ᠰᠢ ᠶᠢᠨ ᠫᠢᠩ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ
ᠨᠡᠶᠢᠲᠡᠯᠡᠭᠰᠡᠨ ᠴᠠᠭ᠄
2023/10/19
      ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 18 ᠤ ᠴᠠᠭᠢᠯᠭᠠᠨ ᠮᠡᠳᠡᠭᠡ 10 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ︽ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠵᠦ᠂ ᠬᠠᠮᠲᠤ ᠪᠠᠷ ᠬᠥᠭᠵᠢᠭᠰᠡᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃  
图片3.png
      10 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ︽ ᠨᠡᠭᠡᠭᠡᠯᠲᠡᠲᠡᠢ ᠪᠠᠭᠲᠠᠭᠠᠮᠵᠢᠲᠠᠢ ᠬᠤᠯᠪᠣᠯᠳᠤᠨ ᠨᠡᠪᠲᠡᠷᠡᠯᠴᠡᠵᠦ ᠬᠠᠮᠲᠤ ᠪᠠᠷ ᠬᠥᠭᠵᠢᠭᠰᠡᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃       ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ       ᠰᠢ ᠶᠢᠨ ᠫᠢᠩ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠳᠡᠮᠵᠢᠬᠦ ᠳᠤᠮᠳᠠᠳᠤ ᠤᠯᠤᠰ ᠤᠨ ᠨᠠᠢᠮᠠᠨ ᠵᠦᠢᠯ ᠤᠨ ᠠᠵᠢᠯᠯᠠᠭ᠎ᠠ ᠶᠢ ᠨᠡᠶᠢᠲᠡᠯᠡᠵᠦ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠤᠯᠬᠤ ᠶᠢ ᠠᠬᠢᠭᠤᠯᠵᠤ᠂ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ ᠭᠡᠵᠦ ᠴᠢᠬᠤᠯᠠᠴᠢᠯᠠᠪᠠ᠃      ᠠᠯᠲᠠᠨ ᠨᠠᠮᠤᠷ ᠰᠢᠷᠭᠠᠯᠲᠤᠨ᠂ ᠲᠡᠭᠷᠢ ᠨᠢ ᠴᠡᠯᠮᠡᠭ ᠠᠭᠠᠷ ᠨᠢ ᠲᠤᠩᠭᠠᠯᠠᠭ᠃ ᠲᠢᠶᠠᠨ ᠠᠨ ᠮᠧᠨ ᠠᠭᠤᠳᠠᠮ ᠲᠠᠯᠠᠪᠠᠢ ᠳᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠪᠠᠶᠢᠭ᠎ᠠ ᠤᠯᠤᠰ ᠤᠳ ᠤᠨ ᠤᠯᠤᠰ ᠤᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠭᠡᠷᠡᠯ ᠭᠢᠯᠪᠠᠭ᠎ᠠ ᠰᠠᠴᠤᠷᠠᠭᠤᠯᠤᠨ᠎ᠠ᠃      ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠭᠠᠳᠠᠭᠠᠳᠤ ᠶᠢᠨ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ ᠤᠯᠠᠨ ᠤᠯᠤᠰ ᠤᠨ ᠬᠦᠨᠳᠦᠲᠦ ᠵᠣᠴᠢᠳ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠪᠡ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠶᠡᠭᠡ ᠲᠢᠩᠬᠢᠮ ᠤᠨ ᠬᠤᠶᠠᠷ ᠬᠠᠵᠠᠭᠤ ᠶᠢᠨ ᠲᠣᠮᠣ ᠳᠡᠯᠭᠡᠴᠡ ᠳᠡᠭᠡᠷ᠎ᠡ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠲᠦᠷᠦᠯ ᠵᠦᠢᠯ ᠤᠨ ᠭᠡᠷᠠᠯ ᠰᠠᠴᠤᠷᠠᠩᠭᠤᠢ ᠠᠷᠪᠠᠨ ᠵᠢᠯ ᠤᠨ ᠲᠤᠷᠰᠢᠬᠢ ᠠᠰᠤᠷᠤ ᠶᠡᠭᠡ ᠠᠮᠵᠢᠯᠲᠠ ᠪᠦᠳᠦᠮᠵᠢ ᠳᠡᠯᠭᠡᠭᠳᠡᠨ᠎ᠡ᠃      ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠭᠡᠷᠡᠯ ᠵᠢᠷᠤᠭ ᠲᠠᠲᠠᠭᠤᠯᠪᠠ᠃      ︽ᠡᠩᠬᠡ ᠲᠠᠶᠢᠪᠤᠩ — ᠬᠤᠪᠢ ᠵᠠᠶᠠᠭᠠᠨ ᠤ ᠬᠠᠮᠲᠤ ᠶᠢᠨ ᠴᠣᠭᠴᠠ︾ ᠭᠡᠬᠦ ᠬᠥᠭᠵᠢᠮ ᠤᠨ ᠠᠶᠠᠰ ᠳᠤᠮᠳᠠ᠂ ᠰᠢ ᠶᠢᠨ ᠫᠢᠩ ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠬᠤᠷᠠᠯ ᠤᠨ ᠲᠠᠯᠠᠪᠠᠶ ᠳᠤ ᠠᠯᠬᠤᠨ ᠣᠷᠣᠪᠠ᠃ ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ ᠬᠠᠯᠠᠭᠤᠨ ᠢᠶᠠᠷ ᠤᠭᠲᠤᠪᠠ᠃      ᠲᠡᠷᠢᠭᠦᠯᠡᠭᠴᠢ ᠰᠢ ᠶᠢᠨ ᠫᠢᠩ ︽ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠵᠦ᠂ ᠬᠠᠮᠲᠤ ᠪᠠᠷ ᠬᠥᠭᠵᠢᠭᠰᠡᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃      ᠰᠢ ᠶᠢᠨ ᠫᠢᠩ᠂ ᠡᠨᠡ ᠵᠢᠯ ᠪᠣᠯ ᠮᠢᠨᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠤᠢ ᠪᠣᠯᠣᠨ᠎ᠠ᠃ ᠡᠨᠡ ᠬᠦ ᠰᠠᠨᠠᠭᠠᠴᠢᠯᠠᠭ᠎ᠠ ᠶᠢ ᠳᠤᠷᠠᠳᠤᠭᠰᠠᠨ ᠤᠭ ᠰᠠᠨᠠᠭ᠎ᠠ ᠪᠣᠯ ᠡᠷᠲᠡᠨ ᠤ ᠲᠣᠷᠭᠠᠨ ᠵᠠᠮ ᠢᠶᠠᠷ ᠲᠣᠯᠢ ᠪᠤᠯᠭᠠᠵᠤ᠂ ᠬᠤᠯᠪᠣᠯᠳᠤᠨ ᠨᠡᠪᠲᠡᠷᠡᠯᠴᠡᠬᠦ ᠪᠠᠷ ᠭᠤᠣᠯ ᠰᠢᠵᠢᠮ ᠪᠤᠯᠭᠠᠵᠤ᠂ ᠡᠯ᠎ᠡ ᠤᠯᠤᠰ ᠯᠤᠭ᠎ᠠ ᠲᠦᠷᠦ ᠶᠢᠨ ᠪᠣᠳᠣᠯᠭ᠎ᠠ ᠶᠢᠨ ᠨᠡᠪᠲᠡᠷᠡᠯᠴᠡᠭᠡ᠂ ᠰᠠᠭᠤᠷᠢ ᠲᠥᠬᠦᠭᠡᠷᠦᠮᠵᠢ ᠶᠢᠨ ᠨᠡᠪᠲᠡᠷᠡᠯᠴᠡᠭᠡ᠂ ᠠᠷᠠᠯᠵᠢᠶ᠎ᠠ ᠬᠤᠳᠠᠯᠳᠤᠭᠠᠨ ᠤ ᠨᠡᠪᠲᠡᠷᠡᠯᠴᠡᠭᠡ᠂ ᠪᠡᠯᠡ ᠮᠥᠩᠭᠦᠨ ᠤ ᠨᠡᠪᠲᠡᠷᠡᠯᠴᠡᠭᠡ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠪᠠᠨ ᠴᠢᠩᠭᠠᠳᠬᠠᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠪᠦᠭᠦ ᠪᠥᠮᠪᠥᠷᠴᠡᠭ ᠤᠨ ᠬᠥᠭᠵᠢᠯᠲᠡ ᠳᠤ ᠰᠢᠨ᠎ᠡ ᠣᠷᠣᠨ ᠵᠠᠢ ᠶᠢ ᠨᠡᠭᠡᠭᠡᠵᠦ᠂ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠳᠤ ᠰᠢᠨ᠎ᠡ ᠲᠠᠪᠴᠠᠩ ᠡᠭᠦᠳᠬᠦ ᠶᠠᠪᠤᠳᠠᠯ ᠪᠣᠯᠣᠨ᠎ᠠ᠃      10 ᠵᠢᠯ ᠤᠨ ᠲᠤᠷᠰᠢ᠂ ᠪᠢᠳᠡ ᠤᠭ ᠰᠠᠨᠠᠭ᠎ᠠ ᠪᠠᠨ ᠪᠠᠲᠤ ᠰᠠᠬᠢᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭ᠎ᠠ ᠶᠢᠨ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠥᠷᠨᠢᠨ ᠬᠥᠭᠵᠢᠵᠦ᠂ ᠦᠯᠡᠮᠵᠢ ᠦᠷ᠎ᠡ ᠪᠦᠲᠦᠭᠡᠯ ᠣᠯᠬᠤ ᠶᠢ ᠠᠬᠢᠭᠤᠯᠪᠠ᠃ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭ᠎ᠠ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠠᠴᠠ ᠠᠹᠷᠢᠺᠠ ᠲᠢᠪ ᠪᠣᠯᠣᠨ ᠯᠠᠲ᠋ᠢᠨ ᠠᠮᠧᠷᠢᠺᠠ ᠲᠢᠪ ᠭᠦᠷᠲᠡᠯ᠎ᠡ ᠥᠷᠭᠡᠵᠢᠵᠦ᠂ 150 ᠭᠠᠷᠤᠢ ᠤᠯᠤᠰ᠂ 30 ᠭᠠᠷᠤᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠲᠤᠰᠬᠠᠢ ᠮᠡᠷᠭᠡᠵᠢᠯ ᠤᠨ ᠬᠦᠷᠢᠶᠡᠨ ᠤ ᠤᠯᠠᠨ ᠲᠠᠯᠠᠲᠤ ᠬᠠᠮᠲᠤᠷᠠᠯᠴᠠᠭᠠᠨ ᠤ 20 ᠭᠠᠷᠤᠢ ᠲᠠᠪᠴᠠᠩ ᠢ ᠪᠠᠶᠢᠭᠤᠯᠪᠠ︔ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠪᠣᠯᠣᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ︽ᠪᠠᠭ᠎ᠠ ᠮᠥᠷᠲᠡᠭᠡᠨ ᠭᠤᠶᠢᠳᠠ︾ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠵᠠᠢ︔ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ᠂ ᠨᠡᠭᠡᠭᠡᠯᠲᠡᠲᠤ ᠪᠣᠬᠢᠷᠳᠤᠯ ᠦᠭᠡᠢ ᠠᠷᠢᠭᠤᠨ ᠴᠢᠬᠡᠴᠢ᠂ ᠥᠨᠳᠥᠷ ᠪᠠᠷᠢᠮᠵᠢᠶ᠎ᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠦᠷᠭᠦᠯᠵᠢᠯᠡᠬᠦ ᠴᠢᠨᠠᠷ ᠨᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢᠨ ᠴᠢᠬᠤᠯᠠ ᠵᠢᠯᠤᠭᠤᠳᠬᠤ ᠵᠠᠷᠴᠢᠮ ᠪᠣᠯᠵᠠᠢ᠃ 10 ᠵᠢᠯ ᠤᠨ ᠲᠤᠷᠰᠢ᠂ ᠪᠢᠳᠡ ᠠᠵᠤ ᠠᠬᠤᠢ ᠶᠢᠨ ᠬᠤᠩᠭᠢᠯ ᠢᠶᠠᠷ ᠵᠢᠯᠣᠭᠤᠳᠤᠮᠵᠢ ᠪᠤᠯᠭᠠᠵᠤ᠂ ᠶᠡᠭᠡ ᠵᠠᠮ ᠪᠣᠯᠣᠨ ᠮᠡᠳᠡᠭᠡ ᠵᠠᠩᠭᠢ ᠶᠢᠨ ᠲᠦᠷᠭᠡᠨ ᠤ ᠵᠠᠮ ᠢᠶᠠᠷ ᠠᠷᠤᠭ ᠶᠠᠰᠤ ᠪᠤᠯᠭᠠᠵᠤ᠂ ᠲᠡᠮᠦᠷ ᠵᠠᠮ᠂ ᠵᠠᠰᠠᠮᠠᠯ ᠵᠠᠮ᠂ ᠨᠢᠰᠬᠡᠯ ᠤᠨ ᠪᠠᠭᠤᠳᠠᠯ᠂ ᠭᠠᠷᠠᠮ᠂ ᠬᠤᠭᠤᠯᠠᠢ ᠶᠢᠨ ᠲᠣᠣᠷ ᠢᠶᠠᠷ ᠲᠤᠯᠭᠠᠭᠤᠷᠢᠯᠠᠯ ᠪᠤᠯᠭᠠᠵᠤ᠂ ᠡᠬᠡ ᠬᠠᠭᠤᠷᠠᠢ᠂ ᠳᠠᠯᠠᠢ ᠲᠠᠩᠭᠢᠰ᠂ ᠣᠭᠲᠠᠷᠭᠤᠢ᠂ ᠢᠨᠲ᠋ᠧᠷ ᠰᠦᠯᠵᠢᠶ᠎ᠡ ᠶᠢ ᠬᠠᠮᠤᠷᠤᠭᠰᠠᠨ ᠪᠦᠭᠦ ᠪᠥᠮᠪᠥᠷᠴᠡᠭ ᠤᠨ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠬᠤ ᠪᠠᠷ ᠴᠢᠷᠮᠠᠶᠢᠵᠤ᠂ ᠡᠯ᠎ᠡ ᠤᠯᠤᠰ ᠤᠨ ᠲᠠᠸᠠᠷ᠂ ᠪᠡᠯᠡ ᠮᠥᠩᠭᠦ᠂ ᠮᠡᠷᠭᠡᠵᠢᠯ᠂ ᠬᠥᠮᠥᠰ ᠤᠨ ᠶᠡᠭᠡ ᠭᠦᠢᠯᠭᠡᠭᠡ ᠶᠢ ᠪᠦᠲᠦᠮᠵᠢᠲᠡᠢ ᠠᠬᠢᠭᠤᠯᠵᠤ᠂ ᠮᠢᠩᠭᠠᠨ ᠵᠢᠯ ᠦᠷᠭᠦᠯᠵᠢᠯᠡᠭᠰᠡᠨ ᠡᠷᠲᠡᠨ ᠤ ᠲᠣᠷᠭᠠᠨ ᠵᠠᠮ ᠤᠨ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠤᠯᠬᠤ ᠶᠢ ᠠᠬᠢᠭᠤᠯᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠠᠳᠠᠯᠢ ᠪᠤᠰᠤ ᠪᠣᠯᠪᠠᠰᠤᠨ᠂ ᠰᠣᠶᠣᠯ᠂ ᠨᠡᠶᠢᠭᠡᠮ ᠤᠨ ᠪᠠᠶᠢᠭᠤᠯᠤᠯ᠂ ᠬᠥᠭᠵᠢᠯᠲᠡ ᠶᠢᠨ ᠱᠠᠲᠤᠨ ᠤ ᠢᠯᠭᠠᠭ᠎ᠠ ᠶᠢ ᠲᠡᠪᠴᠢᠵᠦ᠂ ᠡᠯ᠎ᠡ ᠤᠯᠤᠰ ᠤᠨ ᠶᠠᠪᠤᠯᠴᠠᠭᠠᠨ ᠤ ᠰᠢᠨ᠎ᠡ ᠵᠠᠮ ᠢ ᠨᠡᠭᠡᠭᠡᠵᠦ᠂ ᠤᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠪᠣᠷᠣ ᠲᠥᠯᠥᠪ ᠢ ᠪᠠᠶᠢᠭᠤᠯᠵᠤ᠂ ᠬᠥᠮᠥᠨ ᠲᠥᠷᠥᠯᠬᠢᠲᠡᠨ ᠤ ᠬᠠᠮᠲᠤ ᠶᠢᠨ ᠬᠥᠭᠵᠢᠯᠲᠡ ᠶᠢᠨ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠲᠥᠪᠯᠡᠷᠡᠭᠦᠯᠪᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠥᠩᠭᠡᠷᠡᠭᠰᠡᠨ 10 ᠵᠢᠯ ᠳᠤ ᠣᠯᠣᠭᠰᠠᠨ ᠠᠮᠵᠢᠯᠲᠠ ᠪᠦᠲᠦᠮᠵᠢ ᠪᠣᠯ ᠲᠦᠢᠯ ᠤᠨ ᠡᠷᠬᠢᠮ ᠨᠠᠨᠳᠢᠨ ᠶᠤᠮ᠂ ᠲᠤᠷᠰᠢᠯᠭ᠎ᠠ ᠶᠢ ᠳ᠋ᠦᠩᠨᠡᠭᠦᠰᠢᠲᠡᠢ᠃ ᠬᠥᠮᠥᠨ ᠲᠥᠷᠥᠯᠬᠢᠲᠡᠨ ᠪᠣᠯ ᠬᠠᠷᠢᠯᠴᠠᠨ ᠲᠦᠰᠢᠭᠯᠡᠯᠴᠡᠨ ᠣᠷᠣᠰᠢᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢ ᠪᠢᠳᠡ ᠭᠦᠨᠵᠡᠭᠡᠢ ᠲᠠᠨᠢᠵᠠᠢ᠃ ᠳᠡᠯᠡᠬᠡᠢ ᠶᠢᠷᠲᠢᠨᠴᠦ ᠰᠠᠶᠢᠨ ᠪᠠᠶᠢᠪᠠᠯ ᠳᠤᠮᠳᠠᠳᠤ ᠤᠯᠤᠰ ᠰᠠᠶ᠋ᠢ ᠰᠠᠶᠢᠨ ᠪᠠᠶᠢᠵᠤ ᠴᠢᠳᠠᠨ᠎ᠠ︔ ᠳᠤᠮᠳᠠᠳᠤ ᠤᠯᠤᠰ ᠰᠠᠶᠢᠨ ᠪᠠᠶᠢᠪᠠᠯ ᠳᠡᠯᠡᠬᠡᠢ ᠶᠢᠷᠲᠢᠨᠴᠦ ᠨᠡᠩ ᠰᠠᠶᠢᠨ ᠪᠣᠯᠣᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠳᠠᠮᠵᠢᠨ᠂ ᠳᠤᠮᠳᠠᠳᠤ ᠤᠯᠤᠰ ᠤᠨ ᠭᠠᠳᠠᠭᠰᠢ ᠨᠡᠭᠡᠭᠡᠯᠲᠡ ᠬᠢᠬᠦ ᠡᠭᠦᠳᠡ ᠤᠯᠠᠮ ᠶᠡᠭᠡ ᠨᠡᠭᠡᠭᠡᠭᠳᠡᠵᠦ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠪᠣᠯᠣᠨ ᠳᠡᠯᠡᠬᠡᠢ ᠶᠢᠨ ᠵᠠᠬ᠎ᠠ ᠳᠡᠯᠭᠡᠭᠦᠷ ᠤᠨ ᠬᠠᠷᠢᠯᠴᠠᠭ᠎ᠠ ᠤᠯᠠᠮ ᠨᠢᠭᠲᠠ ᠪᠣᠯᠵᠠᠢ᠃ ᠭᠠᠭᠴᠠ ᠬᠦ ᠬᠠᠮᠲᠤᠷᠠᠯᠴᠠᠨ ᠬᠠᠮᠲᠤ ᠪᠠᠷ ᠠᠰᠢᠭ ᠭᠦᠷᠳᠡᠪᠡᠯ ᠰᠠᠶ᠋ᠢ ᠤᠴᠢᠷ ᠶᠠᠪᠤᠳᠠᠯ ᠢ ᠪᠦᠲᠦᠭᠡᠵᠦ᠂ ᠤᠴᠢᠷ ᠶᠠᠪᠤᠳᠠᠯ ᠢ ᠰᠠᠶᠢᠲᠤᠷ ᠪᠦᠲᠦᠭᠡᠵᠦ᠂ ᠶᠡᠭᠡ ᠶᠠᠪᠤᠳᠠᠯ ᠢ ᠪᠦᠲᠦᠭᠡᠵᠦ ᠴᠢᠳᠠᠨ᠎ᠠ ᠭᠡᠳᠡᠭ ᠢ ᠪᠢᠳᠡ ᠭᠦᠨᠵᠡᠭᠡᠢ ᠲᠠᠨᠢᠵᠠᠢ᠃ ᠵᠦᠪᠭᠡᠨ ᠡᠯ᠎ᠡ ᠤᠯᠤᠰ ᠬᠠᠮᠲᠤᠷᠠᠯᠴᠠᠬᠤ ᠬᠦᠰᠡᠯ ᠲᠠᠢ᠂ ᠵᠣᠬᠢᠴᠠᠩᠭᠤᠢ ᠬᠥᠳᠡᠯᠦᠯᠴᠡᠳᠡᠭ ᠯᠠ ᠶᠤᠮ ᠪᠣᠯ ᠪᠠᠶᠢᠭᠠᠯᠢ ᠶᠢᠨ ᠪᠠᠷᠳᠠᠭ᠎ᠠ ᠶᠢ ᠳᠠᠷᠳᠠᠩ ᠵᠠᠮ ᠪᠣᠯᠭᠠᠨ ᠬᠤᠪᠢᠷᠠᠭᠤᠯᠵᠤ ᠪᠣᠯᠣᠨ᠎ᠠ᠂ ︽ᠡᠬᠡ ᠬᠠᠭᠤᠷᠠᠢ ᠶᠢᠨ ᠪᠢᠲᠡᠭᠦᠮᠵᠢᠲᠦ ᠤᠯᠤᠰ︾ ᠢ ︽ᠡᠬᠡ ᠬᠠᠭᠤᠷᠠᠢ ᠶᠢᠨ ᠵᠠᠮ ᠬᠠᠷᠢᠯᠴᠠᠭᠠᠨ ᠤ ᠬᠦᠢᠰᠦ ᠤᠯᠤᠰ︾ ᠪᠣᠯᠭᠠᠨ ᠬᠤᠪᠢᠷᠠᠭᠤᠯᠵᠤ ᠪᠣᠯᠣᠨ᠎ᠠ᠂ ᠬᠥᠭᠵᠢᠯᠲᠡ ᠶᠢᠨ ᠨᠥᠬᠦᠴᠡᠯ ᠪᠠᠷᠤᠭᠲᠠᠢ ᠣᠷᠣᠨ ᠢ ᠬᠥᠭᠵᠢᠨ ᠴᠡᠴᠡᠭᠯᠡᠭᠰᠡᠨ ᠥᠨᠳᠦᠷᠯᠢᠭ ᠪᠣᠯᠭᠠᠨ ᠬᠤᠪᠢᠷᠠᠭᠤᠯᠵᠤ ᠪᠣᠯᠣᠨ᠎ᠠ᠃ ᠡᠶ᠎ᠡ ᠨᠠᠶᠢᠷᠲᠠᠢ ᠬᠠᠮᠲᠤᠷᠠᠯᠴᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠲᠣᠷᠭᠠᠨ ᠵᠠᠮ ᠤᠨ ᠵᠣᠷᠢᠭ ᠰᠠᠨᠠᠭ᠎ᠠ ᠪᠣᠯ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠴᠢᠬᠤᠯᠠ ᠬᠦᠴᠦᠨ ᠴᠢᠳᠠᠯ ᠤᠨ ᠡᠬᠢ ᠪᠤᠯᠠᠭ ᠮᠥᠨ ᠭᠡᠳᠡᠭ ᠢ ᠪᠢᠳᠡ ᠭᠦᠨᠵᠡᠭᠡᠢ ᠲᠠᠨᠢᠵᠤ ᠣᠯᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠤᠯᠠᠨ ᠤ ᠬᠦᠴᠦᠨ ᠳᠤ ᠣᠪᠣᠭ᠎ᠠ ᠪᠣᠰᠣᠨ᠎ᠠ᠂ ᠬᠠᠷᠢᠯᠴᠠᠨ ᠬᠠᠪᠰᠤᠷᠤᠯᠴᠠᠵᠤ ᠲᠤᠰᠠᠯᠠᠯᠴᠠᠪᠠᠯ ᠬᠤᠯᠠ ᠠᠶᠠᠯᠠᠵᠤ ᠳᠡᠶᠢᠯᠦᠨ᠎ᠡ ᠭᠡᠳᠡᠭ ᠢ ᠴᠢᠬᠤᠯᠠᠴᠢᠯᠠᠵᠤ᠂ ᠥᠪᠡᠷ ᠢᠶᠠᠨ ᠰᠠᠶᠢᠨ ᠠᠮᠢᠳᠤᠷᠠᠬᠤ ᠮᠥᠷᠲᠡᠭᠡᠨ ᠪᠠᠰᠠ ᠪᠤᠰᠤᠳ ᠢ ᠰᠠᠶᠢᠬᠠᠨ ᠠᠮᠢᠳᠤᠷᠠᠭᠤᠯᠬᠤ ᠶᠢ ᠡᠷᠬᠢᠮᠯᠡᠵᠦ᠂ ᠬᠠᠷᠢᠯᠴᠠᠨ ᠬᠤᠯᠪᠣᠯᠳᠤᠨ ᠨᠡᠪᠲᠡᠷᠡᠯᠴᠡᠬᠦ᠂ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ ᠶᠢ ᠦᠢᠯᠡᠳᠦᠯᠭᠡᠵᠢᠭᠦᠯᠵᠦ᠂ ᠬᠠᠮᠲᠤ ᠪᠠᠷ ᠬᠥᠭᠵᠢᠬᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠰᠦᠪᠡᠭᠴᠢᠯᠡᠬᠦ ᠶᠤᠮ᠃ ᠦᠵᠡᠯ ᠤᠬᠠᠮᠰᠠᠷ ᠤᠨ ᠭᠡᠯᠪᠡᠷᠢ ᠶᠢᠨ ᠡᠰᠡᠷᠭᠦᠴᠡᠯᠳᠦᠯ ᠢ ᠪᠤᠢ ᠪᠤᠯᠭᠠᠬᠤ ᠦᠭᠡᠢ᠂ ᠭᠠᠵᠠᠷ ᠣᠷᠣᠨ ᠤ ᠤᠯᠤᠰ ᠲᠦᠷᠦ ᠶᠢᠨ ᠦᠵᠡᠯᠴᠡᠭᠡᠨ ᠢ ᠶᠠᠪᠤᠭᠤᠯᠬᠤ ᠦᠭᠡᠢ᠂ ᠪᠦᠯᠦᠭᠯᠡᠯ ᠤᠨ ᠤᠯᠤᠰ ᠲᠦᠷᠦ ᠶᠢᠨ ᠡᠰᠡᠷᠭᠦᠴᠡᠯᠳᠦᠯ ᠢ ᠴᠦ ᠡᠭᠦᠰᠬᠡᠬᠦ ᠦᠭᠡᠢ᠂ ᠭᠠᠭᠴᠠ ᠲᠠᠯ᠎ᠠ ᠶᠢᠨ ᠵᠠᠯᠬᠠᠭᠠᠯ ᠢ ᠡᠰᠡᠷᠭᠦᠴᠡᠵᠦ᠂ ᠠᠵᠤ ᠠᠬᠤᠢ ᠶᠢᠨ ᠰᠦᠷᠳᠡᠭᠦᠯᠦᠯ ᠢ ᠡᠰᠡᠷᠭᠦᠴᠡᠵᠦ᠂ ᠪᠠᠰᠠ ᠬᠠᠷᠢᠴᠠᠭ᠎ᠠ ᠬᠤᠯᠪᠤᠭ᠎ᠠ ᠪᠠᠨ ᠲᠠᠰᠤᠯᠬᠤ ᠶᠢ ᠡᠰᠡᠷᠭᠦᠴᠡᠶ᠎ᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠴᠠᠭ ᠦᠶ᠎ᠡ ᠶᠢᠨ ᠲᠠᠪᠰᠢᠯᠳᠠ ᠶᠢᠨ ᠯᠣᠭᠢᠭ ᠲᠠᠢ ᠨᠡᠶᠢᠴᠡᠵᠦ᠂ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠭᠰᠠᠨ ᠭᠡᠳᠡᠭ ᠢ 10 ᠵᠢᠯ ᠤᠨ ᠲᠡᠦᠬᠡᠨ ᠶᠠᠪᠤᠴᠠ ᠭᠡᠷᠡᠴᠢᠯᠡᠪᠡ᠃ ᠪᠢᠳᠡ ᠡᠭᠡᠳᠡᠷᠡᠭᠡᠨ ᠪᠤᠳᠤᠯᠢᠶᠠᠨᠲᠠᠢ ᠶᠢᠷᠲᠢᠨᠴᠦ ᠳᠤ ᠠᠵᠢᠭ ᠴᠤ ᠦᠭᠡᠢ ᠤᠷᠤᠭᠰᠢᠯᠠᠬᠤ ᠲᠣᠭᠲᠠᠯ ᠬᠦᠴᠦᠨ ᠲᠠᠢ ᠪᠠᠶᠢᠵᠤ᠂ ᠲᠡᠦᠬᠡ᠂ ᠠᠷᠠᠳ ᠲᠦᠮᠡᠨ᠂ ᠳᠡᠯᠡᠬᠡᠢ ᠳ᠋ᠠᠬᠢᠨ ᠳᠤ ᠬᠠᠷᠢᠭᠤᠴᠠᠬᠤ ᠣᠪᠣᠷ ᠢᠶᠠᠷ᠂ ᠪᠦᠭᠦ ᠪᠥᠮᠪᠥᠷᠴᠡᠭ ᠤᠨ ᠴᠢᠨᠠᠷᠲᠠᠢ ᠡᠯ᠎ᠡ ᠵᠦᠢᠯ ᠤᠨ ᠠᠶᠤᠯ ᠲᠦᠭᠰᠢᠭᠦᠷᠢ ᠪᠣᠯᠣᠨ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠦᠷ᠎ᠡ ᠬᠤᠶᠢᠴᠢᠰ ᠲᠠᠭᠠᠨ ᠡᠩᠬᠡ ᠲᠠᠶᠢᠪᠤᠩ᠂ ᠬᠥᠭᠵᠢᠯᠲᠡ ᠲᠠᠢ᠂ ᠬᠠᠮᠲᠤᠷᠠᠯᠴᠠᠵᠤ᠂ ᠬᠠᠮᠲᠤ ᠪᠠᠷ ᠠᠰᠢᠭ ᠭᠥᠷᠳᠡᠭᠰᠡᠨ ᠰᠠᠶᠢᠨ ᠰᠠᠶᠢᠬᠠᠨ ᠢᠷᠡᠭᠡᠳᠦᠢ ᠶᠢ ᠪᠠᠶᠢᠭᠤᠯᠵᠤ ᠥᠭᠭᠦᠶ᠎ᠡ ᠭᠡᠵᠦ ᠴᠢᠬᠤᠯᠠᠴᠢᠯᠠᠵᠠᠢ᠃      ᠰᠢ ᠶᠢᠨ ᠫᠢᠩ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠪᠢᠳᠠᠨ ᠤ ᠬᠥᠭᠡᠭᠡᠴᠡᠯᠳᠦᠵᠦ ᠪᠠᠶᠢᠭ᠎ᠠ ᠨᠢ ᠳᠤᠮᠳᠠᠳᠤ ᠤᠯᠤᠰ ᠤᠨ ᠪᠡᠶ᠎ᠡ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠣᠳᠣᠬᠢᠴᠢᠯᠠᠯᠲᠠ ᠪᠢᠰᠢ᠂ ᠬᠠᠷᠢᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠣᠳᠣᠬᠢᠴᠢᠯᠠᠯᠲᠠ ᠶᠢ ᠪᠡᠶᠡᠯᠡᠭᠦᠯᠬᠦ ᠶᠢ ᠬᠦᠰᠡᠵᠦ ᠪᠠᠶᠢᠭ᠎ᠠ ᠶᠤᠮ᠃ ᠳᠡᠯᠡᠬᠡᠢ ᠶᠢᠨ ᠣᠳᠣᠬᠢᠴᠢᠯᠠᠯᠲᠠ ᠪᠣᠯ ᠡᠩᠬᠡ ᠲᠠᠶᠢᠪᠤᠩ ᠢᠶᠠᠷ ᠬᠥᠭᠵᠢᠭᠰᠡᠨ ᠣᠳᠣᠬᠢᠴᠢᠯᠠᠯᠲᠠ᠂ ᠬᠠᠷᠢᠯᠴᠠᠨ ᠠᠰᠢᠭᠲᠠᠢ ᠬᠠᠮᠲᠤᠷᠠᠯᠴᠠᠭᠰᠠᠨ ᠣᠳᠣᠬᠢᠴᠢᠯᠠᠯᠲᠠ᠂ ᠬᠠᠮᠲᠤ ᠪᠠᠷ ᠴᠡᠴᠡᠭᠯᠡᠨ ᠬᠥᠭᠵᠢᠭᠰᠡᠨ ᠣᠳᠣᠬᠢᠴᠢᠯᠠᠯᠲᠠ ᠪᠠᠶᠢᠬᠤ ᠶᠣᠰᠣᠲᠠᠢ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠤᠯᠬᠤ ᠶᠢ ᠠᠬᠢᠭᠤᠯᠵᠤ᠂ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠳᠡᠮᠵᠢᠬᠦ ᠳᠤᠮᠳᠠᠳᠤ ᠤᠯᠤᠰ ᠤᠨ ᠨᠠᠢᠮᠠᠨ ᠵᠦᠢᠯ ᠤᠨ ᠠᠵᠢᠯᠯᠠᠭ᠎ᠠ ᠶᠢ ᠨᠡᠶᠢᠲᠡᠯᠡᠪᠡ᠄      ᠨᠢᠭᠡ᠂ ︽ᠨᠢᠭᠡ ᠪᠦᠰᠡ ᠨᠢᠭᠡ ᠵᠠᠮ︾ ᠤᠨ ᠪᠣᠰᠤᠭ᠎ᠠ ᠴᠣᠭᠴᠠᠲᠤ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠤᠨ᠎ᠠ᠃ ᠳᠤᠮᠳᠠᠳᠤ ᠤᠯᠤᠰ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠺᠠᠰᠫᠢ ᠲᠠᠩᠭᠢᠰ ᠢ ᠰᠤᠨᠳᠠᠯᠠᠭᠰᠠᠨ ᠣᠯᠠᠨ ᠤᠯᠤᠰ ᠤᠨ ᠲᠡᠭᠡᠭᠡᠪᠦᠷᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠣᠯᠠᠨ ᠤᠯᠤᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠰᠠᠶᠢᠲᠤᠷ ᠡᠷᠭᠢᠯᠡᠵᠦ᠂ ᠡᠯ᠎ᠡ ᠲᠠᠯ᠎ᠠ ᠶᠢᠨ ᠬᠢᠨ ᠲᠠᠢ ᠬᠠᠮᠲᠤᠷᠠᠨ ᠲᠡᠮᠦᠷ ᠵᠠᠮ᠂ ᠵᠠᠰᠠᠮᠠᠯ ᠵᠠᠮ ᠤᠨ ᠰᠢᠭᠤᠳ ᠬᠦᠷᠬᠦ ᠲᠡᠭᠡᠭᠡᠪᠦᠷᠢ ᠪᠠᠷ ᠲᠤᠯᠭᠠᠭᠤᠷᠢᠯᠠᠯ ᠪᠤᠯᠭᠠᠬᠰᠠᠨ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠶᠢᠨ ᠪᠠᠷᠠᠭᠠᠨ ᠤ ᠭᠦᠢᠯᠭᠡᠭᠡ ᠶᠢᠨ ᠰᠢᠨ᠎ᠡ ᠵᠠᠮ ᠢ ᠪᠠᠶᠢᠭᠤᠯᠤᠨ᠎ᠠ᠃ ︽ᠲᠣᠷᠭᠠᠨ ᠵᠠᠮ ᠤᠨ ᠳᠠᠯᠠᠢ ᠶᠢᠨ ᠲᠡᠭᠡᠭᠡᠪᠦᠷᠢ︾ ᠶᠢᠨ ᠭᠠᠷᠠᠮ ᠤᠨ ᠤᠰᠤᠨ ᠵᠠᠮ ᠤᠨ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ ᠬᠠᠭᠤᠷᠠᠢ ᠳᠠᠯᠠᠢ ᠶᠢ ᠨᠡᠪᠲᠡᠷᠡᠭᠦᠯᠬᠦ ᠰᠢᠨ᠎ᠡ ᠵᠠᠮ᠂ ᠠᠭᠠᠷ ᠤᠨ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃      ᠬᠤᠶᠠᠷ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠲᠡᠮᠵᠢᠨ᠎ᠠ᠃ ᠳᠤᠮᠳᠠᠳᠤ ᠤᠯᠤᠰ ︽ᠲᠣᠷᠭᠠᠨ ᠵᠠᠮ ᠤᠨ ᠡᠯᠧᠺᠳ᠋ᠷᠣᠨ ᠬᠤᠳᠠᠯᠳᠤᠭ᠎ᠠ︾ ᠶᠢᠨ ᠬᠠᠮᠲᠤᠷᠠᠯᠴᠠᠭᠠᠨ ᠤ ᠤᠷᠢᠳ ᠢᠶᠠᠷ ᠬᠡᠷᠡᠭᠵᠢᠭᠦᠯᠬᠦ ᠣᠷᠣᠨ ᠢ ᠡᠭᠦᠳᠦᠨ ᠪᠠᠶᠢᠭᠤᠯᠵᠤ᠂ ᠨᠡᠩ ᠤᠯᠠᠨ ᠤᠯᠤᠰ ᠲᠠᠢ ᠴᠢᠯᠦᠭᠡᠲᠦ ᠠᠷᠠᠯᠵᠢᠶᠠᠨ ᠤ ᠬᠡᠯᠡᠯᠴᠡᠭᠡᠷ᠂ ᠪᠡᠯᠡ ᠣᠷᠣᠭᠤᠯᠤᠯᠲᠠ ᠶᠢ ᠬᠠᠮᠠᠭᠠᠯᠠᠬᠤ ᠬᠡᠯᠡᠯᠴᠡᠭᠡᠷ ᠢ ᠵᠥᠪᠳᠡᠯᠴᠡᠨ ᠲᠣᠭᠲᠠᠭᠠᠨ᠎ᠠ᠃ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠣᠷᠣᠬᠤ ᠵᠥᠪᠰᠢᠶᠡᠷᠡᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠬᠦᠴᠦᠨ ᠦᠭᠡᠢ ᠪᠣᠯᠭᠠᠨ᠎ᠠ᠃ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠭᠦᠨᠵᠡᠭᠡᠢ ᠠᠬᠢᠭᠤᠯᠵᠤ᠂ ᠲᠣᠭᠠᠴᠢᠯᠠᠭᠰᠠᠨ ᠦᠢᠯᠡᠳᠬᠦᠨ ᠵᠡᠷᠭᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠶᠢ ᠥᠷᠭᠡᠳᠬᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠲᠣᠭᠠᠴᠢᠯᠠᠭᠰᠠᠨ ᠠᠵᠤ ᠠᠬᠤᠢ᠂ ᠮᠡᠳᠡᠯᠭᠡ ᠶᠢᠨ ᠥᠮᠴᠢᠯᠡᠯ ᠤᠨ ᠡᠷᠬᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠵᠢᠯ ᠪᠦᠷᠢ ︽ᠪᠦᠭᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠭᠦᠯᠡᠩ︾ ᠢ ᠡᠷᠭᠢᠯᠡᠨ ᠶᠠᠪᠤᠭᠳᠠᠭᠤᠯᠤᠨ᠎ᠠ᠃      ᠭᠤᠷᠪᠠ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠳᠤᠮᠳᠠᠳᠤ ᠤᠯᠤᠰ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠣᠯᠣᠨ ︽ᠪᠠᠭ᠎ᠠ ᠮᠥᠷᠲᠡᠭᠡᠨ ᠭᠤᠶᠢᠳᠠ︾ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠳᠤᠮᠳᠠᠳᠤ ᠤᠯᠤᠰ ᠤᠨ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ᠂ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ ᠠᠷᠠᠳ ᠤᠨ ᠵᠣᠭᠤᠰ ᠤᠨ ᠪᠡᠯᠡ ᠬᠤᠷᠠᠮᠳᠤᠭᠤᠯᠬᠤ ᠴᠣᠩᠬᠤᠪᠴᠢ ᠶᠢ ᠲᠣᠬᠢᠷᠠᠭᠤᠯᠵᠤ᠂ ᠲᠣᠷᠭᠠᠨ ᠵᠠᠮ ᠤᠨ ᠰᠠᠭᠤᠷᠢ ᠮᠥᠩᠭᠦ ᠳᠤ ᠰᠢᠨ᠎ᠡ ᠪᠠᠷ ᠪᠡᠯᠡ ᠮᠥᠩᠭᠦ ᠨᠡᠮᠡᠭᠳᠡᠭᠦᠯᠵᠦ᠂ ᠵᠠᠬ᠎ᠠ ᠳᠡᠯᠭᠡᠭᠦᠷᠴᠢᠯᠡᠬᠦ᠂ ᠬᠤᠳᠠᠯᠳᠤᠭᠠᠴᠢᠯᠠᠬᠤ ᠭᠡᠯᠪᠡᠷᠢ ᠪᠠᠷ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠲᠦᠷᠦᠯ ᠵᠦᠢᠯ ᠢ ᠳᠡᠮᠵᠢᠬᠦ ᠪᠠᠷ ᠪᠠᠶᠢᠨ᠎ᠠ᠃ ᠳᠤᠮᠳᠠᠳᠤ ᠤᠯᠤᠰ ᠪᠠᠰᠠ 1000 ᠪᠠᠭ᠎ᠠ ᠭᠡᠯᠪᠡᠷᠢ ᠶᠢᠨ ᠠᠷᠠᠳ ᠤᠨ ᠠᠮᠢᠳᠤᠷᠠᠯ ᠢ ᠲᠤᠰᠠᠯᠠᠬᠤ ᠲᠥᠷᠥᠯ ᠵᠦᠢᠯ ᠢ ᠬᠡᠷᠡᠭᠵᠢᠭᠦᠯᠵᠦ᠂ ᠯᠦ ᠪᠠᠨ ᠤ ᠦᠢᠯᠡᠳᠬᠡᠯ ᠤᠨ ᠭᠠᠵᠠᠷ ᠵᠡᠷᠭᠡ ᠪᠠᠷ ᠳᠠᠮᠵᠢᠭᠤᠯᠤᠨ ᠳᠤᠮᠳᠠᠳᠤ ᠭᠠᠳᠠᠭᠠᠳᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠠᠬᠢᠭᠤᠯᠬᠤ ᠪᠥᠭᠡᠳ ᠡᠯ᠎ᠡ ᠲᠠᠯ᠎ᠠ ᠶᠢᠨ ᠬᠢᠨ ᠲᠠᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠲᠥᠷᠥᠯ ᠵᠦᠢᠯ ᠪᠣᠯᠣᠨ ᠠᠵᠢᠯᠲᠠᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃      ᠳᠥᠷᠪᠡ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠪᠣᠬᠢᠷᠳᠤᠯ ᠦᠭᠡᠢ ᠰᠠᠭᠤᠷᠢ ᠪᠦᠲᠦᠭᠡᠨ ᠪᠠᠶᠢᠭᠤᠯᠤᠯᠲᠠ᠂ ᠪᠣᠬᠢᠷᠳᠤᠯ ᠦᠭᠡᠢ ᠡᠨᠧᠷᠭᠢ᠂ ᠪᠣᠬᠢᠷᠳᠤᠯ ᠦᠭᠡᠢ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠤᠨ ᠪᠣᠬᠢᠷᠳᠤᠯ ᠦᠭᠡᠢ ᠬᠥᠭᠵᠢᠯᠲᠡ ᠶᠢᠨ ᠣᠯᠠᠨ ᠤᠯᠤᠰ ᠤᠨ ᠬᠤᠯᠪᠤᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ︽ᠨᠢᠭᠡ ᠪᠦᠰᠡ ᠨᠢᠭᠡ ᠵᠠᠮ︾ ᠤᠨ ᠪᠣᠬᠢᠷᠳᠤᠯ ᠦᠭᠡᠢ ᠰᠢᠨ᠎ᠡ ᠶᠢ ᠡᠭᠦᠳᠬᠦ ᠶᠡᠭᠡ ᠬᠤᠷᠠᠯ ᠢ ᠦᠷᠭᠦᠯᠵᠢᠯᠡᠨ ᠡᠷᠭᠢᠯᠡᠵᠦ᠂ ᠭᠡᠷᠡᠯᠴᠢ ᠴᠡᠨᠡᠭ ᠤᠨ ᠠᠵᠤ ᠦᠢᠯᠡᠰ ᠤᠨ ᠶᠠᠷᠢᠯᠴᠠᠭ᠎ᠠ ᠰᠣᠯᠢᠯᠴᠠᠭᠠᠨ ᠤ ᠲᠣᠭᠲᠠᠴᠠ ᠪᠠ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢ ᠶᠢᠨ ᠲᠤᠰᠬᠠᠢ ᠮᠡᠷᠭᠡᠵᠢᠯᠲᠡᠨ ᠤ ᠲᠣᠣᠷ ᠰᠦᠯᠵᠢᠶ᠎ᠡ ᠶᠢ ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾  ᠤᠨ ᠪᠣᠬᠢᠷᠳᠤᠯ ᠦᠭᠡᠢ ᠪᠡᠯᠡ ᠣᠷᠣᠭᠤᠯᠤᠯᠲᠠ ᠶᠢᠨ ᠵᠠᠷᠴᠢᠮ ᠢ ᠨᠠᠶᠢᠳᠠᠪᠤᠷᠢᠵᠢᠭᠤᠯᠵᠤ᠂ 2030 ᠣᠨ ᠪᠤᠯᠬᠤ ᠳᠤ ᠬᠠᠨᠢᠲᠠᠨ ᠤᠯᠤᠰ ᠲᠤ 10 ᠲᠦᠮᠡᠨ ᠬᠥᠮᠥᠨ ᠤᠳᠠᠭ᠎ᠠ ᠶᠢ ᠪᠤᠯᠪᠠᠰᠤᠷᠠᠭᠤᠯᠵᠤ ᠥᠭᠭᠦᠨ᠎ᠡ᠃      ᠲᠠᠪᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠠᠩᠬᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠣᠯᠢᠯᠴᠠᠭᠠᠨ ᠤ ᠶᠡᠭᠡ ᠬᠤᠷᠠᠯ ᠢ ᠡᠷᠭᠢᠯᠡᠨ᠂ ᠢᠷᠡᠬᠦ 5 ᠵᠢᠯ ᠳᠤ ᠡᠯ᠎ᠡ ᠲᠠᠯ᠎ᠠ ᠶᠢᠨ  ᠬᠢᠨ ᠲᠠᠢ ᠬᠠᠮᠲᠤ ᠪᠠᠷ ᠪᠠᠶᠢᠭᠤᠯᠬᠤ ᠬᠠᠮᠲᠤᠷᠠᠭᠰᠠᠨ ᠲᠤᠷᠰᠢᠯᠲᠠ ᠶᠢᠨ ᠲᠠᠰᠤᠭ ᠢ 100 ᠪᠤᠯᠳᠠᠯ᠎ᠠ ᠨᠡᠮᠡᠭᠳᠡᠭᠦᠯᠵᠦ᠂ ᠡᠯ᠎ᠡ ᠤᠯᠤᠰ ᠤᠨ ᠵᠠᠯᠠᠭᠤ ᠰᠢᠨᠵᠢᠯᠡᠬᠦ ᠤᠬᠠᠭᠠᠨᠲᠠᠨ ᠤ ᠳᠤᠮᠳᠠᠳᠤ ᠤᠯᠤᠰ ᠲᠤ ᠢᠷᠡᠵᠦ ᠣᠬᠤᠷ ᠬᠤᠭᠤᠴᠠᠭ᠎ᠠ ᠪᠠᠷ ᠠᠵᠢᠯᠯᠠᠬᠤ ᠶᠢ ᠳᠡᠮᠵᠢᠨ᠎ᠡ᠃ ᠳᠤᠮᠳᠠᠳᠤ ᠤᠯᠤᠰ ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠳᠡᠭᠡᠷ᠎ᠡ ᠪᠦᠭᠦ ᠪᠥᠮᠪᠥᠷᠴᠡᠭ ᠤᠨ ᠵᠣᠬᠢᠶᠠᠮᠠᠯ ᠤᠶᠤᠨ ᠴᠢᠳᠠᠪᠤᠷᠢ ᠶᠢᠨ ᠵᠠᠰᠠᠯᠲᠠ ᠶᠢᠨ ᠰᠠᠨᠠᠭᠠᠴᠢᠯᠠᠭ᠎ᠠ ᠶᠢ ᠳᠤᠷᠠᠳᠴᠤ᠂ ᠳᠤᠷᠠᠲᠠᠶ᠎ᠠ ᠡᠯ᠎ᠡ ᠤᠯᠤᠰ ᠯᠤᠭ᠎ᠠ ᠰᠣᠯᠢᠯᠴᠠᠭ᠎ᠠ ᠪᠠ ᠶᠠᠷᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠵᠣᠬᠢᠶᠠᠮᠠᠯ ᠤᠶᠤᠨ ᠴᠢᠳᠠᠪᠤᠷᠢ ᠶᠢᠨ ᠡᠷᠡᠭᠦᠯ ᠪᠥᠭᠡᠳ ᠡᠮᠬᠢ ᠳᠢᠭᠯᠢᠮ ᠲᠠᠢ ᠠᠮᠤᠷ ᠲᠦᠪᠰᠢᠨ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃      ᠵᠢᠷᠭᠤᠭ᠎ᠠ᠂ ᠠᠷᠠᠳ ᠤᠨ ᠬᠤᠭᠤᠷᠣᠨᠳᠣᠭᠢ ᠶᠠᠪᠤᠯᠴᠠᠭ᠎ᠠ ᠶᠢ ᠲᠡᠮᠵᠢᠨ᠎ᠡ᠃ ᠳᠤᠮᠳᠠᠳᠤ ᠤᠯᠤᠰ ︽ᠯᠢᠶᠠᠩ ᠵᠦ ᠶᠢᠨ ᠶᠠᠷᠢᠶᠠᠨ ᠤ ᠲᠠᠪᠴᠠᠩ︾ ᠢ ᠡᠷᠭᠢᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠶᠢᠨ ᠪᠣᠯᠪᠠᠰᠤᠨ ᠤ ᠶᠠᠷᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠲᠣᠷᠭᠠᠨ ᠵᠠᠮ ᠤᠨ ᠣᠯᠠᠨ ᠤᠯᠤᠰ ᠤᠨ ᠲᠢᠶᠠᠳ᠋ᠷ᠂ ᠤᠷᠠᠯᠢᠭ ᠤᠨ ᠨᠠᠶᠢᠷ᠂ ᠮᠦᠽᠧᠢ᠂ ᠤᠷᠠᠨ ᠵᠢᠷᠤᠭ ᠤᠨ ᠣᠷᠳᠣᠨ᠂ ᠨᠣᠮ ᠤᠨ ᠰᠠᠩ ᠤᠨ ᠬᠤᠯᠪᠤᠭ᠎ᠠ ᠶᠢ ᠪᠠᠶᠢᠭᠤᠯᠤᠭᠰᠠᠨ ᠰᠠᠭᠤᠷᠢᠨ ᠳᠡᠭᠡᠷ᠎ᠡ ᠲᠣᠷᠭᠠᠨ ᠵᠠᠮ ᠤᠨ ᠵᠢᠭᠤᠯᠴᠢᠯᠠᠯ ᠤᠨ ᠬᠤᠲᠠ ᠶᠢᠨ ᠬᠤᠯᠪᠤᠭ᠎ᠠ ᠶᠢ ᠪᠠᠶᠢᠭᠤᠯᠤᠨ᠎ᠠ᠃ ︽ᠲᠣᠷᠭᠠᠨ ᠵᠠᠮ︾ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃      ᠳᠣᠯᠤᠭ᠎ᠠ᠂ ᠠᠷᠢᠭᠤᠨ ᠴᠢᠬᠡᠴᠢ ᠵᠠᠮ ᠢ ᠪᠦᠲᠦᠭᠡᠨ ᠪᠠᠶᠢᠭᠤᠯᠤᠨ᠎ᠠ᠃ ᠳᠤᠮᠳᠠᠳᠤ ᠤᠯᠤᠰ ᠬᠠᠮᠲᠤᠷᠠᠯᠴᠠᠭᠠᠨ ᠤ ᠬᠠᠨᠢᠲᠠᠨ ᠲᠠᠢ ᠬᠠᠮᠲᠤᠷᠠᠨ ︽︿ᠨᠢᠭᠡ ᠪᠦᠰᠡ ᠨᠢᠭᠡ ᠵᠠᠮ﹀ ᠤᠨ ᠠᠷᠢᠭᠤᠨ ᠴᠢᠬᠡᠴᠢ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠪᠣᠯᠣᠨ ᠪᠠᠷᠠᠯᠠᠯ︾ ᠢ ᠨᠡᠶᠢᠲᠡᠯᠡᠵᠦ᠂ ︽︿ᠨᠢᠭᠡ ᠪᠦᠰᠡ ᠨᠢᠭᠡ ᠵᠠᠮ﹀ ᠤᠨ ᠠᠷᠢᠭᠤᠨ ᠴᠢᠬᠡᠴᠢ ᠶᠢᠨ ᠪᠠᠶᠢᠭᠤᠯᠤᠯᠲᠠ ᠶᠢᠨ ᠳᠡᠭᠡᠳᠦ ᠲᠡᠰ ᠤᠨ ᠵᠠᠷᠴᠢᠮ︾ ᠢ ᠲᠣᠭᠲᠠᠭᠠᠵᠤ᠂ ︽ᠨᠢᠭᠡ ᠪᠦᠰᠡ ᠨᠢᠭᠡ ᠵᠠᠮ︾ ᠤᠨ ᠠᠵᠤ ᠠᠬᠤᠶᠢᠯᠠᠯ ᠤᠨ ᠠᠷᠢᠭᠤᠨ ᠴᠢᠬᠡᠴᠢ ᠳᠦᠷᠢᠮ ᠲᠣᠭᠲᠠᠭᠠᠯ ᠳᠤ ᠨᠡᠶᠢᠴᠡᠭᠰᠡᠨ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ︽ᠨᠢᠭᠡ ᠪᠦᠰᠡ ᠨᠢᠭᠡ ᠵᠠᠮ︾ ᠤᠨ ᠠᠷᠢᠭᠤᠨ ᠴᠢᠬᠡᠴᠢ ᠶᠢᠨ ᠰᠤᠳᠤᠯᠭᠠᠨ ᠪᠠ ᠪᠣᠯᠪᠠᠰᠤᠷᠠᠯ ᠢ ᠥᠷᠨᠢᠭᠦᠯᠦᠨ᠎ᠡ᠃      ᠨᠠᠢᠮᠠ᠂ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠡᠯ᠎ᠡ ᠤᠯᠤᠰ ᠯᠤᠭ᠎ᠠ ᠡᠨᠧᠷᠭᠢ᠂ ᠭᠠᠶᠢᠯᠢ᠂ ᠮᠥᠩᠭᠦᠨ ᠭᠦᠢᠯᠭᠡᠭᠡ᠂ ᠪᠣᠬᠢᠷᠳᠤᠯ ᠦᠭᠡᠢ ᠬᠥᠭᠵᠢᠯᠲᠡ᠂ ᠭᠠᠮᠰᠢᠭ ᠢ ᠪᠠᠭᠠᠰᠬᠠᠬᠤ᠂ ᠢᠯᠵᠢᠷᠡᠯ ᠢ ᠡᠰᠡᠷᠭᠦᠴᠡᠬᠦ᠂ ᠤᠶᠤᠨ ᠤ ᠬᠥᠮᠥᠷᠭᠡ᠂ ᠵᠠᠭᠤᠴᠢᠯᠠᠭᠤᠷ᠂ ᠰᠣᠶᠣᠯ ᠵᠡᠷᠭᠡ ᠬᠦᠷᠢᠶᠡᠨ ᠳᠠᠬᠢ ᠤᠯᠠᠨ ᠲᠠᠯ᠎ᠠ ᠶᠢᠨ ᠬᠠᠮᠲᠤᠷᠠᠯᠴᠠᠭᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠢ ᠦᠷᠭᠦᠯᠵᠢᠯᠡᠨ ᠡᠷᠭᠢᠯᠡᠭᠦ ᠶᠢᠨ ᠬᠠᠮᠲᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠤᠨ ᠨᠠᠷᠢᠨ ᠪᠢᠴᠢᠭ ᠤᠨ ᠭᠠᠵᠠᠷ ᠢ ᠪᠠᠶᠢᠭᠤᠯᠤᠨ᠎ᠠ᠃      ᠰᠢ ᠶᠢᠨ ᠫᠢᠩ ᠬᠠᠮᠤᠭ ᠤᠨ ᠰᠡᠭᠦᠯ ᠳᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠠᠴᠠ ᠢᠷᠡᠯᠲᠡ ᠲᠠᠢ᠂ ᠦᠷ᠎ᠡ ᠪᠦᠲᠦᠭᠡᠯ ᠪᠠ ᠠᠵᠠ ᠲᠣᠭᠢᠶᠠᠯ ᠨᠢ ᠳᠡᠯᠡᠬᠡᠢ ᠳ᠋ᠠᠬᠢᠨ ᠳᠤ ᠬᠠᠷᠢᠶᠠᠯᠠᠭᠳᠠᠨ᠎ᠠ᠃ ᠪᠢᠳᠡ ᠠᠷᠠᠳ ᠲᠦᠮᠡᠨ ᠤ ᠬᠦᠰᠡᠯ ᠡᠷᠡᠮᠡᠯᠵᠡᠯ ᠢ ᠪᠠᠲᠤ ᠴᠡᠭᠡᠵᠢᠯᠡᠵᠦ᠂ ᠲᠡᠦᠬᠡ ᠶᠢᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠴᠠᠭ ᠦᠶ᠎ᠡ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠡᠷᠡᠮᠡᠬᠡᠶᠢᠯᠡᠨ ᠤᠷᠤᠭᠰᠢᠯᠠᠵᠤ᠂ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠡᠩ ᠴᠢᠨᠠᠷ ᠰᠠᠶᠢᠲᠠᠢ᠂ ᠨᠡᠩ ᠥᠨᠳᠥᠷ ᠲᠦᠪᠰᠢᠨ ᠪᠦᠬᠦᠢ ᠰᠢᠨ᠎ᠡ ᠬᠥᠭᠵᠢᠯᠲᠡ ᠶᠢ ᠤᠭᠲᠤᠵᠤ᠂ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠵᠤ᠂ ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠵᠦ᠂ ᠬᠠᠮᠲᠤ ᠪᠠᠷ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ︕ ᠭᠡᠵᠦ ᠵᠢᠭᠠᠵᠤ ᠭᠠᠷᠭᠠᠪᠠ᠃
图片4.png
       10 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ︽ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠵᠦ᠂ ᠬᠠᠮᠲᠤ ᠪᠠᠷ ᠬᠥᠭᠵᠢᠭᠰᠡᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ ᠵᠢᠷᠤᠭ ᠪᠣᠯ᠂ ᠬᠤᠷᠠᠯ ᠠᠴᠠ ᠡᠮᠦᠨ᠎ᠡ᠂ ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠭᠠᠳᠠᠭᠠᠳᠤ ᠶᠢᠨ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ ᠤᠯᠠᠨ ᠤᠯᠤᠰ ᠤᠨ ᠬᠦᠨᠳᠦᠲᠦ ᠵᠣᠴᠢᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃       ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ      ᠠᠷᠭᠧᠨ᠋ᠲ᠋ᠢᠨ ᠤ ᠶᠡᠷᠦᠩᠬᠡᠶᠢᠯᠡᠭᠴᠢ ᠹᠤᠶᠢᠷᠨᠠᠨᠳᠧᠰ᠂ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ᠂ ᠪᠦᠭᠦᠳᠡ ᠨᠠᠶᠢᠷᠠᠮᠳᠠᠬᠤ ᠺᠣᠩᠭᠣ᠋ ᠤᠯᠤᠰ ᠤᠨ ᠶᠡᠷᠦᠩᠬᠡᠶᠢᠯᠡᠭᠴᠢ ᠰᠠᠰᠦ᠋᠂ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠥᠤᠤᠺᠧ᠂ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ᠂ ᠺᠧᠨᠢᠶᠠ ᠶᠢᠨ ᠶᠡᠷᠦᠩᠬᠡᠶᠢᠯᠡᠭᠴᠢ ᠷᠦᠲ᠋ᠤ᠋᠂ ᠯᠠᠤᠰ ᠤᠨ ᠤᠯᠤᠰ ᠤᠨ ᠲᠡᠷᠢᠭᠦᠯᠡᠭᠴᠢ ᠲᠦᠩᠯᠥ᠋ᠨ᠂ ᠮᠣᠩᠭᠤᠯ ᠤᠯᠤᠰ ᠤᠨ ᠶᠡᠷᠦᠩᠬᠡᠶᠢᠯᠡᠭᠴᠢ ᠬᠦᠷᠡᠯᠰᠦ᠋ᠬᠡ᠂ ᠣᠷᠣᠰ ᠤᠨ ᠶᠡᠷᠦᠩᠬᠡᠶᠢᠯᠡᠭᠴᠢ ᠫᠦᠲ᠋ᠢᠨ᠂ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ᠂ ᠰᠷᠢ ᠯᠠᠨᠺᠠ ᠶᠢᠨ ᠶᠡᠷᠦᠩᠬᠡᠶᠢᠯᠡᠭᠴᠢ ᠸᠢᠺᠷᠧᠮᠧᠰᠢᠩᠾᠧ᠂ ᠲᠦᠷᠺᠮᠧᠨ᠋ᠰᠲ᠋ᠠᠠ ᠤ ᠦᠨᠳᠦᠰᠦᠲᠡᠨ ᠤ ᠤᠳᠤᠷᠢᠳᠤᠭᠴᠢ᠂ ᠠᠷᠠᠳ ᠤᠨ ᠬᠤᠷᠢᠶ᠎ᠠ ᠶᠢᠨ ᠲᠡᠷᠢᠭᠦᠯᠡᠭᠴᠢ ᠪᠢᠷᠳᠢᠮᠥ᠋ᠬᠠᠮᠧᠳᠤᠹ᠂ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ᠂ ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠦ᠋ ᠸᠧᠨ ᠱᠠᠩ᠂ ᠺᠠᠮᠪᠤᠵᠠ ᠶᠢᠨ ᠲᠡᠷᠢᠭᠦᠨ ᠰᠠᠶᠢᠳ ᠬᠤᠩᠮᠠᠨᠠᠢ᠂ ᠶᠧᠵᠢᠫᠲ ᠤᠨ ᠶᠡᠷᠦᠩᠬᠡᠢ ᠰᠠᠶᠢᠳ ᠮᠠᠳᠧᠪᠦ᠋ᠯᠢ᠂ ᠧᠽᠢᠦᠫᠢᠶ᠎ᠠ ᠶᠢᠨ ᠶᠡᠷᠦᠩᠬᠡᠢ ᠰᠠᠶᠢᠳ ᠠᠪᠢ᠂ ᠬᠠᠩᠭᠠᠷᠢ ᠶᠢᠨ ᠶᠡᠷᠦᠩᠬᠡᠢ ᠰᠠᠶᠢᠳ ᠡᠸᠦᠷᠪᠠᠨ᠂ ᠮᠣᠽᠠᠮᠪᠢᠺ ᠤᠨ ᠶᠡᠷᠦᠩᠬᠡᠢ ᠰᠠᠶᠢᠳ ᠮᠠᠯᠠᠶᠢᠶᠠᠨᠧ᠂ ᠫᠠᠺᠢᠰᠲ᠋ᠠᠨ ᠤ ᠶᠡᠷᠦᠩᠬᠡᠢ ᠰᠠᠶᠢᠳ ᠺᠠᠺᠠᠯ᠂ ᠫᠠᠫᠦ᠋ᠶᠠ ᠰᠢᠨ᠎ᠡ ᠭᠢᠨᠤᠶᠠ ᠶᠢᠨ ᠶᠡᠷᠦᠩᠬᠡᠢ ᠰᠠᠶᠢᠳ ᠮᠠᠯᠠᠫᠸᠢ᠂ ᠲᠠᠢ ᠤᠯᠤᠰ ᠤᠨ ᠶᠡᠷᠦᠩᠬᠡᠢ ᠰᠠᠶᠢᠳ ᠰᠠᠶᠢᠲ᠋ᠠ᠂ ᠨᠢᠭᠧᠷᠢᠶ᠎ᠠ ᠶᠢᠨ ᠳᠡᠳ᠋ ᠶᠡᠷᠦᠩᠬᠡᠶᠢᠯᠡᠭᠴᠢ ᠰᠢᠶᠧᠳᠢᠮᠠ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠶᠡᠷᠦᠩᠬᠡᠶᠢᠯᠡᠭᠴᠢ ᠶᠢᠨ ᠣᠨᠴᠠ ᠲᠥᠯᠥᠭᠡᠯᠡᠭᠴᠢ᠂ ᠬᠠᠶᠢᠮᠠ ᠬᠤᠱᠣᠣ ᠠᠬᠠᠮᠠᠳ ᠤᠯᠤᠰ ᠤᠨ ᠠᠬᠠᠯᠠᠭᠴᠢ ᠺᠠᠰᠢᠮᠢ᠂ ᠹᠷᠠᠨᠼᠢ ᠶᠢᠨ ᠶᠡᠷᠦᠩᠬᠡᠶᠢᠯᠡᠭᠴᠢ ᠶᠢᠨ ᠲᠤᠰᠬᠠᠢ ᠲᠥᠯᠥᠭᠡᠯᠡᠭᠴᠢ᠂ ᠤᠤᠯ ᠤᠨ ᠶᠡᠷᠦᠩᠬᠡᠢ ᠰᠠᠶᠢᠳ ᠯᠠᠹᠠᠯᠠᠨ᠂ ᠭᠷᠧᠭ ᠤᠨ ᠶᠡᠷᠦᠩᠬᠡᠢ ᠰᠠᠶᠢᠳ ᠤᠨ ᠳᠡᠭᠡᠳᠦ ᠵᠡᠷᠭᠡ ᠶᠢᠨ ᠲᠥᠯᠥᠭᠡᠯᠡᠭᠴᠢ᠂ ᠬᠥᠭᠵᠢᠭᠦᠯᠦᠯᠲᠡ ᠶᠢᠨ ᠶᠠᠮᠤᠨ ᠤ ᠰᠠᠶᠢᠳ ᠰᠺᠧᠯᠸᠢᠢᠺᠠᠰ ᠵᠡᠷᠭᠡ 20 ᠭᠠᠷᠤᠢ ᠤᠯᠤᠰ ᠤᠨ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ᠂ ᠳᠡᠭᠡᠳᠦ ᠲᠡᠰ ᠤᠨ ᠲᠥᠯᠥᠭᠡᠯᠡᠭᠴᠢ ᠵᠢᠴᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠦ᠋ᠢᠰ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹ ᠵᠡᠷᠭᠡ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃      ᠫᠦᠲ᠋ᠢᠨ᠂ ᠲᠦᠸᠧᠺᠠᠶᠧᠹ᠂ ᠽᠦᠤᠤᠺᠧ᠂ ᠹᠧᠷᠨᠠᠨᠳᠧᠰ᠂ ᠠᠪᠢ᠂ ᠭᠦᠲ᠋ᠧᠯᠦ᠋ᠢᠰ ᠪᠠᠰᠠ ᠡᠭᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ᠃      ᠳ᠋ᠢᠩ ᠰᠢᠤᠸᠠᠢ ᠰᠢᠶᠠᠩ ᠡᠭᠢᠯᠡᠯᠲᠡ ᠶᠢᠨ ᠶᠣᠰᠣᠯᠠᠯ ᠢ ᠡᠷᠭᠢᠯᠡᠪᠡ᠃      ᠼᠠᠢ ᠴᠢ᠂ ᠸᠠᠩ ᠢ᠂ ᠶᠢᠨ ᠯᠢ᠂ ᠾᠧ ᠯᠢ ᠹᠧᠩ᠂ ᠸᠠᠩ ᠰᠢᠶᠣᠣ ᠬᠤᠩ ᠨᠠᠷ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号