ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠡᠬᠢᠯᠡᠪᠡ ᠰᠢ ᠶᠢᠨ ᠫᠢᠩ ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠯᠢ ᠰᠢ ᠬᠤᠷᠠᠯ ᠳᠤ ᠣᠷᠣᠯᠴᠠᠵᠤ ᠪᠠᠶᠠᠷ ᠬᠦᠷᠭᠡᠪᠡ ᠳ᠋ᠢᠩ ᠰᠢᠤᠸᠠᠢ ᠰᠢᠶᠠᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2023/10/24
      ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 23 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 23 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠬᠤᠷᠠᠯ ᠳᠤ ᠣᠷᠣᠯᠴᠠᠵᠤ ᠪᠠᠶᠠᠷ ᠬᠦᠷᠭᠡᠪᠡ᠂ ᠳ᠋ᠢᠩ ᠰᠢᠤᠸᠠᠢ ᠰᠢᠶᠠᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠵᠡᠢ᠃      ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠲᠥᠪ ᠬᠢᠴᠢᠶᠡᠩᠭᠦᠢ ᠪᠥᠭᠡᠳ ᠭᠦᠷ ᠬᠥᠭᠵᠢᠶᠡᠨ ᠢᠶᠠᠷ ᠪᠢᠯᠬᠠᠨ᠎ᠠ᠃ ᠲᠡᠷᠢᠭᠦᠯᠡᠭᠴᠢᠳ ᠤᠨ ᠲᠠᠶᠢᠰᠠᠨ ᠤ ᠳᠡᠭᠡᠷ᠎ᠡ ᠲᠠᠯ᠎ᠠ ᠳᠤ ︽ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ︾ ᠭᠡᠬᠦ ᠬᠤᠷᠠᠯ ᠤᠨ ᠲᠡᠮᠳᠡᠭ ᠢ ᠡᠯᠭᠦᠵᠦ᠂ ᠠᠷᠤ ᠬᠥᠰᠢᠭᠡ ᠶᠢᠨ ᠲᠥᠪ ᠳᠤᠮᠳᠠ ᠨᠢ ᠳᠤᠮᠳᠠᠳᠤ ᠶᠢᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠬᠤᠷᠠᠯ ᠤᠨ ᠰᠦᠯᠳᠡ ᠶᠢ ᠡᠯᠭᠦᠵᠦ᠂ 10 ᠤᠯᠠᠭᠠᠨ ᠲᠤᠭ ᠢ ᠬᠤᠶᠠᠷ ᠮᠥᠷᠥᠯᠡᠨ ᠵᠢᠭᠰᠠᠭᠠᠪᠠ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠡᠯ᠎ᠡ ᠡᠲᠡᠭᠡᠳ ᠤᠨ ᠡᠮᠡᠭᠲᠡᠶᠢᠴᠦᠳ ᠢ ᠳᠠᠶᠢᠴᠢᠯᠠᠨ ᠳᠠᠭᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︕︾ ᠭᠡᠰᠡᠨ ᠲᠣᠮᠣ ᠬᠥᠨᠳᠡᠯᠡᠨ ᠪᠢᠴᠢᠭᠡᠰᠦ ᠶᠢ ᠡᠯᠭᠦᠵᠡᠢ᠃      ᠪᠦᠭᠦ ᠤᠯᠤᠰ ᠤᠨ ᠡᠯ᠎ᠡ ᠠᠵᠢᠯ ᠳᠦᠷᠦᠯ ᠠᠴᠠ ᠬᠦᠷᠦᠯᠴᠡᠨ ᠢᠷᠡᠭᠰᠡᠨ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ 1800 ᠰᠢᠬᠠᠮ ᠲᠥᠯᠥᠭᠡᠯᠡᠭᠴᠢ ᠪᠣᠯᠣᠨ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ 90 ᠣᠨᠴᠠ ᠤᠷᠢᠭᠰᠠᠨ ᠲᠥᠯᠥᠭᠡᠯᠡᠭᠴᠢ ᠲᠦᠭ ᠲᠦᠮᠡᠨ ᠡᠮᠡᠭᠲᠡᠶᠢᠴᠦᠳ ᠤᠨ ᠬᠦᠨᠳᠦ ᠨᠠᠶᠢᠳᠠᠯᠭ᠎ᠠ ᠶᠢ ᠡᠭᠦᠷᠭᠡᠯᠡᠵᠦ ᠦᠪᠡᠳᠡᠭᠰᠢ ᠬᠤᠷᠠᠯ ᠳᠤ ᠣᠷᠣᠯᠴᠠᠪᠠ᠃      ᠦᠳᠡ ᠶᠢᠨ ᠡᠮᠦᠨᠡᠬᠢ 10 ᠴᠠᠭ ᠲᠤ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠷ ᠬᠤᠷᠠᠯ ᠤᠨ ᠲᠠᠯᠠᠪᠠᠢ ᠳᠤ ᠣᠷᠣᠵᠤ ᠢᠷᠡᠬᠦ ᠳᠤ᠂ ᠳᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠳᠠᠰᠢᠪᠠ᠃      ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠱᠧᠨ ᠶᠤᠸᠠᠢ ᠶᠤᠸᠠᠢ ᠶᠡᠭᠡ ᠬᠤᠷᠠᠯ ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠵᠤ᠂ ᠤᠯᠤᠰ ᠤᠨ ᠰᠦᠯᠳᠡ ᠳᠠᠭᠤᠤ ᠶᠢ ᠳᠠᠭᠤᠯᠠᠪᠠ᠃      ᠳ᠋ᠢᠩ ᠰᠢᠤᠸᠠᠢ ᠰᠢᠶᠠᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ︽ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠰᠢᠨ᠎ᠡ ᠴᠠᠭ ᠦᠶ᠎ᠡ ᠶᠢᠨ ︿ᠲᠦᠷᠦ ᠶᠢᠨ ᠬᠠᠭᠠᠰ ᠲᠤᠯᠭᠠᠭᠤᠷᠢ﹀ ᠶᠢᠨ ᠢᠷᠠᠭᠤ ᠰᠠᠶᠢᠬᠠᠨ ᠬᠠᠭᠤᠳᠠᠰᠤ ᠶᠢ ᠪᠢᠴᠢᠭᠯᠡᠶ᠎ᠡ︾ ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠵᠦ᠂ ᠶᠡᠭᠡ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠪᠦᠭᠦ ᠤᠯᠤᠰ ᠤᠨ ᠥᠷᠭᠡᠨ ᠤᠯᠠᠨ ᠡᠮᠡᠭᠲᠡᠶᠢᠴᠦᠳ ᠪᠣᠯᠣᠨ ᠡᠮᠡᠭᠲᠡᠶᠢᠴᠦᠳ ᠤᠨ ᠠᠵᠢᠯ ᠤᠨ ᠠᠵᠢᠯᠲᠠᠨ ᠳᠤ ᠳᠣᠲᠣᠨᠣ ᠮᠡᠨᠳᠦᠴᠢᠯᠡᠯ ᠳᠡᠪᠰᠢᠭᠦᠯᠵᠦ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠪᠣᠯᠣᠨ ᠲᠠᠶᠢᠸᠠᠨ ᠣᠷᠣᠨ ᠤ ᠡᠭᠡᠴᠢ ᠳᠡᠭᠦᠦ ᠨᠠᠷ᠂ ᠭᠠᠳᠠᠭᠠᠳᠤ ᠳᠤ ᠰᠠᠭᠤᠭ᠎ᠠ ᠡᠮᠡᠭᠲᠡᠢ ᠬᠠᠷᠢᠶᠠᠲᠤ ᠨᠠᠷ ᠲᠤ ᠰᠠᠶᠢᠨ ᠰᠠᠶᠢᠬᠠᠨ ᠬᠦᠰᠡᠯ ᠵᠥᠩᠨᠡᠯ ᠳᠡᠪᠰᠢᠭᠦᠯᠪᠡ᠃      ᠳ᠋ᠢᠩ ᠰᠢᠤᠸᠠᠢ ᠰᠢᠶᠠᠩ ᠪᠠᠶᠠᠷ ᠤᠨ ᠦᠭᠡ ᠳᠡᠭᠡᠨ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠦᠭ ᠲᠦᠮᠡᠨ ᠡᠮᠡᠭᠲᠡᠶᠢᠴᠦᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠳᠠᠶᠢᠯᠠᠯᠳᠤᠭᠠᠨ ᠤ ᠲᠠᠯᠠᠪᠤᠷ ᠲᠤ ᠡᠷᠡᠮᠡᠬᠡᠶᠢᠯᠡᠨ ᠲᠡᠮᠡᠴᠡᠵᠦ ᠪᠣᠳᠠᠲᠠᠢ ᠠᠵᠢᠯᠯᠠᠵᠤ᠂ ᠰᠢᠨᠵᠢᠯᠡᠬᠦ ᠤᠬᠠᠭᠠᠨ ᠲᠤᠭ᠍ᠨ᠋ᠶᠢᠡ ᠮᠡᠷᠭᠡᠵᠢᠯ ᠤᠨ ᠰᠢᠨ᠎ᠡ ᠶᠢ ᠡᠭᠦᠳᠬᠦ ᠡᠮᠦᠨ᠎ᠡ ᠡᠩᠨᠡᠭᠡᠨ ᠳᠤ ᠵᠣᠷᠢᠭᠲᠠᠢ ᠪᠠᠷ ᠨᠣᠶᠠᠨ ᠤᠷᠭᠢᠯ ᠳᠤ ᠭᠠᠷᠴᠤ᠂ ᠬᠢᠵᠢᠭ ᠲᠠᠢ ᠲᠡᠮᠡᠴᠡᠬᠦ ᠵᠠᠩᠭᠢᠯᠠᠭ᠎ᠠ ᠶᠢᠨ ᠦᠶ᠎ᠡ ᠳᠤ ᠰᠥᠷᠦᠨ ᠤᠷᠤᠭᠰᠢᠯᠠᠵᠤ᠂ ᠭᠡᠷ ᠪᠦᠯᠢ ᠪᠣᠯᠣᠨ ᠨᠡᠶᠢᠭᠡᠮ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠲᠤ ᠬᠢᠴᠢᠶᠡᠩᠭᠦ᠋ᠢᠯᠡᠨ ᠰᠠᠬᠢᠵᠤ᠂ ᠤᠷᠤᠯᠳᠤᠭᠠᠨ ᠤ ᠲᠠᠯᠠᠪᠤᠷ ᠲᠤ ᠵᠣᠷᠢᠭᠲᠠᠢ ᠥᠷᠢᠰᠦᠯᠳᠦᠵᠦ᠂ ︽ᠲᠦᠷᠦ ᠶᠢᠨ ᠬᠠᠭᠠᠰ ᠲᠤᠯᠭᠠᠭᠤᠷᠢ︾ ᠶᠢᠨ ᠦᠢᠯᠡᠳᠦᠯ ᠢ ᠪᠦᠭᠦ ᠲᠠᠯ᠎ᠠ ᠪᠠᠷ ᠢᠯᠡᠷᠡᠭᠦᠯᠵᠦ᠂ ᠡᠮᠡᠭᠲᠡᠶᠢᠴᠦᠳ ᠤᠨ ᠬᠥᠭᠵᠢᠯᠲᠡ ᠪᠦᠭᠦ ᠲᠠᠯ᠎ᠠ ᠪᠠᠷ ᠲᠠᠪᠰᠢᠪᠠ᠃ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠡᠮᠡᠭᠲᠡᠶᠢᠴᠦᠳ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠬᠦᠴᠦᠯᠡᠨ ᠴᠢᠩᠭᠠᠳᠬᠠᠵᠤ᠂ ᠥᠷᠭᠡᠨ ᠣᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠶᠢᠴᠢᠯᠠᠵᠤ ᠪᠠᠶᠢᠭᠠᠳ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠭᠡᠷ ᠪᠦᠯᠢ ᠭᠡᠷ ᠤᠨ ᠬᠥᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠰᠢᠨ᠎ᠡ ᠶᠢ ᠡᠭᠦᠳᠦᠨ ᠠᠬᠢᠭᠤᠯᠵᠤ᠂ ᠡᠷᠬᠡ ᠠᠰᠢᠭ ᠢᠶᠠᠨ ᠬᠠᠮᠠᠭᠠᠯᠠᠵᠤ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠡᠮᠡᠭᠲᠡᠶᠢᠴᠦᠳ ᠤᠨ ᠬᠤᠯᠪᠤᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ ᠲᠠᠰᠤᠷᠠᠯᠲᠠ ᠦᠭᠡᠢ ᠴᠢᠩᠭᠠᠷᠠᠵᠤ᠂ ᠨᠠᠮ ᠤᠨ ᠲᠥᠷᠥ ᠪᠠᠷᠢᠬᠤ ᠣᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠳᠤ ᠴᠢᠬᠤᠯᠠ ᠦᠢᠯᠡᠳᠦᠯ ᠦᠵᠡᠭᠦᠯᠵᠡᠢ ᠭᠡᠪᠡ᠃      ᠳ᠋ᠢᠩ ᠰᠢᠤᠸᠠᠢ ᠰᠢᠶᠠᠩ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠠᠤᠭ᠎ᠠ ᠲᠥᠰᠥᠪ ᠢ ᠵᠢᠷᠤᠭᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ ᠲᠣᠳᠣᠷᠬᠠᠶᠢᠯᠠᠪᠠ᠃ ᠥᠷᠭᠡᠨ ᠣᠯᠠᠨ ᠡᠮᠡᠭᠲᠡᠶᠢᠴᠦᠳ ᠨᠠᠮ ᠲᠠᠢ ᠪᠠᠨ ᠰᠡᠳᠬᠢᠯ ᠢᠶᠠᠨ ᠨᠢᠭᠡᠳᠬᠡᠵᠦ᠂ ᠨᠠᠮ ᠢᠶᠠᠨ ᠲᠠᠭᠠᠵᠤ ᠡᠷᠡᠯᠬᠡᠭᠯᠡᠨ ᠤᠷᠤᠭᠰᠢᠯᠠᠵᠤ᠂ ᠰᠢᠨ᠎ᠡ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠶᠠᠪᠤᠴᠠ ᠳᠤ ᠡᠮᠡᠭᠲᠡᠶᠢᠴᠦᠳ ᠤᠨ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠶᠠᠪᠤᠴᠠ ᠳᠤ ᠡᠮᠡᠭᠲᠡᠶᠢᠴᠦᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠢᠯᠡᠷᠡᠭᠦᠯᠵᠦ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠬᠤ ᠶᠠᠪᠤᠴᠠ ᠳᠤ ᠡᠮᠡᠭᠲᠡᠶᠢᠴᠦᠳ ᠤᠨ ᠥᠪᠡᠷᠮᠢᠴᠡ ᠦᠢᠯᠡᠳᠦᠯ ᠢ ᠢᠯᠡᠷᠡᠭᠦᠯᠵᠦ᠂ ᠰᠢᠨ᠎ᠡ ᠠᠬᠤᠢ ᠪᠠᠶᠢᠳᠠᠯ ᠢ ᠳᠡᠭᠡᠭᠰᠢᠯᠡᠭᠦᠯᠭᠦ ᠶᠠᠪᠤᠴᠠ ᠳᠤ ᠡᠮᠡᠭᠲᠡᠶᠢᠴᠦᠳ ᠤᠨ ᠭᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠠᠮᠢᠳᠤᠷᠠᠬᠤᠢ ᠶᠢ ᠡᠭᠦᠳᠴᠦ᠂ ᠨᠡᠩ ᠴᠢᠩᠭ᠎ᠠ ᠲᠡᠦᠬᠡ ᠶᠢᠨ ᠤᠬᠠᠮᠰᠠᠷ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠠᠶᠠᠨ ᠳᠤ ︽ᠲᠦᠷᠦ ᠶᠢᠨ ᠬᠠᠭᠠᠰ ᠲᠤᠯᠭᠠᠭᠤᠷᠢ︾ ᠶᠢᠨ ᠨᠡᠩ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠪᠢᠴᠢᠭᠯᠡᠬᠦ ᠬᠡᠷᠡᠭᠲᠡᠢ᠃ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠨᠤᠭᠤᠳ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠠᠨ ᠲᠦᠮᠡᠨ ᠤ ᠪᠦᠯᠭᠦᠮ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠥᠲᠥᠯᠥᠨ ᠳᠠᠭᠠᠭᠤᠯᠬᠤ᠂ ᠦᠢᠯᠡᠴᠢᠯᠡᠬᠦ᠂ ᠬᠠᠷᠢᠯᠴᠠᠬᠤ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠦᠢᠯᠡᠰ ᠲᠤ ᠡᠮᠡᠭᠲᠡᠶᠢᠴᠦᠳ ᠤᠨ ᠬᠦᠴᠦᠨ ᠴᠢᠳᠠᠯ ᠢ ᠨᠢᠭᠲᠠᠷᠠᠭᠤᠯᠵᠤ᠂ ᠡᠮᠡᠭᠲᠡᠶᠢᠴᠦᠳ ᠤᠨ ᠤᠶᠤᠨ ᠤᠬᠠᠭᠠᠨ ᠢ ᠬᠤᠷᠠᠮᠳᠤᠭᠤᠯᠬᠤ ᠬᠡᠷᠡᠭᠲᠡᠢ ᠭᠡᠵᠦ ᠢᠯᠡᠳᠬᠡᠪᠡ᠃
图片1.png
