ᠰᠢᠷ᠎ᠠ ᠪᠤᠷᠴᠠᠭ ᠢ ᠰᠢᠨᠵᠢᠯᠡᠬᠦ ᠤᠬᠠᠭᠠᠨᠴᠢ ᠪᠠᠷ ᠬᠠᠳᠠᠭᠠᠯᠠᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2023/10/27
      ᠣᠳᠣᠬᠠᠨ ᠳᠤ ᠮᠠᠨ ᠤ ᠣᠷᠣᠨ ᠤ ᠰᠢᠷ᠎ᠠ ᠪᠤᠷᠴᠠᠭ ᠤᠨ ᠬᠤᠷᠢᠶᠠᠯᠲᠠ ᠨᠢᠭᠡᠨᠲᠡ ᠳᠠᠭᠤᠰᠴᠠᠢ᠂ ᠣᠳᠣᠬᠠᠨ ᠳᠤ ᠠᠭᠠᠷ ᠤᠨ ᠳᠤᠯᠠᠭᠠᠨ ᠨᠡᠯᠢᠶᠡᠳ ᠥᠨᠳᠥᠷ ᠪᠣᠯᠬᠤᠷ᠂ ᠬᠤᠷᠢᠶᠠᠭᠰᠠᠨ ᠤ ᠳᠠᠷᠠᠭ᠎ᠠ ᠰᠢᠷ᠎ᠠ ᠪᠤᠷᠴᠠᠭ ᠤᠨ ᠬᠠᠳᠠᠭᠠᠯᠠᠬᠤ ᠠᠵᠢᠯ ᠢ ᠰᠠᠶᠢᠲᠤᠷ ᠬᠢᠵᠦ᠂ ᠠᠮᠤ ᠪᠤᠳᠠᠭᠠᠨ ᠤ ᠬᠤᠬᠢᠷᠠᠯ ᠪᠠ ᠶᠠᠰᠤ ᠴᠢᠨᠠᠷ ᠢ ᠮᠠᠭᠤᠳᠠᠭᠤᠯᠬᠤ ᠠᠴᠠ ᠵᠠᠶᠢᠯᠠᠰᠬᠢᠬᠦ ᠨᠢ ᠨᠠᠩ ᠴᠢᠬᠤᠯᠠ ᠪᠠᠶᠢᠵᠤ᠂ ᠭᠤᠣᠯᠳᠠᠭᠤ ᠳᠣᠣᠷᠠᠬᠢ ᠮᠡᠲᠦ ᠳᠥᠷᠪᠡᠨ ᠲᠠᠯ᠎ᠠ ᠶᠢ ᠠᠩᠬᠠᠷᠬᠤ ᠴᠢᠬᠤᠯᠠᠳᠠᠢ᠃ 
图片1.png
       ᠨᠢᠭᠡ ᠳᠤ ᠬᠤᠯᠢᠴᠠ ᠶᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠮᠠᠰᠢᠨ ᠢᠶᠠᠷ ᠬᠤᠷᠢᠶᠠᠭᠰᠠᠨ ᠤ ᠳᠠᠷᠠᠭ᠎ᠠ ᠰᠢᠷ᠎ᠠ ᠪᠤᠷᠴᠠᠭ ᠢ ᠴᠠᠭ ᠲᠤᠬᠠᠢ ᠳᠤᠨᠢ ᠮᠠᠰᠢᠨ ᠢᠶᠠᠷ ᠠᠮᠤ ᠪᠤᠳᠠᠭ᠎ᠠ ᠶᠢ ᠴᠡᠪᠡᠷᠯᠡᠵᠦ᠂ ᠪᠤᠷᠴᠠᠭ ᠤᠨ ᠡᠰᠢ᠂ ᠪᠤᠷᠴᠠᠭ ᠤᠨ ᠬᠤᠩᠭᠤᠷᠴᠠᠭ᠂ ᠪᠤᠷᠴᠠᠭ ᠤᠨ ᠬᠠᠯᠢᠰᠤ ᠵᠡᠷᠭᠡ ᠬᠤᠯᠢᠴᠠ ᠶᠢ ᠠᠷᠢᠯᠭᠠᠬᠤ ᠬᠡᠷᠡᠭᠲᠡᠢ᠃      ᠬᠤᠶᠠᠷ ᠲᠤ ᠭᠦᠢᠴᠡᠳ ᠬᠠᠭᠤᠷᠠᠢ ᠪᠠᠶᠢᠯᠭᠠᠬᠤ ᠬᠡᠷᠡᠭᠲᠡᠢ᠃ ᠰᠢᠨ᠎ᠡ ᠪᠠᠷ ᠬᠤᠷᠢᠶᠠᠭᠰᠠᠨ ᠰᠢᠷ᠎ᠠ ᠪᠤᠷᠴᠠᠭ ᠤᠨ ᠦᠷ᠎ᠡ ᠶᠢᠨ ᠤᠰᠤᠨ ᠤ ᠬᠡᠮᠵᠢᠶ᠎ᠡ ᠨᠢ ᠵᠢᠭᠳᠡ ᠪᠤᠰᠤ ᠤᠴᠢᠷ ᠠᠴᠠ ᠬᠤᠯᠢᠴᠠ ᠶᠢ ᠨᠢ ᠠᠷᠢᠯᠭᠠᠭᠰᠠᠨ ᠤ ᠳᠠᠷᠠᠭ᠎ᠠ ᠴᠠᠭ ᠲᠤᠬᠠᠢ ᠳᠤᠨᠢ ᠨᠡᠷᠡᠨ ᠳᠤ ᠡᠭᠡᠭᠡᠵᠦ ᠤᠰᠤᠨ ᠤ ᠬᠡᠮᠵᠢᠶ᠎ᠡ ᠶᠢ ᠨᠢ ᠪᠠᠭᠤᠷᠠᠭᠤᠯᠤᠨ᠎ᠠ᠃      ᠭᠤᠷᠪᠠ ᠳᠤ ᠳᠤᠯᠠᠭᠠᠨ ᠢ  ᠨᠢ ᠪᠠᠭᠤᠷᠠᠭᠤᠯᠵᠤ ᠬᠦᠮᠦᠷᠭᠡᠯᠡᠬᠦ ᠬᠡᠷᠡᠭᠲᠡᠢ᠃ ᠭᠦᠢᠴᠡᠳ ᠬᠠᠭᠤᠷᠠᠢ ᠰᠢᠷ᠎ᠠ ᠪᠤᠷᠴᠠᠭ ᠤᠨ ᠤᠰᠤ ᠨᠢ ᠬᠡᠳᠦᠶᠢᠪᠡᠷ ᠬᠠᠳᠠᠭᠠᠯᠠᠬᠤ ᠪᠠᠷᠢᠮᠵᠢᠶ᠎ᠠ ᠳᠤ ᠬᠦᠷᠦᠭᠰᠡᠨ ᠪᠣᠯᠪᠠᠴᠤ ᠨᠡᠷᠡᠨ ᠳᠤ ᠡᠭᠡᠭᠡᠵᠦ ᠬᠠᠯᠠᠭᠤᠨ ᠤ ᠬᠡᠮᠵᠢᠶ᠎ᠡ  ᠨᠢ ᠥᠨᠳᠥᠷ ᠠᠴᠠ ᠰᠢᠭᠤᠳ ᠬᠦᠮᠦᠷᠭᠡᠯᠡᠪᠡᠯ ᠤᠭᠤᠷᠠᠭ ᠤᠨ ᠴᠢᠨᠠᠷ ᠤᠨ ᠬᠤᠪᠢᠷᠠᠯᠲᠠ ᠶᠢ ᠡᠭᠦᠰᠬᠡᠳᠡᠭ᠂ ᠡᠶᠢᠮᠦ ᠠᠴᠠ ᠨᠡᠷᠡᠨ ᠳᠤ ᠡᠭᠡᠭᠡᠭᠰᠡᠨ ᠤ ᠳᠠᠷᠠᠭᠠᠬᠢ ᠰᠢᠷ᠎ᠠ ᠪᠤᠷᠴᠠᠭ ᠢ ᠳᠡᠯᠭᠡᠭᠡᠳ ᠬᠥᠷᠥᠭᠡᠭᠰᠡᠨ ᠤ ᠳᠠᠷᠠᠭ᠎ᠠ ᠰᠠᠶ᠋ᠢ ᠬᠥᠮᠥᠷᠭᠡ ᠳᠤ ᠣᠷᠣᠭᠤᠯᠵᠤ ᠬᠠᠳᠠᠭᠠᠯᠠᠨ᠎ᠠ᠃ 
