠢ ᠂ ᠨᠣᠭᠤᠭᠠᠨ ᠳᠠᠷᠤᠰᠢ ᠶᠢᠨ ᠲᠡᠵᠢᠭᠡᠯ ᠪᠣᠷᠳᠤᠭ᠎ᠠ ᠶᠢ ᠠᠮᠠᠷᠬᠠᠨ ᠸᠠᠯᠠᠵᠤ ᠬᠤᠪᠢᠷᠠᠭᠤᠯᠳᠠᠭ ᠂ ᠡᠶᠢᠮᠦ ᠠᠴᠠ ᠲᠣᠬᠢᠷᠠᠮᠵᠢᠲᠠᠢ ᠬᠠᠳᠤᠵᠤ ᠬᠤᠷᠢᠶᠠᠬᠤ ᠬᠤᠭᠤᠴᠠᠭ᠎ᠠ ᠶᠢ ᠰᠣᠩᠭᠤᠬᠤ ᠨᠢ ᠲᠤᠶᠢᠯ ᠤᠨ ᠴᠢᠬᠤᠯᠠ ᠶᠤᠮ ᠃      3. ᠣᠷᠤᠭᠤᠯᠬᠤ ᠂ ᠳᠠᠷᠤᠰᠢᠭᠤᠯᠬᠤ ᠂ ᠪᠢᠲᠡᠭᠦᠮᠵᠢᠯᠡᠬᠦ ᠄      ᠣᠬᠤᠷ ᠬᠡᠷᠴᠢᠭᠰᠡᠨ ᠨᠣᠭᠤᠭᠠᠨ ᠳᠠᠷᠤᠰᠢ ᠶᠢᠨ ᠲᠡᠵᠢᠭᠡᠯ ᠪᠣᠷᠳᠤᠭ᠎ᠠ ᠶᠢ ᠨᠣᠭᠤᠭᠠᠨ ᠳᠠᠷᠤᠰᠢ ᠶᠢᠨ ᠵᠣᠭᠤᠷᠢᠨ ᠳᠤ ᠳᠠᠪᠬᠤᠷᠯᠠᠨ ᠳᠦᠭᠦᠷᠭᠡᠵᠦ ᠂ ᠳᠦᠭᠦᠷᠭᠡᠬᠦ ᠶᠢᠨ ᠳᠠᠭᠠᠤ ᠳᠤ ᠳᠠᠷᠤᠵᠤ ᠳᠠᠷᠤᠰᠢᠭᠤᠯᠵᠤ ᠂ ᠵᠣᠭᠤᠷᠢ ᠶᠢ ᠳᠦᠭᠦᠷᠭᠡᠲᠡᠯ᠎ᠡ ᠬᠢᠨ᠎ᠡ᠃ ᠳᠦᠭᠦᠷᠭᠡᠭᠰᠡᠨ ᠤ ᠳᠠᠷᠠᠭ᠎ᠠ ᠰᠦᠯᠢᠶᠥᠦ ᠪᠦᠷᠬᠦᠪᠴᠢ ᠪᠠᠷ ᠨᠢᠭᠲᠠ ᠪᠢᠲᠡᠭᠦᠮᠵᠢᠯᠡᠵᠦ ᠂ ᠪᠢᠲᠡᠭᠦᠮᠵᠢᠯᠡᠭᠰᠡᠨ ᠤ ᠳᠠᠷᠠᠭ᠎ᠠ ᠳᠠᠬᠢᠨ 30cm ᠤᠨ ᠨᠠᠷᠢᠨ ᠰᠢᠷᠣᠢ ᠶᠢ ᠪᠦᠲᠡᠭᠡᠬᠦ ᠬᠡᠷᠡᠭᠲᠡᠢ ᠃ ᠬᠥᠯᠳᠡᠬᠦ ᠠᠴᠠ ᠰᠡᠷᠭᠡᠶᠢᠯᠡᠬᠦ ᠶᠢᠨ ᠲᠥᠯᠥᠭᠡ ᠂ ᠬᠥᠷᠥᠰᠥᠨ ᠳᠡᠭᠡᠷ᠎ᠡ ᠪᠠᠰᠠ ᠨᠢᠭᠡ ᠳᠠᠪᠬᠤᠷ ᠬᠠᠭᠤᠷᠠᠢ ᠡᠷᠳᠡᠨᠢ ᠰᠢᠰᠢ ᠶᠢᠨ ᠰᠦᠷᠡᠯ ᠂ ᠲᠤᠲᠤᠷᠭ᠎ᠠ ᠶᠢᠨ ᠰᠦᠷᠡᠯ ᠪᠣᠶᠤ ᠪᠤᠭᠤᠳᠠᠢ ᠶᠢᠨ ᠰᠦᠷᠡᠯ ᠢ ᠬᠤᠴᠢᠵᠤ ᠪᠣᠯᠤᠨ᠎ᠠ᠂ ᠬᠥᠯᠳᠡᠬᠦ ᠠᠴᠠ ᠰᠡᠷᠭᠡᠶᠢᠯᠡᠵᠦ ᠂ ᠡᠪᠦᠯ ᠤᠨ ᠤᠯᠠᠷᠢᠯ ᠳᠤ ᠪᠣᠷᠳᠤᠭ᠎ᠠ ᠠᠪᠬᠤ ᠳᠤ ᠠᠰᠢᠭᠲᠠᠢ ᠪᠠᠶᠢᠳᠠᠭ ᠃ ᠢᠩᠭᠢᠵᠦ ᠬᠢᠭᠰᠡᠨ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠪᠣᠷᠳᠤᠭ᠎ᠠ ᠶᠢ 20 ᠡᠳᠦᠷ ᠣᠷᠴᠢᠮ ᠢᠰᠬᠡᠪᠡᠯ ᠪᠣᠯᠴᠢᠬᠠᠨ᠎ᠠ ᠂ ᠳᠠᠬᠢᠭᠠᠳ 20 ᠡᠳᠦᠷ ᠤᠨ ᠪᠣᠯᠪᠠᠰᠤᠷᠠᠯᠲᠠ ᠶᠢᠨ ᠶᠠᠪᠤᠴᠠ ᠶᠢ ᠥᠩᠭᠡᠷᠡᠭᠡᠪᠡᠯ ᠵᠣᠭᠤᠷᠢ ᠪᠠᠨ ᠨᠡᠭᠡᠭᠡᠵᠦ ᠲᠡᠵᠢᠭᠡᠨ᠎ᠡ ᠃ ᠡᠨᠡ ᠦᠶ᠎ᠡ ᠶᠢᠨ ᠨᠣᠭᠤᠭᠠᠨ ᠳᠠᠷᠤᠰᠢ ᠶᠢᠨ ᠪᠣᠷᠳᠤᠭᠠᠨ ᠤ ᠦᠨᠦᠷ ᠠᠩᠬᠢᠯᠤᠮ᠎ᠠ ᠂ ᠢᠳᠡᠬᠦ ᠳᠤ ᠵᠣᠬᠢᠴᠠᠩᠭᠤᠢ ᠂ ᠰᠢᠩᠭᠡᠭᠡᠯᠲᠡ ᠶᠢᠨ ᠨᠤᠷᠮ᠎ᠠ ᠥᠨᠳᠥᠷ ᠂ ᠦᠬᠡᠷ ᠂ ᠬᠤᠨᠢ ᠂ ᠪᠤᠭᠤ ᠵᠡᠷᠭᠡ ᠶᠢᠨ ᠬᠠᠮᠤᠭ ᠤᠨ ᠰᠠᠶᠢᠨ ᠪᠣᠷᠳᠤᠭ᠎ᠠ ᠪᠣᠯᠣᠨ᠎ᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号