ᠠᠯᠠᠱᠠ ᠵᠡᠭᠦᠨ ᠬᠤᠰᠢᠭᠤᠨ ᠤ ᠬᠦᠮᠡᠯᠢ
ᠨᠡᠶᠢᠲᠡᠯᠡᠭᠰᠡᠨ ᠴᠠᠭ᠄
2023/10/21
      ᠨᠢᠭᠡ ᠂ ᠭᠤᠣᠯ ᠭᠠᠷᠤᠯᠲᠠ ᠶᠢᠨ ᠭᠠᠵᠠᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠬᠤᠩ ᠱᠢ ᠲᠧᠦ ᠭᠠᠴᠠᠭ᠎ᠠ᠂ ᠪᠠᠶᠠᠨᠬᠦᠳᠡᠭᠡ ᠭᠠᠴᠠᠭ᠎ᠠ᠂ ᠲᠡᠭᠷᠢ ᠪᠠᠯᠭᠠᠰᠤᠨ ᠤ ᠲᠡᠮᠡᠭᠡᠨ ᠠᠭᠤᠯᠠ ᠭᠠᠴᠠᠭ᠎ᠠ ᠵᠡᠷᠭᠡ᠃      ᠬᠤᠶᠠᠷ ᠂ ᠶᠠᠰᠤ ᠴᠢᠨᠠᠷ ᠣᠨᠴᠠᠯᠢᠭ ᠰᠢᠨᠵᠢ      ᠠᠯᠠᠱᠠ ᠵᠡᠭᠦᠨ ᠬᠤᠰᠢᠭᠤᠨ ᠤ ᠬᠦᠮᠡᠯᠢ ᠶᠢ ᠪᠠᠰᠠ ᠮᠣᠩᠭᠤᠯ ᠰᠣᠩᠭᠢᠨ᠎ᠠ ᠭᠡᠳᠡᠭ ᠂ ᠬᠡᠯᠡᠭᠡᠢ ᠰᠠᠷᠠᠨ᠎ᠠ ᠶᠢᠨ ᠢᠵᠠᠭᠤᠷ ᠤᠨ ᠣᠯᠠᠨ ᠨᠠᠰᠤᠲᠤ ᠡᠪᠡᠰᠦᠯᠢᠭ ᠤᠷᠭᠤᠮᠠᠯ ᠳᠤ ᠪᠠᠭᠲᠠᠨ᠎ᠠ ᠂ ᠤᠷᠭᠤᠮᠠᠯ ᠤᠨ ᠤᠷᠭᠤᠴᠠ ᠨᠢ ᠪᠣᠰᠤᠭ᠎ᠠ ᠪᠠᠭᠯᠠᠷᠠᠭᠰᠠᠨ ᠬᠡᠯᠪᠡᠷᠢᠲᠡᠢ ᠂ ᠨᠠᠪᠴᠢ ᠨᠢ ᠨᠠᠷᠢᠬᠠᠨ ᠤᠷᠲᠤ ᠪᠥᠭᠡᠷᠡᠩᠬᠡᠢ ᠪᠠᠭᠠᠨ᠎ᠠ ᠬᠡᠯᠪᠡᠷᠢᠲᠡᠢ ᠂ ᠨᠠᠪᠴᠢᠨ ᠤ ᠥᠩᠭᠡ  ᠨᠢ ᠥᠳᠬᠡᠨ ᠨᠣᠭᠤᠭᠠᠨ ᠂ ᠨᠠᠪᠴᠢᠨ ᠤ ᠭᠠᠳᠠᠷᠭᠤ ᠳᠤᠨᠢ ᠨᠢᠭᠡ ᠳᠠᠪᠬᠤᠷᠭ᠎ᠠ ᠴᠠᠶᠢᠪᠤᠷ ᠥᠩᠭᠡᠲᠡᠢ ᠨᠢᠮᠭᠡᠨ ᠪᠦᠷᠬᠦᠭᠦᠯ ᠪᠦᠷᠬᠦᠵᠦ ᠂ ᠪᠠᠷᠤᠭ 1.2-2.0mm ᠪᠦᠳᠦᠭᠦᠨ᠂  18-20cm ᠤᠷᠳᠤ ᠂ ᠵᠢᠵᠢᠭ ᠬᠦᠷᠡᠩ ᠴᠡᠴᠡᠭ ᠳᠡᠯᠭᠡᠷᠡᠳᠡᠭ ᠃ ᠬᠦᠮᠡᠯᠢ ᠪᠣᠯ ᠨᠡᠷᠡᠨ ᠳᠤ ᠡᠭᠡᠪᠦᠷᠢᠳᠡᠢ᠂ ᠬᠤᠷᠴᠠ ᠭᠡᠷᠡᠯ ᠳᠤ ᠲᠠᠭᠠᠭᠠᠴᠠᠳᠠᠢ ᠤᠷᠭᠤᠮᠠᠯ ᠳᠤ ᠪᠠᠭᠲᠠᠳᠠᠭ᠂ ᠦᠷᠭᠦᠯᠵᠢ ᠳᠠᠯᠠᠶ ᠶᠢᠨ ᠲᠦᠪᠰᠢᠨ ᠠᠴᠠ ᠨᠡᠯᠢᠶᠡᠳ ᠥᠨᠳᠥᠷ ᠡᠯᠡᠰᠦᠷᠬᠡᠭ ᠭᠠᠵᠠᠷ ᠤᠨ ᠭᠤᠪᠢ ᠳᠤ ᠤᠷᠭᠤᠳᠠᠭ᠂ ᠲᠡᠷᠡ  ᠨᠢ ᠡᠯᠡᠰᠦᠷᠬᠡᠭ ᠭᠠᠵᠠᠷ ᠲᠤ ᠠᠮᠢᠳᠤᠷᠠᠬᠤ ᠳᠤᠷᠠᠲᠠᠢ ᠪᠥᠭᠡᠳ ᠬᠡᠯᠪᠡᠷᠢ ᠳᠦᠷᠰᠦ ᠨᠢ ᠨᠢᠯᠬ᠎ᠠ ᠰᠣᠩᠭᠢᠨ᠎ᠠ  ᠲᠠᠢ ᠲᠦᠰᠦᠷᠬᠡᠤ᠂ ᠳᠤᠯᠠᠭᠠᠨ ᠴᠢᠨᠠᠷᠳᠠᠢ ᠮᠥᠷᠲᠡᠭᠡᠨ ᠭᠤᠱᠤᠭᠤᠨ ᠪᠠᠶᠢᠳᠠᠭ ᠲᠤᠯᠠ ᠪᠠᠰᠠ ᠡᠯᠡᠰᠦᠨ ᠰᠣᠩᠭᠢᠨ᠎ᠠ ᠭᠡᠳᠡᠭ᠃      ᠠᠯᠠᠱᠠ ᠵᠡᠭᠦᠨ ᠬᠤᠰᠢᠭᠤᠨ ᠤ ᠬᠦᠮᠡᠯᠢ ᠨᠡᠯᠢᠶᠡᠳ ᠥᠨᠳᠥᠷ ᠰᠢᠮ᠎ᠡ ᠲᠡᠵᠢᠭᠡᠯ ᠤᠨ ᠦᠨ᠎ᠡ ᠥᠷᠲᠡᠭ ᠲᠠᠢ ᠂ ᠸᠢᠲ᠋ᠠᠮᠢᠨ C ᠶᠢᠨ ᠠᠭᠤᠯᠤᠭᠳᠠᠴᠠ ᠨᠢ 48.5mg/100g ᠂ ᠤᠭᠤᠷᠠᠭ ᠤᠨ ᠠᠭᠤᠯᠤᠭᠳᠠᠴᠠ ᠨᠢ2.7g/100g ᠂ ᠢᠳᠡᠭᠡᠨ ᠤ ᠰᠢᠷᠬᠡᠭᠯᠢᠭ ᠤᠨ ᠠᠭᠤᠯᠤᠭᠳᠠᠴᠠ ᠨᠢ 2.12g/100g ᠂ ᠥᠨᠳᠡᠭᠡᠨ ᠰᠢᠪᠲᠦᠷᠲᠦ ᠬᠦᠴᠢᠯ ᠤᠨ ᠠᠭᠤᠯᠤᠭᠳᠠᠴᠠ ᠨᠢ 32.5mg/100g ᠂ ᠰᠧᠯᠧᠨ ᠤ ᠠᠭᠤᠯᠤᠭᠳᠠᠴᠠ ᠨᠢ 2.0μg/100g ᠪᠣᠯᠣᠨ᠎ᠠ ᠃
图片2.png
       ᠭᠤᠷᠪᠠ ᠂ ᠣᠷᠴᠢᠨ ᠲᠣᠭᠤᠷᠢᠨ ᠤ ᠳᠠᠪᠠᠭᠤᠯᠢᠭ      ᠠᠯᠠᠱᠠ ᠵᠡᠭᠦᠨ ᠬᠤᠰᠢᠭᠤ ᠪᠣᠯ ᠰᠡᠷᠢᠭᠦᠨ ᠪᠦᠰᠡᠨ ᠤ ᠡᠯᠡᠰᠦᠨ ᠴᠥᠯ ᠤᠨ ᠭᠠᠩ ᠬᠠᠭᠤᠷᠠᠢ ᠣᠷᠣᠨ ᠳᠤ ᠬᠠᠷᠢᠶᠠᠯᠠᠭᠳᠠᠵᠤ᠂ ᠡᠬᠡ ᠭᠠᠵᠠᠷ ᠤᠨ ᠬᠡᠯᠪᠡᠷᠢ ᠶᠢᠨ ᠨᠡᠶᠢᠲᠡᠯᠢᠭ ᠠᠭᠤᠷ ᠠᠮᠢᠰᠬᠤᠯ ᠲᠠᠢ ᠪᠠᠶᠢᠵᠤ᠂ ᠬᠢᠯᠢ ᠶᠢᠨ ᠳᠣᠲᠣᠷ᠎ᠠ ᠲᠡᠭᠷᠢ᠂ ᠤᠯᠠᠭᠠᠨᠪᠦ᠋ᠬᠡ ᠬᠤᠶᠠᠷ ᠶᠡᠭᠡ ᠡᠯᠡᠰᠦᠨ ᠴᠥᠯ ᠪᠠᠶᠢᠵᠤ᠂ ᠭᠠᠩ ᠬᠠᠭᠤᠷᠠᠢ ᠪᠣᠷᠣᠭᠠᠨ ᠪᠠᠭ᠎ᠠ᠂ ᠨᠡᠷᠡᠨ ᠤ ᠲᠤᠰᠤᠯᠲᠠ ᠭᠦᠢᠴᠡᠳ᠂ ᠠᠭᠤᠷᠰᠢᠯᠲᠠ ᠴᠢᠩᠭ᠎ᠠ ᠪᠠᠶᠢᠳᠠᠭ ᠢᠶᠠᠷ ᠭᠤᠣᠯ ᠣᠨᠴᠠᠯᠢᠭ  ᠲᠠᠢ ᠪᠠᠶᠢᠳᠠᠭ ᠃ ᠳᠠᠯᠠᠶ ᠶᠢᠨ ᠲᠦᠪᠰᠢᠨ ᠠᠴᠠ 800-1500m ᠡᠷᠭᠦᠭᠳᠡᠵᠦ᠂ ᠵᠢᠯ ᠤᠨ ᠲᠤᠨᠳᠠᠰᠤᠨ ᠤ ᠬᠡᠮᠵᠢᠶ᠎ᠡ 80-220mm᠂ ᠵᠢᠯ ᠤᠨ ᠠᠭᠤᠷᠰᠢᠯᠲᠠ ᠶᠢᠨ ᠬᠡᠮᠵᠢᠶ᠎ᠡ 2900-3300mm ᠪᠠᠶᠢᠳᠠᠭ᠃ ᠨᠡᠷᠡᠨ ᠤ ᠲᠤᠰᠤᠯᠲᠠ ᠶᠢᠨ ᠴᠠᠭ ᠨᠢ 3316h᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 7.2℃᠂ ᠬᠢᠷᠠᠭᠤ ᠦᠭᠡᠢ ᠬᠤᠭᠤᠴᠠᠭ᠎ᠠ ᠨᠢ 150 ᠡᠳᠦᠷ ᠣᠷᠴᠢᠮ ᠪᠠᠶᠢᠳᠠᠭ᠃ ᠬᠦᠮᠡᠯᠢ ᠶᠢᠨ ᠤᠷᠭᠤᠯᠲᠠ ᠶᠢᠨ ᠣᠷᠣᠨ ᠳᠤ ᠨᠢᠭᠡ ᠵᠢᠯ ᠤᠨ ᠳᠣᠲᠣᠷ᠎ᠠ ᠠᠭᠤᠷ ᠠᠮᠢᠰᠬᠤᠯ  ᠨᠢ ᠦᠨᠳᠦᠰᠦᠨ ᠳᠡᠭᠡᠨ ᠡᠭᠦᠯᠡ ᠦᠭᠡᠢ ᠲᠤᠩᠭᠠᠯᠠᠭ ᠪᠠᠶᠢᠵᠤ᠂ ᠠᠭᠠᠷ ᠮᠠᠨᠳᠠᠯ ᠤᠨ ᠲᠤᠩᠭᠠᠯᠠᠭ ᠤᠨ ᠬᠡᠮᠵᠢᠶ᠎ᠡ ᠨᠢ ᠰᠠᠶᠢᠨ᠂ ᠪᠣᠬᠢᠷᠲᠤᠯ ᠦᠭᠡᠢ᠂ ᠬᠡᠷᠡᠯ ᠤᠨ ᠲᠤᠰᠤᠯᠲᠠ ᠨᠢ ᠣᠷᠳᠣ ᠪᠠᠶᠢᠳᠠᠭ᠂ ᠶᠠᠭ ᠡᠶᠢᠮᠦᠷᠬᠦᠦ ᠠᠭᠠᠷ ᠮᠠᠨᠳᠠᠯ ᠤᠨ ᠣᠷᠴᠢᠨ ᠲᠣᠭᠤᠷᠢᠨ ᠪᠠ ᠭᠠᠵᠠᠷ ᠵᠦᠢ ᠶᠢᠨ ᠪᠠᠶᠢᠷᠢᠰᠢᠯ ᠠᠴᠠ ᠬᠦᠮᠡᠯᠢ ᠭᠡᠬᠦ ᠡᠨᠡ ᠬᠦ ᠳᠦᠷᠰᠦ ᠪᠣᠶ ᠪᠣᠯᠤᠭᠰᠠᠨ ᠪᠥᠭᠡᠳ ᠠᠯᠠᠱᠠ ᠵᠡᠭᠦᠨ ᠬᠤᠰᠢᠭᠤᠨ ᠤ ᠥᠪᠡᠷᠮᠢᠴᠡ ᠡᠯᠡᠰᠦᠨ ᠢᠳᠡᠰᠢᠨ ᠨᠣᠭᠤᠭ᠎ᠠ ᠪᠣᠯᠤᠭᠰᠠᠨ ᠪᠠᠶᠢᠨ᠎ᠠ᠃
图片3.png
       ᠳᠥᠷᠪᠡ᠂ ᠬᠤᠷᠢᠶᠠᠯᠲᠠ ᠶᠢᠨ ᠬᠤᠭᠤᠴᠠᠭ᠎ᠠ      ᠵᠠᠳᠠᠭᠠᠢ ᠭᠠᠵᠠᠷ ᠲᠤ 5 ︱ 10 ᠰᠠᠷ᠎ᠠ ᠳᠠᠷᠢᠨ᠎ᠠ︔ ᠲᠦᠭᠦᠭᠡᠷᠦᠮᠵᠢᠲᠦ ᠲᠠᠷᠢᠮᠠᠯ  ᠨᠢ ᠪᠥᠬᠦ ᠵᠢᠯ ᠬᠤᠷᠢᠶᠠᠳᠠᠭ ᠃ ᠬᠠᠮᠤᠭ ᠤᠨ ᠰᠠᠢᠨ ᠶᠠᠰᠤ ᠴᠢᠨᠠᠷ ᠤᠨ ᠬᠤᠭᠤᠴᠠᠭ᠎ᠠ ᠨᠢ 9 ᠰᠠᠷ᠎ᠠ ᠪᠣᠯᠣᠨ᠎ᠠ᠃      ᠲᠠᠪᠤ ᠂ ᠰᠢᠨ᠎ᠡ ᠰᠣᠷᠭᠤᠭ ᠢᠶᠠᠷ ᠬᠠᠳᠠᠭᠠᠯᠠᠬᠤ ᠪᠠ ᠢᠳᠡᠬᠦ ᠠᠷᠭ᠎ᠠ ᠶᠢᠨ ᠲᠠᠨᠢᠯᠴᠠᠭᠤᠯᠭ᠎ᠠ      ᠰᠢᠨ᠎ᠡ ᠰᠣᠷᠭᠤᠭ ᠢᠶᠠᠷ ᠬᠠᠳᠠᠭᠠᠯᠠᠬᠤ ᠠᠷᠭ᠎ᠠ ᠄      ᠰᠢᠨ᠎ᠡ ᠰᠣᠷᠭᠤᠭ ᠬᠦᠮᠡᠯᠢ ᠄ ᠬᠠᠭᠤᠴᠢᠨ ᠨᠠᠪᠴᠢ ᠶᠢ ᠨᠢ ᠠᠪᠤᠭᠠᠳ ᠰᠡᠷᠢᠭᠦᠨ ᠰᠠᠯᠬᠢ ᠨᠡᠪᠲᠡᠷᠡᠬᠦ ᠭᠠᠵᠠᠷ ᠲᠤ ᠲᠠᠯᠪᠢᠨ᠎ᠠ ᠂ ᠭᠡᠷ ᠤᠨ ᠳᠤᠯᠠᠭᠠᠨ 2-5℃ ᠲᠤ ᠶᠡᠷᠦ ᠳᠡᠭᠡᠨ 10 ᠡᠳᠦᠷ ᠬᠠᠳᠠᠭᠠᠯᠠᠵᠤ ᠲᠠᠶᠢᠯᠤᠨ᠎ᠠ ᠃      ᠳᠠᠪᠤᠰᠤᠯᠠᠭᠰᠠᠨ ᠨᠣᠭᠤᠭᠠᠨ ᠤ ᠲᠥᠷᠥᠯ᠄ ᠡᠩ ᠤᠨ ᠳᠤᠯᠠᠭᠠᠨ ᠳᠤ ᠬᠠᠳᠠᠭᠠᠯᠠᠵᠤ ᠂ ᠴᠢᠨᠠᠷ ᠢ ᠪᠠᠲᠤᠯᠠᠬᠤ ᠬᠤᠭᠤᠴᠠᠭ᠎ᠠ ᠨᠢ 12 ᠰᠠᠷ᠎ᠠ ᠪᠠᠶᠢᠳᠠᠭ︔ ᠤᠭᠤᠲᠠ ᠶᠢ ᠨᠢ ᠨᠡᠭᠡᠭᠡᠭᠰᠡᠨ ᠤ ᠳᠠᠷᠠᠭ᠎ᠠ ᠬᠦᠢᠲᠡᠨ ᠢᠶᠠᠷ ᠬᠠᠳᠠᠭᠠᠯᠠᠬᠤ ᠬᠡᠷᠡᠭᠲᠡᠢ ᠃      ᠢᠳᠡᠬᠦ ᠠᠷᠭ᠎ᠠ ᠄      ᠬᠦᠮᠡᠯᠢ ᠶᠢ ᠣᠯᠠᠨ ᠵᠦᠢᠯ ᠤᠨ ᠠᠷᠭ᠎ᠠ ᠪᠠᠷ ᠢᠳᠡᠳᠡᠭ ᠂ ᠨᠠᠪᠴᠢ ᠪᠠᠷ ᠨᠢ ᠬᠦᠢᠲᠡᠨ ᠵᠠᠭᠤᠰᠢ᠂ ᠬᠠᠭᠤᠷᠤᠭᠰᠠᠨ ᠢᠳᠡᠭᠡᠨ ᠂ ᠢᠳᠡᠭᠡ ᠂ ᠱᠥᠯᠥ ᠂ ᠳᠠᠪᠤᠰᠤᠯᠠᠬᠤ ᠵᠡᠷᠭᠡ ᠬᠢᠵᠦ ᠪᠣᠯᠤᠨ᠎ᠠ᠂ ᠴᠡᠴᠡᠭ ᠢᠶᠠᠷ ᠨᠢ ᠠᠮᠲᠠ ᠣᠷᠣᠭᠤᠯᠬᠤ ᠡᠳ᠋ ᠬᠢᠵᠦ ᠪᠣᠯᠣᠨ᠎ᠠ ᠃
图片4.png
       ᠬᠦᠢᠲᠡᠨ ᠵᠠᠭᠤᠰᠢ᠄ ᠡᠯᠡᠰᠦᠨ ᠰᠣᠩᠭᠢᠨ᠎ᠠ ᠶᠢᠨ ᠨᠢᠯᠬ᠎ᠠ ᠡᠰᠢ ᠶᠢ ᠤᠬᠢᠶᠠᠨ ᠴᠡᠪᠡᠷᠯᠡᠵᠦ ᠂ ᠪᠤᠴᠠᠯᠤᠭᠰᠠᠨ ᠤᠰᠤᠨ ᠤ ᠲᠣᠭᠤᠭᠠᠨ ᠳᠤ ᠬᠢᠵᠦ ᠨᠢᠭᠡ ᠮᠢᠨᠦ᠋ᠲ ᠤᠨ ᠳᠠᠷᠠᠭ᠎ᠠ ᠰᠢᠭᠦᠷᠡᠭᠦᠯᠦᠭᠡᠳ ᠨᠠᠷᠢᠯᠢᠭ ᠳᠠᠪᠤᠰᠤ ᠂ ᠬᠦᠷᠦᠩᠭᠡᠰᠢᠭᠦᠯᠦᠭᠰᠡᠨ ᠼᠤᠤ ᠵᠡᠷᠭᠡ ᠠᠮᠲᠠ ᠣᠷᠣᠭᠤᠯᠬᠤ ᠡᠳ᠋ ᠢ ᠬᠤᠯᠢᠨ᠎ᠠ ᠃      ᠬᠠᠭᠤᠷᠤᠭᠰᠠᠨ ᠢᠳᠡᠭᠡᠨ᠄ ᠰᠢᠨ᠎ᠡ ᠰᠣᠷᠭᠤᠭ ᠬᠦᠮᠡᠯᠢ ᠶᠢ ᠤᠬᠢᠶᠠᠵᠤ ᠴᠡᠪᠡᠷᠯᠡᠭᠡᠳ᠂ ᠤᠰᠤ ᠶᠢ ᠨᠢ ᠰᠢᠪᠬᠠᠭᠠᠳ ᠮᠢᠬ᠎ᠠ᠂ ᠥᠨᠳᠡᠭᠡ ᠵᠡᠷᠭᠡ ᠲᠠᠢ ᠬᠠᠮᠲᠤ ᠴᠢᠨᠠᠵᠤ ᠪᠣᠯᠣᠨ᠎ᠠ᠃      ᠳᠠᠪᠤᠰᠤᠯᠠᠬᠤ᠄ ᠰᠢᠨ᠎ᠡ ᠰᠣᠷᠭᠤᠭ ᠬᠦᠮᠡᠯᠢ ᠶᠢ ᠤᠬᠢᠶᠠᠵᠤ ᠴᠡᠪᠡᠷᠯᠡᠭᠡᠳ᠂ ᠤᠰᠤ  ᠶᠢ ᠨᠢ ᠰᠢᠪᠬᠠᠨ᠎ᠠ ᠃ ᠰᠢᠷᠣᠢ ᠶᠢᠨ ᠳᠠᠪᠤᠰᠤ ᠪᠠᠷ ᠨᠢᠭᠡ ᠲᠣᠭᠤᠭ᠎ᠠ ᠥᠳᠬᠡᠨ ᠳᠠᠪᠤᠰᠤ ᠲᠠᠢ ᠤᠰᠤ ᠪᠤᠴᠠᠯᠭᠠᠨ᠎ᠠ᠃ ᠬᠦᠮᠡᠯᠢ ᠶᠢ ᠳᠠᠪᠤᠰᠤᠯᠠᠭᠰᠠᠨ ᠨᠣᠭᠤᠭᠠᠨ ᠤ ᠪᠣᠳᠣᠩ ᠳᠤ ᠠᠭᠠᠵᠢᠮ ᠢᠶᠠᠷ ᠬᠢᠵᠦ ᠂ ᠨᠢᠭᠡ ᠨᠢᠭᠡ ᠳᠠᠪᠬᠤᠷᠭ᠎ᠠ ᠪᠠᠷ ᠳᠠᠪᠤᠰᠤ ᠰᠠᠴᠤᠵᠤ ᠂ ᠪᠣᠳᠣᠩ ᠢ ᠳᠦᠭᠦᠷᠲᠡᠯ᠎ᠡ ᠳᠠᠪᠤᠰᠤᠯᠠᠭᠰᠠᠨ ᠤ ᠳᠠᠷᠠᠭ᠎ᠠ ᠥᠳᠬᠡᠨ ᠳᠠᠪᠤᠰᠤ ᠲᠠᠢ ᠤᠰᠤ ᠬᠢᠵᠦ ᠣᠷᠤᠭᠤᠯᠤᠨ᠂ ᠰᠣᠩᠭᠢᠨ᠎ᠠ ᠶᠢ ᠪᠠᠭ᠎ᠠ ᠲᠠᠪᠠᠳᠠᠯ᠎ᠠ ᠤᠰᠤ ᠬᠢᠪᠡᠯ ᠰᠠᠶᠢᠨ ᠃  ᠪᠣᠲᠠᠩ ᠢ  ᠪᠢᠳᠡᠭᠦᠮᠵᠢᠯᠡᠭᠡᠳ ᠬᠤᠷᠢᠭᠠᠳ ᠡᠳᠦᠷ ᠳᠠᠪᠤᠰᠤᠯᠠᠪᠠᠯ ᠪᠣᠯᠴᠢᠨ᠎ᠠ ᠃      