ᠪᠷᠦ᠋ᠼᠧᠯ ᠡᠪᠡᠳᠴᠢᠨ ᠤ ᠡᠳᠦᠷ ᠳᠤᠳᠤᠮ ᠤᠨ ᠤᠷᠢᠳᠴᠢᠯᠠᠨ ᠰᠡᠷᠭᠡᠶᠢᠯᠡᠯᠳᠡ
ᠨᠡᠶᠢᠲᠡᠯᠡᠭᠰᠡᠨ ᠴᠠᠭ᠄
2023/10/19
      ᠪᠷᠦ᠋ᠼᠧᠯ ᠪᠠᠺᠲ᠋ᠧᠷᠢ ᠶᠢᠨ ᠡᠪᠡᠳᠴᠢᠨ ᠢ ᠳᠥᠭᠦᠮᠴᠢᠯᠡᠭᠡᠳ ᠪᠷᠦ᠋ᠼᠧᠯ ᠡᠪᠡᠳᠴᠢᠨ ᠭᠡᠳᠡᠭ᠂ ᠪᠷᠦ᠋ᠼᠧᠯ ᠪᠠᠺᠲ᠋ᠧᠷᠢ ᠠᠴᠠ ᠡᠭᠦᠰᠦᠭᠰᠡᠨ ᠬᠥᠮᠥᠨ ᠮᠠᠯ ᠳᠤ ᠪᠦᠷ ᠲᠤᠰᠳᠠᠭ ᠬᠠᠯᠳᠠᠪᠤᠷᠢᠲᠤ ᠡᠪᠡᠳᠴᠢᠨ ᠪᠣᠯᠣᠨ᠎ᠠ᠂ ᠪᠠᠰᠠ ᠳᠣᠯᠭᠢᠶᠠᠯᠢᠭ ᠬᠠᠯᠠᠭᠤᠨ ᠭᠡᠳᠡᠭ᠃ ᠬᠥᠮᠥᠨ ᠪᠷᠦ᠋ᠼᠧᠯ ᠡᠪᠡᠳᠴᠢᠨ ᠳᠤ ᠨᠡᠷᠪᠡᠭᠳᠡᠭᠰᠡᠨ ᠤ ᠰᠡᠭᠦᠯᠡᠭᠡᠷ᠂ ᠡᠮᠴᠢᠯᠡᠭᠡᠨ ᠤ ᠰᠢᠨᠵᠢ ᠲᠡᠮᠳᠡᠭ ᠨᠢ ᠤᠷᠲᠤ ᠬᠤᠭᠤᠴᠠᠭ᠎ᠠ ᠪᠠᠷ ᠬᠠᠯᠠᠭᠤᠷᠠᠬᠤ᠂ ᠬᠥᠯᠥᠷᠡᠬᠦ᠂ ᠦᠶ᠎ᠡ ᠭᠡᠰᠢᠭᠦᠦ ᠡᠪᠡᠳᠬᠦ ᠪᠠᠷ ᠭᠤᠣᠯᠯᠠᠵᠤ᠂ ᠣᠯᠠᠨ ᠴᠤᠯᠤ ᠰᠠᠪᠠ ᠶᠢ ᠭᠡᠮᠲᠦᠭᠡᠵᠦ ᠮᠡᠳᠡᠨ᠎ᠡ᠃ ᠪᠷᠦ᠋ᠼᠧᠯ ᠡᠪᠡᠳᠴᠢᠨ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠲᠣᠭᠲᠠᠭᠠᠭᠰᠠᠨ ᠬᠥᠬᠡᠭᠴᠢᠨ ᠲᠦᠷᠦᠯ ᠤᠨ ᠬᠠᠯᠳᠠᠪᠤᠷᠢᠲᠤ ᠡᠪᠡᠳᠴᠢᠨ ᠮᠥᠨ᠂ ᠪᠠᠰᠠ ᠴᠤ ︽ᠠᠵᠢᠯ ᠤᠨ ᠨᠥᠯᠥᠭᠡᠨ ᠤ ᠡᠪᠡᠳᠴᠢᠨ ᠤ ᠬᠦᠰᠦᠨᠦᠭᠲᠦ︾ ᠲᠤ ᠲᠣᠭᠲᠠᠭᠠᠭᠰᠠᠨ ᠠᠮᠢᠳᠤ ᠪᠣᠳᠠᠰ ᠤᠨ ᠡᠯᠧᠮᠧᠨ᠋ᠲ ᠠᠴᠠ ᠪᠣᠯᠤᠭᠰᠠᠨ ᠠᠵᠢᠯ ᠤᠨ ᠨᠥᠯᠥᠭᠡᠨ ᠤ ᠡᠪᠡᠳᠴᠢᠨ ᠮᠥᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢᠨ ᠶᠣᠰᠣᠭᠠᠷ ᠮᠠᠨ ᠤ ᠤᠯᠤᠰ ᠲᠡᠭᠦᠨ ᠢ ᠬᠤᠶᠠᠳᠤᠭᠠᠷ ᠲᠦᠷᠦᠯ ᠤᠨ ᠠᠮᠢᠲᠠᠨ ᠤ ᠬᠢᠵᠢᠭ ᠡᠪᠡᠳᠴᠢᠨ ᠳᠤ ᠣᠷᠣᠭᠤᠯᠪᠠ᠃      ᠨᠢᠭᠡ᠂ ᠪᠷᠦ᠋ᠼᠧᠯ ᠡᠪᠡᠳᠴᠢᠨ ᠳᠤ ᠠᠮᠠᠷᠬᠠᠨ ᠬᠠᠯᠳᠠᠪᠤᠷᠢᠯᠠᠭᠳᠠᠬᠤ ᠬᠥᠮᠥᠰ      ᠵᠠᠷᠢᠮ ᠠᠵᠢᠯ ᠮᠡᠷᠭᠡᠵᠢᠯ ᠤᠨ ᠬᠥᠮᠥᠰ ᠪᠥᠰ ᠡᠪᠡᠳᠴᠢᠨ ᠳᠤ ᠨᠠᠩ ᠠᠮᠠᠷᠬᠠᠨ ᠨᠡᠷᠪᠡᠭᠳᠡᠨ᠎ᠡ᠂ ᠵᠢᠱᠢᠶᠡᠯᠡᠪᠡᠯ ᠦᠬᠡᠷ᠂ ᠬᠤᠨᠢ ᠢᠮᠠᠭ᠎ᠠ ᠲᠡᠵᠢᠭᠡᠨ ᠦᠷᠡᠵᠢᠭᠦᠯᠬᠦ ᠡᠷᠦᠬᠡ ᠪᠠ ᠠᠯᠠᠵᠤ ᠨᠢᠲᠤᠯᠵᠤ ᠪᠣᠯᠪᠠᠰᠤᠷᠠᠭᠤᠯᠬᠤ᠂ ᠠᠮᠢᠲᠠᠨ ᠤ ᠠᠰᠢᠭ ᠰᠢᠮ᠎ᠡ ᠶᠢ ᠬᠤᠳᠠᠯᠳᠤᠵᠤ ᠪᠠᠶᠢᠭ᠎ᠠ ᠬᠥᠮᠥᠰ ᠵᠢᠴᠢ ᠨᠣᠣᠰᠣ ᠬᠠᠶᠢᠴᠢᠯᠠᠬᠤ᠂ ᠡᠭᠡᠯᠢᠯᠡᠭᠡ ᠶᠢᠨ ᠠᠵᠢᠯᠯᠠᠭ᠎ᠠ ᠥᠷᠨᠢᠭᠦᠯᠬᠦ᠂ ᠬᠠᠰᠢᠶ᠎ᠠ ᠶᠢ ᠴᠡᠪᠡᠷᠯᠡᠬᠦ ᠦᠶ᠎ᠡ ᠳᠤ᠂ ᠬᠡᠷᠪᠡ ᠬᠠᠮᠠᠭᠠᠯᠠᠯᠲᠠ ᠨᠢ ᠪᠠᠷᠢᠮᠵᠢᠶ᠎ᠠ ᠳᠤ ᠬᠦᠷᠬᠦ ᠦᠭᠡᠢ ᠪᠣᠯ ᠴᠥᠮ ᠬᠠᠯᠳᠠᠪᠤᠷᠢᠯᠠᠯ ᠢ ᠡᠭᠦᠰᠬᠡᠵᠦ ᠮᠡᠳᠡᠨ᠎ᠡ᠃      ᠬᠤᠶᠠᠷ᠂ ᠪᠷᠦ᠋ᠼᠧᠯ ᠡᠪᠡᠳᠴᠢᠨ ᠤ ᠬᠠᠯᠳᠠᠪᠤᠷᠢᠯᠠᠬᠤ ᠠᠷᠭ᠎ᠠ ᠵᠠᠮ      ᠪᠷᠦ᠋ᠼᠧᠯ ᠡᠪᠡᠳᠴᠢᠨ ᠳᠤ ᠬᠠᠯᠳᠠᠪᠤᠷᠢᠯᠠᠭᠰᠠᠨ ᠨᠢ ᠣᠯᠠᠩᠬᠢ ᠳᠠᠭᠠᠨ ᠢᠯᠡᠷᠬᠡᠢ ᠬᠦᠷᠦᠯᠴᠡᠭᠰᠡᠨ ᠲᠡᠦᠬᠡ ᠲᠠᠢ᠂ ᠪᠷᠦ᠋ᠼᠧᠯ ᠡᠪᠡᠳᠴᠢᠨ ᠳᠤ ᠨᠡᠷᠪᠡᠭᠳᠡᠭᠰᠡᠨ ᠠᠮᠢᠲᠠᠨ ᠤ ᠢᠯᠭᠠᠳᠠᠰᠤ᠂ ᠢᠯᠭᠠᠳᠠᠰᠤ᠂ ᠮᠢᠬ᠎ᠠ᠂ ᠳᠣᠲᠣᠷ ᠡᠷᠬᠡᠲᠡᠨ᠂ ᠠᠷᠠᠰᠤ ᠦᠰᠦ ᠵᠡᠷᠭᠡ ᠨᠢ ᠪᠦᠷ ᠪᠷᠦ᠋ᠼᠧᠯ ᠪᠠᠺᠲ᠋ᠧᠷᠢ ᠲᠠᠢ᠃ ᠬᠥᠮᠥᠨ ᠡᠪᠡᠳᠴᠢᠨ ᠲᠠᠢ ᠠᠮᠢᠲᠠᠨ ᠲᠠᠢ ᠬᠦᠷᠦᠯᠴᠡᠭᠰᠡᠨ ᠤ ᠳᠠᠷᠠᠭ᠎ᠠ᠂ ᠪᠷᠦ᠋ᠼᠧᠯ ᠪᠠᠺᠲ᠋ᠧᠷᠢ ᠪᠡᠶ᠎ᠡ ᠶᠢᠨ ᠭᠠᠳᠠᠷᠭᠤ ᠶᠢᠨ ᠠᠷᠠᠰᠤ᠂ ᠰᠠᠯᠢᠰᠤᠲᠤ ᠪᠦᠷᠬᠦᠪᠴᠢ᠂ ᠰᠢᠩᠭᠡᠭᠡᠯᠲᠡ ᠶᠢᠨ ᠵᠠᠮ᠂ ᠠᠮᠢᠰᠬᠤᠯ ᠤᠨ ᠵᠠᠮ ᠢᠶᠠᠷ ᠳᠡᠮᠵᠢᠨ ᠲᠦᠷᠢᠨ ᠣᠷᠣᠳᠠᠭ᠃ ᠬᠥᠮᠥᠨ ᠬᠥᠮᠥᠨ ᠤ ᠬᠤᠭᠤᠷᠣᠨᠳᠤ ᠪᠠᠨ ᠡᠩ ᠤᠨ ᠠᠮᠢᠳᠤᠷᠠᠯ ᠤᠨ ᠬᠠᠷᠢᠯᠴᠠᠭᠠᠨ ᠳᠤ ᠬᠠᠯᠳᠠᠪᠤᠷᠢᠯᠠᠬᠤ ᠦᠭᠡᠢ᠃      ᠭᠤᠷᠪᠠ᠂ ᠪᠷᠦ᠋ᠼᠧᠯ ᠡᠪᠡᠳᠴᠢᠨ ᠳᠤ ᠬᠠᠯᠳᠠᠪᠤᠷᠢᠯᠠᠭᠰᠠᠨ ᠡᠮᠴᠢᠯᠡᠭᠡᠨ ᠤ ᠢᠯᠡᠷᠡᠯ      ᠪᠷᠦ᠋ᠼᠧᠯ ᠡᠪᠡᠳᠴᠢᠨ ᠤ ᠨᠢᠭᠤᠭᠳᠠᠮᠠᠯ ᠬᠤᠭᠤᠴᠠᠭ᠎ᠠ ᠨᠢ 1 — 3 ᠭᠠᠷᠠᠭ᠂ ᠤᠷᠲᠤ ᠠᠴᠠ ᠬᠡᠳᠦᠨ ᠰᠠᠷ᠎ᠠ᠂ ᠳᠤᠮᠳᠠᠴᠢ ᠪᠠᠷ ᠬᠤᠶᠠᠷ ᠭᠠᠷᠠᠭ ᠪᠣᠯᠣᠨ᠎ᠠ᠃ ᠡᠮᠴᠢᠯᠡᠭᠡᠨ ᠳᠡᠭᠡᠷ᠎ᠡ ᠨᠢᠭᠤᠭᠳᠠᠮᠠᠯ ᠬᠠᠯᠳᠠᠪᠤᠷᠢᠯᠠᠯ᠂ ᠲᠦᠷᠭᠡᠨ ᠴᠢᠨᠠᠷᠲᠠᠢ ᠬᠠᠯᠳᠠᠪᠤᠷᠢᠯᠠᠯ᠂ ᠳᠡᠳ᠋ ᠲᠦᠷᠭᠡᠨ ᠴᠢᠨᠠᠷᠲᠠᠢ ᠬᠠᠯᠳᠠᠪᠤᠷᠢᠯᠠᠯ ᠪᠠ ᠤᠳᠠᠭᠠᠨ ᠴᠢᠨᠠᠷᠲᠠᠢ ᠬᠠᠯᠳᠠᠪᠤᠷᠢᠯᠠᠯ ᠭᠡᠵᠦ ᠬᠤᠪᠢᠶᠠᠳᠠᠭ᠃ ᠨᠢᠭᠤᠭᠳᠠᠮᠠᠯ ᠬᠠᠯᠳᠠᠪᠤᠷᠢᠯᠠᠯ ᠨᠢ ᠶᠠᠮᠠᠷ ᠴᠤ ᠡᠮᠴᠢᠯᠡᠭᠡᠨ ᠤ ᠰᠢᠨᠵᠢ ᠲᠡᠮᠳᠡᠭ ᠪᠠ ᠪᠡᠶ᠎ᠡ ᠶᠢᠨ ᠢᠯᠡᠷᠡᠯ ᠢ ᠢᠯᠡᠷᠡᠭᠦᠯᠬᠦ ᠦᠭᠡᠢ᠃ ᠲᠦᠷᠭᠡᠨ ᠴᠢᠨᠠᠷᠲᠠᠢ ᠪᠠ ᠳᠡᠳ᠋ ᠲᠦᠷᠭᠡᠨ ᠴᠢᠨᠠᠷᠲᠠᠢ ᠬᠠᠯᠳᠠᠪᠤᠷᠢᠯᠠᠯ ᠤᠨ ᠢᠯᠡᠷᠡᠯ  ᠨᠢ ᠣᠯᠠᠩᠬᠢ ᠳᠠᠭᠠᠨ ᠬᠠᠯᠠᠭᠤᠷᠠᠬᠤ᠂ ᠬᠥᠯᠥᠷᠡᠬᠦ ︵ᠰᠥᠨᠢ ᠪᠤᠶᠤ ᠥᠷᠯᠥᠭᠡ ᠡᠷᠲᠡ ᠢᠯᠡᠷᠡᠨ᠎ᠡ︶᠂ ᠲᠡᠨᠦᠬᠦ ᠬᠡᠯᠪᠡᠷᠢ ᠶᠢᠨ ᠲᠣᠮᠣ ᠦᠶ᠎ᠡ ᠡᠪᠡᠳᠬᠦ᠂ ᠲᠠᠮᠢᠷᠳᠠᠬᠤ᠂ ᠪᠡᠶ᠎ᠡ ᠶᠢᠨ ᠪᠠᠶᠢᠴᠠᠭᠠᠯᠲᠠ ᠳᠤ ᠡᠯᠢᠭᠡ᠂ ᠳᠡᠯᠢᠭᠦᠦ ᠪᠠ ᠯᠢᠮᠹᠠ ᠶᠢᠨ ᠵᠠᠩᠭᠢᠯᠠᠭ᠎ᠠ ᠬᠠᠪᠤᠳᠴᠤ ᠲᠣᠮᠣᠷᠠᠬᠤ ᠶᠢ ᠣᠯᠵᠤ ᠮᠡᠳᠡᠨ᠎ᠡ᠃ ᠤᠳᠠᠭᠠᠨ ᠴᠢᠨᠠᠷᠲᠠᠢ ᠬᠠᠯᠳᠠᠪᠤᠷᠢᠯᠠᠯ ᠤᠨ ᠰᠢᠨᠵᠢ ᠲᠡᠮᠳᠡᠭ ᠨᠢ ᠢᠯᠡᠷᠬᠡᠢ ᠪᠢᠰᠢ᠂ ᠨᠡᠶᠢᠲᠡᠯᠢᠭ ᠪᠤᠰᠤ ᠪᠥᠭᠡᠳ ᠢᠯᠡᠷᠡᠯ ᠨᠢ ᠣᠯᠠᠨ ᠶᠠᠩᠵᠤ ᠶᠢᠨ ᠪᠠᠶᠢᠳᠠᠭ᠂ ᠭᠤᠣᠯᠳᠠᠭᠤ ᠶᠠᠳᠠᠷᠠᠬᠤ᠂ ᠪᠦᠬᠦ ᠪᠡᠶ᠎ᠡ ᠡᠪ ᠦᠭᠡᠶᠢᠷᠡᠬᠦ᠂ ᠰᠡᠳᠬᠢᠯ ᠰᠠᠨᠠᠭ᠎ᠠ ᠪᠤᠬᠢᠨᠢᠳᠤᠬᠤ ᠵᠡᠷᠭᠡ ᠪᠣᠯᠣᠨ᠎ᠠ᠃      ᠳᠥᠷᠪᠡ᠂ ᠪᠥᠰ ᠤᠨ ᠡᠪᠡᠳᠴᠢᠨ ᠢ ᠬᠡᠷᠬᠢᠨ ᠰᠡᠷᠭᠡᠶᠢᠯᠡᠬᠦ ᠪᠣᠢ      1. ᠲᠡᠵᠢᠭᠡᠨ ᠦᠷᠡᠵᠢᠭᠦᠯᠬᠦ ᠡᠷᠦᠬᠡ ᠵᠢᠴᠢ ᠠᠯᠠᠵᠤ ᠨᠢᠲᠤᠯᠵᠤ ᠡᠳ᠋ᠰᠢᠭᠦᠯᠬᠦ ᠠᠵᠢᠯ ᠲᠥᠷᠥᠯ ᠤᠨ ᠬᠠᠮᠢᠶ᠎ᠠ ᠪᠦᠬᠦᠢ ᠠᠵᠢᠯᠲᠠᠨ ᠦᠬᠡᠷ ᠬᠤᠨᠢ ᠲᠡᠵᠢᠭᠡᠨ ᠦᠷᠡᠵᠢᠭᠦᠯᠬᠦ᠂ ᠠᠯᠠᠵᠤ ᠨᠢᠲᠤᠯᠵᠤ ᠡᠳ᠋ᠰᠢᠭᠦᠯᠬᠦ ᠵᠡᠷᠭᠡ ᠠᠵᠢᠯ ᠬᠢᠬᠦ ᠳᠡᠭᠡᠨ ᠠᠮᠠᠪᠴᠢ᠂ ᠮᠠᠯᠠᠭᠠᠢ᠂ ᠭᠤᠮ ᠪᠡᠭᠡᠯᠡᠢ ᠵᠡᠭᠦᠵᠦ᠂ ᠠᠵᠢᠯ ᠤᠨ ᠬᠤᠪᠴᠠᠰᠤ ᠪᠠᠨ ᠡᠮᠦᠰᠬᠦ ᠬᠡᠷᠡᠭᠲᠡᠢ᠃ ᠠᠵᠢᠯ ᠳᠠᠭᠤᠰᠤᠭᠰᠠᠨ ᠤ ᠳᠠᠷᠠᠭ᠎ᠠ ᠠᠵᠢᠯ ᠤᠨ ᠬᠤᠪᠴᠠᠰᠤ ᠪᠠᠨ ᠲᠠᠶᠢᠯᠵᠤ᠂ ᠤᠬᠢᠶᠠᠨ ᠴᠡᠪᠡᠷᠯᠡᠵᠦ ᠠᠷᠢᠭᠤᠳᠬᠠᠭᠰᠠᠨ ᠤ ᠳᠠᠷᠠᠭ᠎ᠠ ᠰᠠᠶ᠋ᠢ ᠠᠮᠢᠳᠤᠷᠠᠯ ᠤᠨ ᠲᠠᠯᠠᠪᠤᠷ ᠲᠠᠭᠠᠨ ᠣᠷᠤᠬᠤ ᠬᠡᠷᠡᠭᠲᠡᠢ᠃      2.  