ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠭᠤᠷᠪᠠᠳᠤᠭᠠᠷ ᠬᠤᠭᠤᠴᠠᠭᠠᠨ ᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠬᠢᠭᠡᠳ ᠲᠠᠷᠢᠶᠠᠯᠠᠩ ᠤᠨ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠳᠤ ᠵᠣᠬᠢᠶᠠᠨ ᠪᠠᠶᠢᠭᠤᠯᠤᠨ ᠣᠷᠣᠯᠴᠠᠪᠠ
ᠨᠡᠶᠢᠲᠡᠯᠡᠭᠰᠡᠨ ᠴᠠᠭ᠄
2023/10/28
图片1.png
 
图片2.png
       10 ᠰᠠᠷ᠎ᠠ ᠶᠢᠨ 27 ᠤ ᠡᠳᠦᠷ᠂ ᠭᠤᠷᠪᠠᠳᠤᠭᠠᠷ ᠬᠤᠭᠤᠴᠠᠭᠠᠨ ᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠬᠢᠭᠡᠳ ᠲᠠᠷᠢᠶᠠᠯᠠᠩ ᠤᠨ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠰᠧᠴᠤᠸᠠᠨ ᠮᠤᠵᠢ ᠶᠢᠨ ᠴᠧᠩᠳᠦ᠋ ᠬᠤᠲᠠ ᠶᠢᠨ ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠣᠯᠠᠨ ᠤᠯᠤᠰ ᠤᠨ ᠦᠵᠡᠰᠬᠦᠯᠡᠩ ᠤᠨ ᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠬᠠᠩᠭᠢᠨ ᠬᠤᠶᠢᠲᠤ ᠬᠤᠰᠢᠭᠤ᠂ ᠵᠠᠯᠠᠶᠢᠳ ᠬᠤᠰᠢᠭᠤ ᠵᠡᠷᠭᠡ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ 10 ᠰᠢᠶᠠᠨ ᠤ 50 ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ 100 ᠭᠠᠷᠤᠢ ᠲᠥᠷᠥᠯ ᠤᠨ ᠪᠦᠲᠦᠭᠡᠭᠳᠡᠬᠦᠨ ᠢ ᠵᠣᠬᠢᠶᠠᠨ ᠪᠠᠶᠢᠭᠤᠯᠵᠤ ᠲᠣᠰ ᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠳᠤ ᠣᠷᠣᠯᠴᠠᠭᠤᠯᠪᠠ᠃ ᠡᠭᠦᠨ ᠤ ᠬᠠᠮᠲᠤ᠂ ᠦᠵᠡᠭᠦᠯᠭᠡ ᠶᠢᠨ ᠲᠣᠭᠤᠷᠢᠭ ᠲᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠤ ᠦᠷ᠎ᠡ ᠪᠦᠲᠦᠮᠵᠢ ᠶᠢ ᠪᠠᠲᠤᠯᠠᠬᠤ ᠦᠵᠡᠭᠦᠯᠭᠡ ᠶᠢ ᠪᠠᠶᠢᠷᠢᠯᠠᠭᠤᠯᠪᠠ᠃ 
图片3.png
 
图片4.png
 
图片5.png
 
图片6.png
 
图片7.png
       ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ 4 ᠮᠤᠵᠢ ᠣᠷᠣᠨ ᠤ ᠨᠢᠭᠡ ᠶᠢᠨ ᠬᠤᠪᠢ ᠪᠠᠷ ᠬᠤᠷᠠᠯ ᠳᠤ ᠣᠷᠣᠯᠴᠠᠭᠰᠠᠳ ᠲᠤ ᠥᠪᠥᠷ ᠮᠣᠩᠭᠤᠯ ᠤᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠲᠠᠨᠢᠯᠴᠠᠭᠤᠯᠤᠭᠰᠠᠨ ᠪᠥᠭᠡᠳ ᠮᠠᠨ ᠤ ᠣᠷᠣᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠪᠠ᠃ ᠦᠶᠤᠸᠠᠨ ᠰᠢᠶᠠᠨ ᠤ ᠳᠡᠳ᠋ ᠳᠠᠷᠤᠭ᠎ᠠ ᠭᠦᠸᠧ ᠮᠢᠩ ᠸᠠᠩ ᠪᠦᠬᠦ ᠤᠯᠤᠰ ᠤᠨ 10 ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠤ ᠨᠢᠭᠡ ᠪᠣᠯᠤᠭᠰᠠᠨ ᠤ ᠬᠤᠪᠢ ᠳᠤ ᠬᠤᠷᠠᠯ ᠳᠤ ᠣᠷᠣᠯᠴᠠᠭᠰᠠᠳ ᠵᠢᠴᠢ ᠬᠡᠷᠡᠭᠯᠡᠭᠴᠢᠳ ᠲᠤ ᠦᠶᠤᠸᠠᠨ ᠰᠢᠶᠠᠨ ᠤ ᠰᠢᠯᠢᠳᠡᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠳᠡᠯᠭᠡᠷᠡᠭᠦᠯᠪᠡ᠃ 
图片8.png
 
图片9.png
       ᠵᠤᠷᠭᠠᠨ ᠤ ᠳᠠᠷᠤᠭ᠎ᠠ ᠰᠢᠶᠣᠣ ᠹᠠᠩ ᠪᠦᠯᠬᠦᠮ ᠳᠠᠭᠠᠭᠤᠯᠤᠨ ᠥᠪᠥᠷ ᠮᠣᠩᠭᠤᠯ ᠤᠨ ᠦᠵᠡᠭᠦᠯᠭᠡ ᠶᠢᠨ ᠲᠣᠭᠤᠷᠢᠭ ᠢᠶᠠᠷ ᠲᠣᠭᠤᠷᠢᠨ ᠦᠵᠡᠵᠦ᠂ ᠥᠪᠥᠷ ᠮᠣᠩᠭᠤᠯ ᠤᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠢ ᠡᠭᠦᠳᠦᠨ ᠪᠠᠶᠢᠭᠤᠯᠬᠤ ᠲᠠᠯ᠎ᠠ ᠪᠠᠷ ᠬᠢ ᠠᠷᠭ᠎ᠠ ᠬᠢᠳᠡᠯ᠂ ᠬᠢᠯᠠᠰ ᠴᠡᠭ ᠢ ᠨᠠᠷᠢᠨ ᠰᠣᠨᠣᠰᠴᠤ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠮᠲᠠᠯᠠᠭᠰᠠᠨ ᠪᠠᠶᠢᠨ᠎ᠠ᠃ ᠲᠡᠷᠡ ᠥᠪᠥᠷ ᠮᠣᠩᠭᠤᠯ ᠤᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠢ ᠡᠭᠦᠳᠦᠨ ᠪᠠᠶᠢᠭᠤᠯᠬᠤ ᠶᠠᠪᠤᠴᠠ ᠳᠤ ᠥᠷᠨᠢᠭᠦᠯᠦᠭᠰᠡᠨ ︽ᠫᠠᠶᠢᠰᠠ ᠡᠯᠭᠦᠬᠦ︾ ᠠᠵᠢᠯᠯᠠᠭ᠎ᠠ ᠶᠢ ᠨᠤᠲᠠᠯᠠᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠨᠠᠶᠢᠳᠠᠪᠤᠷᠢᠵᠢᠭᠤᠯᠬᠤ ᠲᠠᠯ᠎ᠠ ᠪᠠᠷ ᠮᠡᠳᠡᠷᠡᠭᠰᠡᠨ ᠪᠠᠶᠢᠨ᠎ᠠ᠃ 
图片10.png
 
图片11.png
       ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠢ ᠡᠭᠦᠳᠦᠨ ᠪᠠᠶᠢᠭᠤᠯᠬᠤ ᠵᠢᠴᠢ ᠦᠷ᠎ᠡ ᠪᠦᠲᠦᠮᠵᠢ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠨ ᠬᠡᠮᠵᠢᠯᠲᠡ ᠶᠢ ᠴᠢᠩᠭᠠᠳᠬᠠᠨ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠪᠣᠬᠢᠷᠲᠤᠯ ᠦᠭᠡᠢ ᠣᠷᠭᠠᠨᠢᠭ ᠪᠣᠶᠢᠵᠢᠭᠤᠯᠤᠯᠲᠠ ᠶᠢᠨ ᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠡᠷᠡᠭᠯᠡᠭᠴᠢᠳ ᠲᠤ ᠨᠠᠩ ᠣᠯᠠᠨ ᠠᠶᠤᠯᠭᠦᠢ᠂ ᠪᠣᠬᠢᠷᠲᠤᠯ ᠦᠭᠡᠢ᠂ ᠴᠢᠨᠠᠷ ᠰᠠᠶᠢᠲᠠᠢ᠂ ᠣᠯᠠᠨ ᠡᠰᠢᠲᠦ ︽ᠥᠪᠥᠷ ᠮᠣᠩᠭᠤᠯ ᠤᠨ ᠠᠮᠲᠠᠲᠤ ᠢᠳᠡᠭᠡᠨ︾ ᠢ ᠲᠠᠰᠤᠷᠠᠯᠲᠠ ᠦᠭᠡᠢ ᠬᠠᠩᠭᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号