图片2.png
       ᠳᠥᠷᠪᠡ ᠳᠤ ᠴᠠᠭ ᠲᠤᠬᠠᠢ ᠳᠤᠨᠢ ᠰᠠᠯᠬᠢ ᠨᠡᠪᠲᠡᠷᠡᠭᠦᠯᠬᠦ ᠬᠡᠷᠡᠭᠲᠡᠢ᠃ ᠰᠢᠨ᠎ᠡ ᠪᠠᠷ ᠬᠦᠮᠦᠷᠭᠡᠯᠡᠭᠰᠡᠨ ᠰᠢᠷ᠎ᠠ ᠪᠤᠷᠴᠠᠭ ᠲᠤ ᠰᠡᠭᠦᠯᠡᠷ ᠪᠣᠯᠪᠠᠰᠤᠷᠠᠬᠤ ᠦᠵᠡᠭᠳᠡᠯ ᠣᠷᠣᠰᠢᠵᠤ᠂ ᠠᠮᠢᠰᠬᠤᠯ ᠰᠠᠶᠢᠨ ᠤᠴᠢᠷ ᠠᠴᠠ ᠰᠢᠷ᠎ᠠ ᠪᠤᠷᠴᠠᠭ ᠤᠨ ᠣᠪᠣᠭᠠᠨ ᠳᠣᠲᠣᠷ᠎ᠠ ᠠᠮᠠᠷᠬᠠᠨ ᠴᠢᠭᠢᠭᠯᠢᠭ ᠬᠠᠯᠠᠭᠤᠨ ᠬᠤᠷᠠᠵᠤ ᠴᠤᠭᠯᠠᠷᠠᠬᠤ ᠶᠢᠨ ᠬᠠᠮᠲᠤ ᠶᠠᠭ ᠰᠠᠶᠢᠬᠠᠨ ᠠᠭᠠᠷ ᠤᠨ ᠳᠤᠯᠠᠭᠠᠨ ᠳᠣᠷᠣᠭᠰᠢᠯᠠᠬᠤ ᠤᠯᠠᠷᠢᠯ ᠳᠤ ᠪᠠᠶᠢᠵᠤ᠂ ᠲᠤᠶᠢᠯ ᠤᠨ ᠠᠮᠠᠷᠬᠠᠨ ᠢᠶᠠᠷ ᠰᠢᠪᠬᠠᠷᠬᠤ ᠦᠵᠡᠭᠳᠡᠯ ᠭᠠᠷᠳᠠᠭ᠃ ᠡᠶᠢᠮᠦ ᠠᠴᠠ ᠰᠢᠷ᠎ᠠ ᠪᠤᠷᠴᠠᠭ ᠢ 3 - 4 ᠭᠠᠷᠠᠭ ᠤᠨ ᠣᠷᠴᠢᠮ ᠢᠶᠠᠷ ᠬᠦᠮᠦᠷᠭᠡᠯᠡᠭᠰᠡᠨ ᠤ ᠳᠠᠷᠠᠭ᠎ᠠ ᠴᠠᠭ ᠲᠤᠬᠠᠢ  ᠳᠤᠨᠢ ᠰᠠᠯᠬᠢ ᠨᠠᠪᠲᠠᠷᠡᠭᠦᠯᠵᠦ᠂ ᠬᠠᠯᠠᠭᠤᠨ ᠴᠢᠭᠢᠭ ᠢ ᠲᠠᠷᠬᠠᠭᠠᠵᠤ᠂ ᠰᠢᠷ᠎ᠠ ᠪᠤᠷᠴᠠᠭ ᠤᠨ ᠪᠥᠬᠡᠯᠢᠭ ᠴᠢᠨᠠᠷ ᠢ ᠨᠡᠮᠡᠭᠳᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号