ᠬᠤᠲᠠ ᠶᠢᠨ ᠠᠷᠠᠳ ᠡᠪᠡᠳᠴᠢᠨ ᠢᠶᠠᠷ ᠦᠬᠦᠭᠰᠡᠨ ᠦᠬᠡᠷ᠂ ᠬᠤᠨᠢᠨ ᠮᠢᠬ᠎ᠠ ᠶᠢ ᠬᠤᠳᠠᠯᠳᠤᠨ ᠠᠪᠬᠤ ᠪᠤᠶᠤ ᠢᠳᠡᠵᠦ ᠪᠣᠯᠬᠤ ᠦᠭᠡᠢ᠂ ᠠᠷᠢᠭᠤᠳᠬᠠᠭᠰᠠᠨ ᠦᠭᠡᠢ ᠰᠦ  ᠶᠢ ᠪᠤᠴᠠᠯᠤᠭᠰᠠᠨ ᠤ ᠳᠠᠷᠠᠭ᠎ᠠ ᠰᠠᠶ᠋ᠢ ᠤᠤᠭᠤᠬᠤ ᠬᠡᠷᠡᠭᠲᠡᠢ︔ ᠵᠢᠩᠬᠢᠨᠢ ᠠᠷᠭ᠎ᠠ ᠵᠠᠮ ᠢᠶᠠᠷ ᠡᠳᠦᠷ ᠲᠤᠲᠤᠮ ᠤᠨ ᠬᠡᠷᠡᠭᠰᠡᠬᠦ ᠮᠢᠬᠠᠨ ᠤ ᠲᠥᠷᠥᠯ ᠵᠢᠴᠢ ᠲᠡᠭᠦᠨ ᠤ ᠪᠦᠲᠦᠭᠡᠭᠳᠡᠬᠦᠨ ᠢ ᠬᠤᠳᠠᠯᠳᠤᠨ ᠠᠪᠴᠤ᠂ ᠬᠤᠭᠤᠯᠠ ᠪᠠᠵᠠᠭᠠᠵᠤ ᠪᠣᠯᠪᠠᠰᠤᠷᠠᠭᠰᠠᠨ ᠤ ᠳᠠᠷᠠᠭ᠎ᠠ ᠰᠠᠶ᠋ᠢ ᠢᠳᠡᠨ᠎ᠡ᠃  ᠵᠣᠴᠢᠳ ᠤᠨ ᠪᠠᠭᠤᠳᠠᠯ᠂ ᠭᠡᠷ ᠪᠦᠯᠢ ᠶᠢᠨ ᠢᠳᠡᠭᠡᠨ ᠤᠮᠳᠠᠭᠠᠨ ᠳᠤ ᠬᠡᠷᠡᠭᠯᠡᠬᠦ ᠠᠮᠪᠠᠨ ᠂ ᠬᠢᠲᠤᠭ᠎ᠠ ᠪᠤᠤᠳᠤᠤ ᠵᠡᠷᠭᠡ ᠶᠢ ᠲᠦᠭᠦᠬᠡᠢ ᠪᠠ ᠪᠤᠯᠤᠭᠰᠠᠨ ᠳᠤ ᠬᠡᠷᠡᠭᠯᠡᠬᠦ ᠪᠠᠷ ᠲᠤᠰ ᠲᠤᠨᠢ ᠢᠯᠭᠠᠨ ᠰᠠᠯᠭᠠᠵᠤ᠂ ᠰᠣᠯᠪᠢᠴᠠᠨ ᠪᠣᠬᠢᠷᠲᠤᠬᠤ ᠠᠴᠠ ᠵᠠᠶᠢᠯᠠᠰᠬᠢᠵᠦ᠂ ᠲᠦᠭᠦᠬᠡᠢ ᠮᠢᠬ᠎ᠠ ᠰᠢᠢᠳᠪᠦᠷᠢᠯᠡᠭᠰᠡᠨ ᠭᠠᠯ ᠲᠣᠭᠤᠭᠠᠨ ᠤ ᠬᠡᠷᠡᠭᠰᠡᠯ ᠢ ᠪᠤᠴᠠᠯᠭᠠᠵᠤ ᠠᠷᠢᠭᠤᠳᠬᠠᠬᠤ ᠬᠡᠷᠡᠭᠲᠡᠢ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号