︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/10/19
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠢᠨ ᠬᠠᠮᠳᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ 2023 ᠣᠨ ᠤ 6 ᠳ᠋ᠤᠭᠠᠷ ᠰᠠᠷ᠎ᠠ ᠶᠢᠨ 21 ᠤ ᠡᠳᠦᠷ ᠲᠠᠷᠤᠮᠠᠯᠯᠠᠨ ᠲᠠᠷᠬᠠᠭᠠᠪᠠ᠃ ᠡᠳᠦᠭᠡ ᠲᠣᠰ ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠠᠭᠤᠯᠭ᠎ᠠ ᠳᠤ ᠲᠠᠷᠠᠭᠠᠬᠢ ᠮᠡᠳᠤ ᠲᠠᠶᠢᠯᠤᠮᠵᠢ ᠬᠢᠶ᠎ᠡ᠄      ᠨᠢᠭᠡ᠂ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ      ᠤᠷᠴᠢᠮ ᠤᠨ ᠵᠢᠯ ᠲᠥᠪ ᠠᠴᠠ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠦᠷᠬᠦᠯᠵᠢᠯᠡᠨ ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠤᠨ ᠲᠤᠬᠠᠢ ᠪᠠᠶᠢᠷᠢᠯᠠᠭᠤᠯᠵᠤ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠢ ᠠᠪᠴᠠᠯᠳᠤᠭᠤᠯᠤᠭᠰᠠᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷᠵᠢᠯ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠠᠷᠠᠳ ᠤᠨ ᠶᠠᠪᠤᠳᠠᠯ ᠤᠨ ᠶᠠᠮᠤᠨ ᠵᠡᠷᠭᠡ 18 ᠶᠠᠮᠤᠨ ᠬᠤᠷᠢᠶ᠎ᠠ ᠶᠢᠨ ᠬᠢᠨ ᠴᠦ᠄ 2025 ᠣᠨ ᠪᠣᠯᠬᠤ ᠳᠤ ᠬᠥᠳᠡᠭᠡ ᠲᠣᠰᠬᠤᠨ ᠳᠤ ᠰᠠᠭᠤᠷᠢᠯᠠᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠵᠦ᠂ ᠨᠢᠭᠲᠠ ᠠᠪᠴᠠᠯᠳᠤᠭᠰᠠᠨ᠂ ᠪᠦᠷᠢᠨ ᠲᠡᠭᠦᠯᠳᠡᠷ ᠴᠢᠳᠠᠮᠵᠢ ᠲᠠᠢ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷᠵᠢᠯ ᠢ ᠤᠯᠠᠮ ᠪᠦᠷᠢᠨᠰᠢᠭᠦᠯᠬᠦ ᠬᠡᠷᠡᠭᠲᠡᠢ ᠭᠡᠵᠤ ᠱᠠᠭᠠᠷᠳᠠᠬᠰᠠᠨ ᠪᠠᠶᠢᠨ᠎ᠠ᠃ 2022 ᠣᠨ ᠳᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠳᠤ᠂ 2025 ᠣᠨ ᠪᠣᠯᠬᠤ ᠳᠤ ᠰᠤᠮᠤ ᠰᠢᠶᠠᠩ ᠪᠠᠯᠭᠠᠰᠤ ᠪᠤᠯᠭᠠᠨ ᠳᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠬᠥᠳᠡᠭᠡ ᠲᠣᠰᠬᠤᠨ ᠤ ᠨᠠᠰᠤᠲᠠᠨ ᠢ ᠠᠰᠠᠷᠠᠬᠤ ᠬᠦᠷᠢᠶᠡᠯᠡᠩ᠂ ᠬᠥᠳᠡᠭᠡ ᠲᠣᠰᠬᠤᠨ ᠤ ᠵᠢᠷᠭᠠᠯᠳᠤ ᠬᠦᠷᠢᠶᠡᠯᠡᠩ ᠵᠡᠷᠭᠡ ᠲᠦᠬᠦᠬᠡᠷᠤᠮᠵᠢ ᠳᠤ ᠲᠦᠰᠢᠭᠯᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠠᠶᠢᠭᠤᠯᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ 2023 ᠣᠨ ᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ᠂ ᠵᠢᠯ ᠤᠨ ᠳᠣᠲᠣᠷ᠎ᠠ ᠰᠤᠮᠤ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 350᠂ ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 2000 ᠰᠢᠨ᠎ᠡ ᠪᠠᠷ ᠪᠠᠶᠢᠭᠤᠯᠵᠤ᠂ 200 ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡᠨ ᠤ ᠴᠢᠳᠠᠮᠵᠢ ᠶᠢ ᠦᠷᠬᠡᠳᠬᠡᠨ ᠲᠡᠭᠡᠭᠰᠢᠯᠡᠬᠦᠯᠤᠨ᠎ᠡ ᠬᠡᠰᠡᠨ ᠶᠤᠮ᠃ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ ᠳᠡᠭᠡᠭᠰᠢᠯᠡᠭᠦᠯᠬᠦ ᠶᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠳᠤ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃          ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ      1. ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵2021 ᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ︶      2. ︽2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵2023 ᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ︶      3. ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠬᠢ ᠪᠦᠬᠦ ᠤᠯᠤᠰ ᠤᠨ ᠨᠠᠰᠤᠵᠢᠯ ᠤᠨ ᠦᠢᠯᠡᠰ ᠤᠨ ᠬᠥᠭᠵᠢᠯᠲᠡ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠲᠥᠯᠦᠪᠵᠢᠭᠦᠯᠭᠡ︾ ︵ᠲᠦᠷᠦ ᠲᠠᠷᠬᠠᠭᠠᠭᠰᠠᠨ ﹇2021﹈ 35 ᠳ᠋ᠤᠭᠠᠷ ᠲᠣᠭᠠᠲᠤ︶      4. ᠠᠷᠠᠳ ᠤᠨ ᠶᠠᠪᠤᠳᠠᠯ ᠤᠨ ᠶᠠᠮᠤᠨ ᠵᠡᠷᠭᠡ ᠣᠯᠠᠨ ᠶᠠᠮᠤᠨ ᠬᠤᠷᠢᠶ᠎ᠠ ᠶᠢᠨ ︽ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠦᠷᠭᠡᠨ ᠬᠥᠭᠵᠢᠭᠦᠯᠬᠦ ᠲᠤᠬᠠᠢ ᠵᠢᠯᠤᠭᠤᠳᠬᠤ ᠰᠠᠨᠠᠯ︾ ︵ᠬᠢᠨᠠᠭᠤᠯᠬᠤ ᠨᠣᠣᠷᠠᠭ︶ ︵ᠵᠢᠩᠬᠢᠨᠢ ᠪᠠᠷ ᠳᠠᠷᠤᠮᠠᠯᠯᠠᠨ ᠲᠠᠷᠬᠠᠭᠠᠬᠤ ᠪᠠᠷ ᠪᠠᠶᠢᠨ᠎ᠠ︶      ᠭᠤᠷᠪᠠ᠂ ᠭᠤᠣᠯ ᠠᠭᠤᠯᠭ᠎ᠠ      ︽ᠬᠠᠮᠢᠶᠠᠷᠤᠯᠲᠠ ᠶᠢᠨ ᠠᠷᠭ᠎ᠠ︾ 6 ᠬᠡᠰᠡᠭ 31 ᠵᠦᠢᠯ ᠪᠤᠢ᠃      ᠨᠢᠭᠡᠳᠦᠭᠡᠷ ᠬᠡᠰᠡᠭ᠄ ᠶᠡᠷᠦᠩᠬᠡᠢ ᠳᠦᠷᠢᠮ᠃ 7 ᠵᠦᠢᠯ ᠲᠠᠢ᠂ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠲᠣᠮᠢᠶᠠᠯᠠᠯ᠂ ᠠᠵᠢᠯᠯᠠᠭᠠᠨ ᠤ ᠬᠠᠮᠢᠶᠠᠷᠤᠯᠲᠠ ᠶᠢᠨ ᠵᠠᠭᠪᠤᠷ᠂ ᠬᠠᠷᠢᠯᠴᠠᠨ ᠬᠠᠪᠰᠤᠷᠤᠯᠴᠠᠬᠤ ᠵᠠᠭᠪᠤᠷ ᠵᠡᠷᠭᠡ ᠲᠠᠯ᠎ᠠ ᠶᠢ ᠵᠢᠷᠤᠮᠵᠢᠭᠤᠯᠪᠠ᠃      ᠬᠤᠶᠠᠳᠤᠭᠠᠷ ᠬᠡᠰᠡᠭ᠄ ᠦᠢᠯᠡᠴᠢᠯᠡᠭᠡᠨ ᠤ ᠴᠢᠳᠠᠮᠵᠢ ᠬᠢᠭᠡᠳ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠃ 5 ᠵᠦᠢᠯ ᠳᠤ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡᠨ ᠤ ᠴᠢᠳᠠᠮᠵᠢ᠂ ᠭᠠᠵᠠᠷ ᠰᠣᠩᠭᠤᠨ ᠪᠠᠶᠢᠷᠢᠰᠢᠭᠤᠯᠬᠤ᠂ ᠪᠦᠲᠦᠭᠡᠨ ᠪᠠᠶᠢᠭᠤᠯᠬᠤ ᠪᠠᠷᠢᠮᠵᠢᠶ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠬᠡᠷᠤᠮᠵᠢ ᠶᠢᠨ ᠲᠣᠬᠢᠷᠠᠭᠤᠯᠤᠯᠲᠠ᠂ ᠨᠡᠷᠡᠶᠢᠳᠬᠦ ᠪᠠᠷᠢᠮᠵᠢᠶ᠎ᠠ ᠵᠡᠷᠭᠡ ᠲᠠᠯ᠎ᠠ ᠶᠢ ᠵᠢᠷᠤᠮᠵᠢᠭᠤᠯᠪᠠ᠃      ᠭᠤᠷᠪᠠᠳᠤᠭᠠᠷ ᠬᠡᠰᠡᠭ᠄ ᠣᠷᠣᠵᠤ ᠰᠠᠭᠤᠬᠰᠠᠳ ᠪᠠ ᠬᠦᠢᠴᠡᠳᠬᠡᠬᠦ ᠲᠠᠰ ᠲᠠᠷᠠᠭ᠎ᠠ᠃ 3 ᠵᠦᠢᠯ ᠳᠤ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠳᠤ ᠢᠷᠡᠵᠤ ᠰᠠᠭᠤᠬᠤ ᠨᠥᠬᠦᠴᠡᠯ᠂ ᠬᠦᠷᠢᠶᠡᠯᠡᠩ ᠠᠴᠠ ᠭᠠᠷᠬᠤ ᠪᠠ ᠬᠦᠷᠢᠶᠡᠯᠡᠩ ᠳᠤ ᠢᠷᠡᠵᠤ ᠰᠠᠭᠤᠬᠤ ᠠᠯᠬᠤᠮ ᠲᠠᠷᠠᠭ᠎ᠠ ᠶᠢ ᠵᠢᠷᠤᠮᠵᠢᠭᠤᠯᠪᠠ᠃      ᠳᠥᠷᠪᠡᠳᠦᠭᠡᠷ ᠬᠡᠰᠡᠭ᠄ ᠳᠣᠲᠣᠭᠠᠳᠤ ᠶᠢᠨ ᠡᠵᠡᠩᠨᠡᠯᠲᠡ ᠬᠢᠭᠡᠳ ᠬᠦᠷᠢᠶᠡᠯᠡᠩ ᠤᠨ ᠠᠵᠢᠯ ᠶᠠᠪᠤᠳᠠᠯ ᠤᠨ ᠬᠠᠮᠢᠶᠠᠷᠤᠯᠲᠠ᠃ 7 ᠵᠦᠢᠯ ᠳᠤ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠡᠵᠡᠩᠨᠡᠯᠲᠡ ᠶᠢᠨ ᠠᠷᠭ᠎ᠠ᠂ ᠠᠵᠢᠯᠲᠠᠨ ᠤ ᠲᠣᠬᠢᠷᠠᠭᠤᠯᠤᠯᠲᠠ᠂ ᠠᠶᠤᠯ ᠦᠬᠡᠢ ᠶᠢᠨ ᠬᠠᠮᠢᠶᠠᠷᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠴᠠ ᠵᠡᠷᠭᠡ ᠲᠠᠯ᠎ᠠ ᠶᠢ ᠵᠢᠷᠤᠮᠵᠢᠭᠤᠯᠪᠠ᠃      ᠲᠠᠪᠤᠳᠤᠭᠠᠷ ᠬᠡᠰᠡᠭ᠄ ᠵᠠᠷᠤᠳᠠᠯ ᠤᠨ ᠪᠠᠲᠤᠯᠠᠭ᠎ᠠ ᠬᠢᠭᠡᠳ ᠡᠳ᠋ ᠬᠥᠷᠥᠩᠭᠡ ᠶᠢᠨ ᠬᠠᠮᠢᠶᠠᠷᠤᠯᠲᠠ᠃ 7 ᠵᠦᠢᠯ ᠳᠤ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠠᠷᠠᠴᠢᠯᠠᠨ ᠬᠠᠮᠠᠭᠠᠯᠠᠬᠤ ᠪᠠ ᠰᠡᠯᠪᠢᠨ ᠵᠠᠰᠠᠬᠤ ᠪᠡᠯᠡ ᠮᠥᠩᠭᠦ ᠶᠢᠨ ᠢᠷᠡᠯᠲᠡ᠂ ᠬᠠᠮᠢᠶᠠᠷᠤᠯᠲᠠ ᠦᠢᠯᠡᠴᠢᠯᠡᠭᠡᠨ ᠤ ᠵᠠᠷᠤᠳᠠᠯ ᠤᠨ ᠪᠡᠯᠡ ᠮᠥᠩᠭᠦ ᠶᠢᠨ ᠢᠷᠡᠯᠲᠡ᠂ ᠠᠵᠢᠯᠯᠠᠭᠠᠨ ᠤ ᠪᠡᠯᠡ ᠮᠥᠩᠭᠦ ᠶᠢᠨ ᠢᠷᠡᠯᠲᠡ᠂ ᠠᠯᠪᠠᠨ ᠤ ᠡᠳ᠋ ᠪᠠᠷᠠᠭ᠎ᠠ ᠶᠢ ᠬᠤᠳᠠᠯᠳᠤᠨ ᠠᠪᠬᠤ ᠪᠠ ᠲᠣᠬᠢᠷᠠᠭᠤᠯᠬᠤ ᠪᠠᠷᠢᠮᠵᠢᠶ᠎ᠠ᠂ ᠲᠠᠩᠰᠠ ᠬᠠᠷ᠎ᠠ ᠶᠢᠨ ᠱᠠᠭᠠᠷᠳᠠᠯᠭ᠎ᠠ ᠵᠡᠷᠭᠡ ᠲᠠᠯ᠎ᠠ ᠪᠠᠷ ᠵᠢᠷᠤᠮᠵᠢᠭᠤᠯᠪᠠ᠃      ᠵᠢᠷᠭᠤᠳᠤᠭᠠᠷ ᠬᠡᠰᠡᠭ᠄ ᠳᠠᠭᠠᠯᠳᠤᠭᠤᠯᠤᠭᠰᠠᠨ ᠳᠦᠷᠢᠮ ᠳᠤ 2 ᠵᠦᠢᠯ ᠪᠣᠶ᠂ ᠨᠢᠭᠡ ᠳᠤ᠂ ᠲᠣᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠵᠡᠷᠭᠡ ᠬᠠᠮᠲᠤᠷᠠᠨ ᠪᠢᠴᠢᠭ ᠮᠠᠲ᠋ᠧᠷᠢᠶᠠᠯ ᠲᠠᠷᠬᠠᠭᠠᠭᠰᠠᠨ ᠡᠯ᠎ᠡ ᠨᠢᠬᠡᠴᠢ ᠶᠢᠨ ᠬᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠷᠢᠭᠤᠴᠠᠨ ᠲᠠᠶᠢᠯᠪᠤᠷᠢᠯᠠᠨ᠎ᠠ᠃ ᠬᠤᠶᠠᠷ ᠲᠤ ᠲᠣᠰ ᠠᠷᠭ᠎ᠠ ᠶᠢᠨ ᠲᠤᠷᠰᠢᠨ ᠬᠡᠷᠡᠭᠵᠢᠭᠦᠯᠬᠦ ᠴᠠᠭ ᠬᠤᠭᠤᠴᠠᠭ᠎ᠠ᠃     
 
ᠢᠷᠡᠯᠲᠡ᠄ ᠦᠪᠤᠷ ᠮᠤᠩᠭᠤᠯ ᠤᠨ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号