       10 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠣᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠤᠷᠤᠯᠴᠠᠬᠰᠠᠨ ᠲᠥᠯᠥᠭᠡᠯᠡᠭᠴᠢᠳ  ᠲᠤ ᠮᠡᠨᠳᠦᠴᠢᠯᠡᠯ ᠬᠦᠷᠭᠡᠵᠦ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ      ᠲᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠰᠢᠦᠢ ᠯᠢᠦ ᠫᠢᠩ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠨᠡᠶᠢᠭᠡᠮᠯᠢᠭ᠂ ᠳᠤᠮᠳᠠᠳᠤ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ᠂ ᠳᠤᠮᠳᠠᠳᠤ ᠶᠢᠨ ᠪᠦᠭᠦ ᠤᠯᠤᠰ ᠤᠨ ᠲᠠᠶᠢᠸᠠᠨ ᠤ ᠠᠬ᠎ᠠ ᠳᠡᠭᠦᠦ ᠨᠠᠷ ᠤᠨ ᠨᠥᠬᠦᠷᠯᠡᠯ ᠤᠨ ᠬᠤᠷᠠᠯ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢ ᠲᠥᠯᠥᠭᠡᠯᠡᠨ ᠶᠡᠭᠡ ᠬᠤᠷᠠᠯ ᠳᠤ ᠪᠠᠶᠠᠷ ᠤᠨ ᠦᠭᠡ ᠬᠡᠯᠡᠪᠡ᠃ ᠪᠠᠶᠠᠷ ᠤᠨ ᠦᠭᠡ ᠳᠤ᠂ ᠰᠢᠨ᠎ᠡ ᠠᠶᠠᠨ ᠳᠤ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠠᠨ ᠲᠦᠮᠡᠨ ᠤ ᠪᠦᠯᠭᠦᠮ ᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠰᠢᠨ᠎ᠡ ᠠᠭᠤᠤ ᠶᠡᠭᠡ ᠲᠡᠮᠡᠴᠡᠯ ᠢᠶᠠᠷ ᠤᠯᠠᠨ ᠲᠦᠮᠡᠨ ᠤ ᠪᠦᠯᠭᠦᠮ ᠤᠨ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠬᠤᠸᠠᠩ ᠰᠢᠶᠣᠣ ᠸᠧᠢ ᠳᠤᠮᠳᠠᠳᠤ ᠶᠢᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠡᠮᠦᠨ᠎ᠡ ᠠᠴᠠ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠥᠷᠭᠡᠨ ᠤᠯᠠᠨ ᠡᠮᠡᠭᠲᠡᠶᠢᠴᠦᠳ ᠢ ᠳᠠᠶᠢᠴᠢᠯᠠᠨ ᠳᠠᠭᠠᠭᠤᠯᠵᠤ ᠪᠠᠶᠢᠭᠠᠳ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︾ ᠭᠡᠬᠦ ᠰᠡᠳᠦᠪ ᠢᠶᠠᠷ ᠮᠡᠳᠡᠭᠦᠯᠦᠯᠲᠡ ᠬᠢᠵᠡᠢ᠃ ᠮᠡᠳᠡᠭᠦᠯᠦᠯᠲᠡ ᠶᠢ 5 ᠬᠡᠰᠡᠭ ᠲᠤ ᠬᠤᠪᠢᠶᠠᠪᠠ᠄ ᠡᠷᠡᠰ ᠭᠤᠶᠢᠪᠢᠰᠢ ᠦᠭᠡᠢ ᠪᠠᠷ ᠨᠠᠮ ᠢᠶᠠᠨ ᠲᠠᠭᠠᠵᠤ ᠲᠡᠮᠡᠴᠡᠭᠰᠡᠨ ᠳᠤᠮᠳᠠᠳᠤ ᠤᠯᠤᠰ ᠤᠨ ᠡᠮᠡᠭᠲᠡᠶᠢᠴᠦᠳ ᠪᠠ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠳᠤᠮᠳᠠᠳᠤ ᠤᠯᠤᠰ ᠤᠨ ᠡᠮᠡᠭᠲᠡᠶᠢᠴᠦᠳ ᠤᠨ ᠦᠢᠯᠡᠰ ᠤᠨ ᠰᠢᠨ᠎ᠡ ᠠᠶᠠᠯᠠᠯ ᠢ ᠵᠢᠯᠤᠭᠤᠳᠤᠨ᠎ᠠ︔ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠡᠮᠡᠭᠲᠡᠶᠢᠴᠦᠳ ᠤᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠨ᠎ᠠ︔ ᠰᠢᠨ᠎ᠡ ᠰᠢᠯᠭᠠᠯᠲᠠ ᠳᠤ ᠣᠷᠤᠯᠴᠠᠬᠤ ᠵᠠᠮ ᠳᠡᠭᠡᠷ᠎ᠡ ᠡᠮᠡᠭᠲᠡᠶᠢᠴᠦᠳ ᠤᠨ ᠬᠤᠯᠪᠤᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠤᠨ᠎ᠠ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠱᠠᠭᠠᠷᠳᠠᠯᠭ᠎ᠠ ᠳᠤ ᠵᠣᠬᠢᠴᠠᠭᠰᠠᠨ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠶᠢ ᠳᠠᠪᠲᠠᠨ ᠪᠣᠯᠪᠠᠰᠤᠷᠠᠭᠤᠯᠤᠨ᠎ᠠ᠃
图片2.png
       10 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠤ᠂ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠪᠡ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡᠶᠡᠭᠡ ᠬᠤᠷᠠᠯ ᠠᠴᠠ ᠪᠢᠴᠢᠭ ᠤᠨ ᠮᠡᠳᠡᠭᠦᠯᠦᠯᠲᠡ ᠶᠢᠨ ᠭᠡᠯᠪᠡᠷᠢ ᠪᠠᠷ ᠲᠥᠯᠥᠭᠡᠯᠡᠭᠴᠢᠳ ᠲᠤ ︽ᠳᠤᠮᠳᠠᠳᠤ ᠶᠢᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠳᠦᠷᠢᠮ ︵ᠵᠠᠰᠠᠪᠤᠷᠢ ᠣᠷᠣᠭᠤᠯᠬᠤ ᠲᠥᠰᠥᠯ︶︾ ᠤᠨ ᠡᠬᠡ ᠨᠣᠣᠷᠠᠭ ᠢ ᠳᠡᠪᠰᠢᠭᠦᠯᠪᠡ᠂ ᠲᠥᠯᠥᠭᠡᠯᠡᠭᠴᠢᠳ ᠬᠢᠨᠠᠨ ᠶᠠᠷᠢᠯᠴᠠᠬᠤ ᠪᠣᠯᠪᠠᠤ᠃      ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠪᠡᠭᠡᠵᠢᠩ ᠳᠤ ᠪᠠᠶᠢᠭ᠎ᠠ ᠬᠡᠰᠡᠭ ᠶᠠᠮᠤᠨ ᠤ ᠲᠡᠰ ᠤᠨ ᠡᠮᠡᠭᠲᠡᠢ ᠤᠳᠤᠷᠢᠳᠬᠤ ᠺᠠᠳ᠋ᠷ ᠪᠣᠯᠣᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠠᠬᠠᠮᠠᠳ ᠤᠳᠤᠷᠢᠳᠤᠯᠭ᠎ᠠ᠂ ᠨᠡᠶᠢᠰᠯᠡᠯ ᠤᠨ ᠡᠯ᠎ᠡ ᠡᠲᠡᠭᠡᠳ ᠤᠨ ᠡᠮᠡᠭᠲᠡᠶᠢᠴᠦᠳ ᠤᠨ ᠲᠥᠯᠥᠭᠡᠯᠡᠭᠴᠢᠳ ᠡᠭᠢᠯᠡᠯᠲᠡ ᠶᠢᠨ ᠬᠤᠷᠠᠯ ᠳᠤ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号