ᠵᠢᠷᠭᠤᠭ᠎ᠠ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠬᠤᠳᠠᠯᠳᠤᠨ ᠠᠪᠬᠤ ᠮᠡᠳᠡᠭᠡ ᠵᠠᠩᠭᠢ      ᠠᠯᠠᠱᠠ ᠵᠡᠭᠦᠨ ᠬᠤᠰᠢᠭᠤᠨ ᠤ ᠲᠡᠭᠷᠢᠯᠢᠭ ᠨᠤᠭᠤᠭᠠᠨ ᠪᠦᠷᠢᠳᠦ ᠠᠮᠢ ᠠᠬᠤᠢ ᠶᠢᠨ ᠮᠠᠯᠴᠢᠳ ᠤᠨ ᠲᠤᠰᠬᠠᠢ ᠬᠤᠷᠰᠢᠶ᠎ᠠ      ᠬᠠᠷᠢᠯᠴᠠᠬᠤ ᠬᠥᠮᠥᠨ᠄ ᠠᠷᠢᠭᠤᠬᠠᠨ      ᠬᠠᠷᠢᠯᠴᠠᠬᠤ ᠤᠲᠠᠰᠤ᠄ 15104838018      ᠰᠦᠯᠵᠢᠶᠡᠨ ᠤ ᠬᠠᠶ᠋ᠢᠭ᠄ https://m.tb.cn/h.40 VNXkG︖ Sm=2ea0bd      ᠠᠯᠠᠱᠠ ᠶᠢᠨ ᠬᠤᠸᠠ ᠶᠢᠩ ᠱᠠ ᠲᠦᠭᠦᠬᠡᠢ ᠨᠣᠭᠤᠭᠠᠨ ᠤ ᠦᠢᠯᠡᠰ ᠤᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ      ᠬᠠᠷᠢᠯᠴᠠᠬᠤ ᠬᠥᠮᠥᠨ᠄ ᠰᠢᠶᠧ ᠫᠢᠩ      ᠬᠠᠷᠢᠯᠴᠠᠬᠤ ᠤᠲᠠᠰᠤ᠄ 13948028566      ᠠᠯᠠᠱᠠ ᠵᠡᠭᠦᠨ ᠬᠤᠰᠢᠭᠤᠨ ᠤ ᠯᠢᠦᠢ ᠶᠢᠩ ᠱᠠ ᠲᠦᠭᠦᠬᠡᠢ ᠨᠣᠭᠤᠭᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠬᠠᠷᠢᠯᠴᠠᠬᠤ ᠬᠥᠮᠥᠨ᠄ ᠱᠧᠨ ᠴᠦᠨ ᠶᠢᠩ      ᠬᠠᠷᠢᠯᠴᠠᠬᠤ ᠤᠲᠠᠰᠤ᠄ 13947495071 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号