ᠪᠥᠬᠦ ᠣᠷᠣᠨ ᠤ ᠲᠠᠷᠢᠶᠠᠨ ᠡᠮ ᠤᠨ ᠬᠡᠷᠡᠭᠯᠡᠭᠡᠨ ᠤ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠪᠠ ᠨᠢᠭᠡᠳᠦᠯᠲᠡᠶ ᠰᠡᠷᠭᠡᠶᠢᠯᠡᠨ ᠵᠠᠰᠠᠬᠤ ᠶᠢ ᠬᠡᠷᠡᠭᠵᠢᠭᠦᠯᠦᠭᠰᠡᠨ ᠲᠠᠯᠠᠪᠠᠶ ᠲᠤᠰᠪᠤᠷᠢ 5200 ᠲᠦᠮᠡᠨ ᠮᠦ ᠠᠴᠠ ᠳᠡᠭᠡᠭᠰᠢ ᠳᠤ ᠬᠦᠷᠴᠡᠢ
ᠨᠡᠶᠢᠲᠡᠯᠡᠭᠰᠡᠨ ᠴᠠᠭ᠄
2023/10/30
      10 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠢᠨ᠎ᠡ ᠪᠤᠬᠢᠷᠳᠤᠯ ᠪᠤᠳᠠᠰ ᠢ ᠵᠠᠰᠠᠬᠤ ᠠᠵᠢᠯ ᠤᠨ ᠲᠦᠰᠦᠯ︾ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠬᠦᠬᠡᠬᠤᠲᠠ ᠳᠤ ᠬᠤᠷᠠᠯᠳᠤᠪᠠ᠃ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠢᠨ᠎ᠡ ᠪᠤᠬᠢᠷᠳᠤᠯ ᠪᠤᠳᠠᠰ ᠢ ᠵᠠᠰᠠᠬᠤ ᠠᠵᠢᠯ ᠤᠨ ᠲᠦᠰᠦᠯ︾ ᠨᠢ ᠮᠠᠨ ᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠦᠷᠢᠶ᠎ᠡ ᠴᠠᠷᠠᠭ᠎ᠠ ᠳᠠᠬᠢ ᠨᠢᠭᠡᠨ ᠴᠢᠬᠤᠯᠠ ᠲᠤᠰᠬᠠᠢ ᠲᠦᠰᠦᠯ ᠪᠠᠶᠢᠵᠤ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠮᠠᠨ ᠤ ᠤᠷᠤᠨ ᠤ ᠰᠢᠨ᠎ᠡ ᠪᠤᠬᠢᠷᠳᠤᠯ ᠪᠤᠳᠠᠰ ᠢ ᠵᠠᠰᠠᠬᠤ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃      ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠢᠨ᠎ᠡ ᠪᠤᠬᠢᠷᠳᠤᠯ ᠪᠤᠳᠠᠰ ᠢ ᠵᠠᠰᠠᠬᠤ ᠠᠵᠢᠯ ᠤᠨ ᠲᠦᠰᠦᠯ︾ ᠳᠤ ᠮᠠᠨ ᠤ ᠤᠷᠤᠨ ᠲᠠᠷᠢᠶᠠᠨ ᠡᠮ ᠤᠨ ᠬᠡᠷᠡᠭᠯᠡᠯᠲᠡ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠬᠦᠯᠬᠦ ᠲᠠᠯ᠎ᠠ ᠪᠠᠷ ᠠᠯᠢ ᠤᠯᠠᠨ ᠠᠷᠭ᠎ᠠ ᠠᠪᠴᠠᠯ ᠢ ᠠᠪᠴᠠᠢ᠃ ᠡᠭᠦᠨ ᠳᠤ᠂ ᠨᠢᠭᠡᠨᠲᠡ 287 ᠡᠪᠡᠳᠴᠢᠨ ᠤ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠬᠦ ᠴᠡᠭ ᠢ ᠪᠠᠶᠢᠭᠤᠯᠵᠤ ᠂ ᠡᠪᠡᠳᠴᠢᠨ ᠤ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠴᠠᠭ ᠲᠤᠨᠢ ᠲᠣᠬᠢᠷᠠᠭᠤᠯᠵᠤ ᠰᠡᠷᠭᠡᠶᠢᠯᠡᠨ ᠡᠵᠡᠮᠳᠡᠬᠦ ᠶᠢ ᠵᠢᠯᠣᠭᠤᠳᠴᠤ᠂ ᠰᠣᠬᠤᠷ ᠪᠠᠯᠠᠶ ᠪᠠᠷ ᠲᠠᠷᠢᠶᠠᠨ ᠡᠮ ᠬᠡᠷᠡᠭᠯᠡᠬᠦ ᠶᠢ ᠪᠠᠭᠠᠰᠭᠠᠪᠠ︔ ᠠᠮᠢᠳᠤ ᠪᠣᠳᠠᠰ ᠤᠨ ᠠᠷᠭ᠎ᠠ ᠪᠠᠷ ᠰᠡᠷᠭᠡᠶᠢᠯᠡᠨ ᠵᠠᠰᠠᠬᠤ᠂ ᠠᠮᠢ ᠠᠬᠤᠶ ᠪᠠᠷ ᠲᠣᠬᠢᠷᠠᠭᠤᠯᠤᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠵᠡᠷᠭᠡ ᠪᠣᠬᠢᠷᠲᠤᠯ ᠦᠭᠡᠶ ᠰᠡᠷᠭᠡᠶᠢᠯᠡᠨ ᠡᠵᠡᠮᠳᠡᠬᠦ ᠮᠡᠷᠭᠡᠵᠢᠯ ᠢ ᠶᠡᠭᠡ ᠪᠠᠷ ᠳᠡᠯᠭᠡᠷᠡᠭᠦᠯᠵᠤ᠂ ᠥᠨᠳᠥᠷ ᠦᠷ᠎ᠡ ᠠᠰᠢᠭᠲᠤ ᠲᠦᠭᠰᠢᠭᠦᠷᠢ ᠪᠠᠭᠠᠲᠠᠶ ᠰᠢᠨ᠎ᠡ ᠬᠡᠯᠪᠡᠷᠢ ᠶᠢᠨ ᠲᠠᠷᠢᠶᠠᠨ ᠡᠮ ᠢ ᠳᠡᠯᠭᠡᠷᠡᠭᠦᠯᠦᠨ᠂ ᠨᠢᠭᠡᠳᠦᠯᠲᠡᠶ ᠰᠡᠷᠭᠡᠶᠢᠯᠡᠵᠤ ᠵᠠᠰᠠᠬᠤ ᠪᠠ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠶᠢᠨ ᠠᠭᠤᠰᠤᠯᠴᠠᠨ ᠬᠦᠭᠵᠢᠬᠦ ᠶᠢ ᠠᠬᠢᠭᠤᠯᠵᠤ᠂ ᠬᠢᠮᠢ ᠶᠢᠨ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠪᠠᠭᠠᠰᠬᠠᠪᠠ︔ ᠲᠠᠷᠢᠶᠠᠨ ᠡᠮ ᠤᠨ ᠬᠡᠷᠡᠭᠯᠡᠯᠲᠡ ᠶᠢ ᠪᠠᠶᠢᠴᠠᠭᠠᠵᠤ ᠬᠢᠨᠠᠨ ᠬᠡᠮᠵᠢᠬᠦ ᠥᠷᠲᠡᠭᠡ ᠴᠡᠭ ᠢ ᠵᠦᠶ ᠵᠣᠬᠢᠰᠲᠠᠶ ᠪᠠᠶᠢᠷᠢᠰᠢᠯᠠᠭᠤᠵᠤ ᠂ ᠲᠠᠷᠢᠶᠠᠴᠢᠨ ᠡᠷᠦᠬᠡ ᠶᠢᠨ ᠡᠮ ᠬᠡᠷᠡᠭᠯᠡᠭᠰᠡᠨ ᠪᠠᠶᠢᠴᠠᠭᠠᠯᠲᠠ ᠂ ᠲᠠᠷᠢᠶᠠᠨ ᠡᠮ ᠤᠨ ᠪᠣᠳᠠᠲᠠᠶ ᠬᠡᠷᠡᠭᠯᠡᠭᠰᠡᠨ ᠬᠡᠮᠵᠢᠶ᠎ᠡ ᠪᠠ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠲᠦᠰᠦᠭᠡᠯᠡᠵᠤ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠬᠦ ᠪᠠᠷ ᠳᠠᠮᠵᠢᠭᠤᠯᠵᠤ᠂ ᠮᠠᠨ ᠤ ᠣᠷᠣᠨ ᠤ ᠲᠠᠷᠢᠮᠠᠯ ᠤᠨ ᠦᠢᠯᠡᠰ ᠤᠨ ᠦᠢᠯᠡᠳᠪᠦᠷᠢᠯᠡᠯ ᠳᠠᠬᠢ ᠲᠠᠷᠢᠶᠠᠨ ᠡᠮ ᠤᠨ ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠪᠦᠲᠦᠮᠵᠢᠲᠡᠶ ᠠᠬᠢᠭᠤᠯᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ᠃      2023 ᠣᠨ ᠳᠤ᠂ ᠮᠠᠨ ᠤ ᠤᠷᠤᠨ ᠤ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠬᠠᠷᠠᠯᠲᠠ ᠪᠣᠯ ᠬᠢᠮᠢ ᠶᠢᠨ ᠲᠠᠷᠢᠶᠠᠨ ᠡᠮ ᠤᠨ ᠬᠡᠷᠡᠭᠯᠡᠯᠲᠡ ᠶᠢᠨ ᠶᠡᠷᠦᠩᠬᠡᠶ ᠬᠡᠮᠵᠢᠶ᠎ᠡ ᠦᠷᠭᠦᠯᠵᠢᠯᠡᠨ ᠪᠠᠭᠤᠷᠠᠬᠤ ᠬᠠᠨᠳᠤᠰᠢ ᠶᠢ ᠪᠠᠲᠤᠯᠠᠵᠤ᠂ ᠪᠥᠬᠦ ᠤᠷᠤᠨ ᠤ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠪᠠ ᠨᠢᠭᠡᠳᠦᠯᠲᠡᠶ ᠰᠡᠷᠭᠡᠶᠢᠯᠡᠨ ᠵᠠᠰᠠᠬᠤ ᠶᠢ ᠬᠡᠷᠡᠭᠵᠢᠭᠦᠯᠦᠭᠰᠡᠨ ᠲᠠᠯᠠᠪᠠᠶ ᠲᠤᠰᠪᠤᠷᠢ 5200 ᠲᠦᠮᠡᠨ ᠮᠦ ᠠᠴᠠ ᠳᠡᠭᠡᠭᠰᠢ ᠳᠤ ᠬᠦᠷᠴᠦ᠂ ᠭᠤᠣᠯ ᠪᠣᠯᠬᠤ ᠲᠠᠷᠢᠮᠠᠯ ᠤᠨ ᠡᠪᠡᠳᠴᠢᠨ ᠤ ᠬᠤᠷᠣᠬᠠᠶ ᠶᠢᠨ ᠬᠥᠨᠥᠭᠡᠯ ᠢ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠪᠦᠷᠬᠦᠴᠡ ᠶᠢᠨ ᠨᠣᠷᠮ᠎ᠠ 48%᠂ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠨᠢᠭᠡᠳᠦᠯᠲᠡᠶ ᠰᠡᠷᠭᠡᠶᠢᠯᠡᠨ ᠡᠵᠡᠮᠳᠡᠬᠦ ᠪᠦᠷᠬᠦᠴᠡ ᠶᠢᠨ ᠨᠣᠷᠮ᠎ᠠ 43% ᠳᠤ ᠬᠥᠷᠪᠡ᠃ ᠣᠲᠣ ᠪᠣᠯᠲᠠᠯ᠎ᠠ᠂ ᠮᠠᠨ ᠤ ᠤᠷᠤᠨ ᠤ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠪᠠ ᠨᠢᠭᠡᠳᠦᠯᠲᠡᠶ ᠰᠡᠷᠭᠡᠶᠢᠯᠡᠨ ᠵᠠᠰᠠᠬᠤ ᠶᠢ ᠬᠡᠷᠡᠭᠵᠢᠭᠦᠯᠦᠭᠰᠡᠨ ᠲᠠᠯᠠᠪᠠᠶ ᠲᠤᠰ ᠲᠤᠰ5621.9 ᠲᠦᠮᠡᠨ ᠮᠥ ᠪᠠ 5718.2 ᠲᠦᠮᠡᠨ ᠮᠥ ᠬᠦᠷᠦᠭᠰᠡᠨ ᠪᠠᠶᠢᠨ᠎ᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号