ᠨᠠᠶᠢᠯᠵᠠᠭᠤᠷ ᠬᠠᠷᠭᠠᠨ᠎ᠠ ᠶᠢᠨ ᠭᠤᠤᠷᠰᠤ ᠲᠡᠭᠰᠢᠯᠡᠨ ᠬᠤᠷᠢᠶᠠᠬᠤ ᠮᠠᠰᠢᠨ
ᠨᠡᠶᠢᠲᠡᠯᠡᠭᠰᠡᠨ ᠴᠠᠭ᠄
2023/10/4
      ᠨᠠᠶᠢᠯᠵᠠᠭᠤᠷ ᠬᠠᠷᠭᠠᠨ᠎ᠠ ᠪᠣᠯ ᠰᠠᠯᠬᠢ ᠬᠠᠯᠬᠠᠯᠠᠨ ᠡᠯᠡᠰᠦ ᠲᠣᠭᠲᠠᠪᠤᠷᠢᠵᠢᠭᠤᠯᠬᠤ ᠰᠢᠯᠢᠳᠡᠭ ᠮᠣᠳᠣᠨ ᠤ ᠲᠦᠷᠦᠯ ᠂ ᠮᠥᠨ ᠴᠦ ᠭᠠᠩ ᠬᠠᠭᠰᠠᠷᠠᠭᠠᠨ ᠳᠤ ᠲᠡᠰᠪᠦᠷᠢᠲᠡᠢ ᠮᠠᠯ ᠠᠵᠤ ᠠᠬᠤᠢ ᠶᠢ ᠬᠠᠮᠠᠭᠠᠯᠠᠬᠤ ᠪᠦᠳᠦᠭᠦᠯᠢᠭ ᠪᠣᠷᠳᠣᠭᠠᠨ ᠤ ᠡᠬᠢ ᠪᠠᠶᠠᠯᠢᠭ ᠪᠣᠯᠣᠨ᠎ᠠ ᠃      ᠤᠢ ᠰᠢᠭᠤᠢ ᠲᠠᠯ᠎ᠠ ᠨᠤᠲᠤᠭ ᠤᠨ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ ᠂ 2022 ᠣᠨ ᠳᠤ ᠮᠠᠨ ᠤ ᠣᠷᠣᠨ ᠤ ᠨᠠᠶᠢᠯᠵᠠᠭᠤᠷ ᠬᠠᠷᠭᠠᠨ᠎ᠠ ᠶᠢᠨ ᠲᠠᠷᠢᠮᠠᠯ ᠤᠨ ᠲᠠᠯᠠᠪᠠᠢ 6229.7 ᠲᠦᠮᠡᠨ ᠮᠦ ᠳᠤ ᠬᠦᠷᠴᠦ ᠂ ᠪᠦᠬᠦ ᠣᠷᠣᠨ ᠤ 12 ᠠᠶᠢᠮᠠᠭ ᠬᠤᠳᠠ ᠶᠢᠨ 90 ᠬᠤᠰᠢᠭᠤ ᠰᠢᠶᠠᠨ ᠢ ᠬᠠᠮᠤᠷᠴᠠᠢ ᠃ ᠪᠦᠬᠦ ᠣᠷᠣᠨ ᠳᠤ ᠤᠳᠤ ᠨᠠᠶᠢᠯᠵᠠᠭᠤᠷ ᠬᠠᠷᠭᠠᠨ᠎ᠠ ᠶᠢᠨ ᠭᠤᠤᠷᠰᠤ ᠲᠡᠭᠰᠢᠯᠡᠨ ᠬᠤᠷᠢᠶᠠᠬᠤ ᠲᠤᠰᠬᠠᠢ ᠬᠡᠷᠡᠭᠯᠡᠭᠡᠨ ᠤ ᠮᠠᠰᠢᠨ 72 ᠰᠠᠤᠷᠢ ᠂ ᠡᠭᠦᠷᠦᠪᠴᠢᠳᠦ ᠤᠰᠤᠯᠠᠯᠲᠠ ᠶᠢᠨ ᠭᠤᠤᠷᠰᠤ ᠬᠤᠷᠢᠶᠠᠬᠤ ᠮᠠᠰᠢᠨ 5291 ᠰᠠᠤᠷᠢ ᠪᠠᠶᠢᠬᠤ ᠪᠣᠯᠪᠠᠴᠤ ᠨᠠᠯᠠᠤ ᠭᠠᠵᠠᠷ ᠂ ᠡᠯᠡᠰᠦᠷᠬᠡᠭ ᠭᠠᠵᠠᠷ ᠤᠨ ᠨᠠᠶᠢᠯᠵᠠᠭᠤᠷ ᠬᠠᠷᠭᠠᠨ᠎ᠠ ᠶᠢᠨ ᠭᠤᠤᠷᠰᠤ ᠲᠡᠭᠰᠢᠯᠡᠨ ᠬᠤᠷᠢᠶᠠᠬᠤ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠨ᠎ᠠ ᠃      ᠡᠭᠦᠨ ᠤ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠬᠠᠮᠢᠶ᠎ᠠ ᠪᠦᠬᠦᠢ ᠠᠵᠤ ᠠᠬᠤᠶᠢᠯᠠᠯ ᠤᠨ ᠪᠣᠭᠤᠮᠲᠠ ᠰᠢᠪᠲᠤᠯᠬᠤ ᠶᠢ ᠢᠳᠡᠪᠬᠢᠲᠡᠢ ᠳᠡᠮᠵᠢᠵᠦ᠂ ᠲᠤᠰᠬᠠᠢ ᠬᠡᠷᠡᠭᠯᠡᠭᠡᠨ ᠤ ᠮᠠᠰᠢᠨ ᠢ ᠰᠤᠳᠤᠯᠤᠨ ᠦᠢᠯᠡᠳᠴᠦ᠂ ᠬᠢᠲᠤᠭᠠᠨ ᠤ ᠶᠠᠰᠤ ᠴᠢᠨᠠᠷ ᠢ ᠳᠡᠭᠡᠭᠰᠢᠯᠡᠭᠦᠯᠪᠡ᠃ ᠣᠳᠣᠬᠠᠨ ᠳᠤ ᠨᠠᠶᠢᠯᠵᠠᠭᠤᠷ ᠬᠠᠷᠭᠠᠨ᠎ᠠ ᠶᠢᠨ ᠭᠤᠤᠷᠰᠤ ᠲᠡᠭᠰᠢᠯᠡᠬᠦ ᠲᠤᠰᠬᠠᠢ ᠬᠡᠷᠡᠭᠯᠡᠭᠡᠨ ᠤ ᠮᠠᠰᠢᠨ ᠢ 7 ᠰᠠᠤᠷᠢ ᠦᠢᠯᠡᠳᠪᠦᠷᠢᠯᠡᠵᠦ ᠂ ᠬᠢᠲᠤᠭ᠎ᠠ ᠶᠢ ᠰᠣᠯᠢᠵᠤ ᠤᠭᠰᠠᠷᠠᠬᠤ ᠲᠤᠰᠬᠠᠢ ᠬᠡᠷᠡᠭᠯᠡᠭᠡᠨ ᠤ ᠮᠠᠰᠢᠨ ᠢ 40 ᠰᠠᠤᠷᠢ ᠥᠭᠡᠷᠡᠴᠢᠯᠡᠬᠦ ᠶᠢ ᠪᠡᠶᠡᠯᠡᠭᠦᠯᠵᠡᠢ ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠨᠠᠶᠢᠯᠵᠠᠭᠤᠷ ᠬᠠᠷᠭᠠᠨ᠎ᠠ ᠶᠢᠨ ᠭᠤᠤᠷᠰᠤ ᠲᠡᠭᠰᠢᠯᠡᠨ ᠬᠤᠷᠢᠶᠠᠬᠤ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠬᠥᠲᠥᠯᠪᠦᠷᠢ ᠶᠢ ᠨᠠᠶᠢᠷᠠᠭᠤᠯᠤᠨ ᠵᠣᠬᠢᠶᠠᠵᠤ᠂ ᠨᠠᠶᠢᠯᠵᠠᠭᠤᠷ ᠬᠠᠷᠭᠠᠨ᠎ᠠ ᠶᠢᠨ ᠭᠤᠤᠷᠰᠤ ᠲᠡᠭᠰᠢᠯᠡᠨ ᠬᠤᠷᠢᠶᠠᠬᠤ ᠮᠠᠰᠢᠨ ᠢ ᠲᠠᠷᠢᠶᠠᠯᠠᠩ ᠤᠨ ᠮᠠᠰᠢᠨ ᠤ ᠰᠢᠨ᠎ᠡ ᠦᠢᠯᠡᠳᠬᠦᠨ ᠤ ᠨᠥᠬᠦᠪᠦᠷᠢ ᠶᠢᠨ ᠬᠡᠪᠴᠢᠶᠡᠨ ᠳᠤ ᠣᠷᠣᠭᠤᠯᠵᠤ᠂ ᠬᠤᠳᠠᠯᠳᠤᠨ ᠠᠪᠬᠤ ᠭᠤᠣᠯ ᠴᠣᠭᠴᠠ ᠳᠤ ᠲᠠᠩ ᠮᠠᠰᠢᠨ ᠬᠤᠳᠠᠯᠳᠤᠨ ᠠᠪᠬᠤ ᠳᠤ ᠬᠠᠮᠤᠭ ᠤᠨ ᠥᠨᠳᠥᠷ ᠲᠡᠭᠡᠨ 6.5 ᠲᠦᠮᠡᠨ ᠲᠥᠭᠦᠷᠢᠭ ᠤᠨ ᠨᠥᠬᠦᠪᠦᠷᠢ ᠥᠭᠴᠦ᠂ ᠠᠵᠢᠯᠯᠠᠬᠤ ᠭᠤᠣᠯ ᠴᠣᠭᠴᠠ ᠶᠢᠨ ᠪᠡᠯᠡ ᠣᠷᠣᠭᠤᠯᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠪᠠ᠃ ᠭᠦᠶᠠᠩ ᠰᠢᠶᠠᠨ᠂ ᠳᠥᠷᠪᠡᠳ ᠬᠤᠰᠢᠭᠤ᠂ ᠬᠤᠷᠢᠨᠭᠡᠷ ᠰᠢᠶᠠᠨ᠂ ᠹᠧᠩᠵᠧᠨ ᠬᠤᠲᠠ ᠳᠤ 4 ᠤᠳᠠᠭᠠᠨ ᠤ ᠭᠤᠤᠷᠰᠤ ᠲᠡᠭᠰᠢᠯᠡᠬᠦ ᠠᠵᠢᠯ ᠤᠨ ᠲᠤᠬᠠᠢ ᠶᠢᠨ ᠲᠠᠯᠠᠪᠤᠷ ᠤᠨ ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠵᠦ᠂ ᠲᠤᠰᠬᠠᠢ ᠬᠡᠷᠡᠭᠯᠡᠭᠡᠨ ᠤ ᠮᠠᠰᠢᠨ ᠪᠠ ᠬᠢᠲᠤᠭ᠎ᠠ ᠶᠢᠨ ᠴᠢᠨᠠᠷ ᠴᠢᠨᠰᠠᠭ᠎ᠠ ᠶᠢ ᠲᠤᠬᠠᠢ ᠶᠢᠨ ᠭᠠᠵᠠᠷ ᠲᠤᠨᠢ ᠦᠨᠡᠯᠡᠨ ᠵᠢᠱᠢᠵᠦ ᠲᠡᠯᠭᠡᠷᠡᠭᠦᠯᠪᠡ ᠃ ᠨᠠᠶᠢᠯᠵᠠᠭᠤᠷ ᠬᠠᠷᠭᠠᠨ᠎ᠠ ᠶᠢᠨ ᠲᠥᠷᠥᠯ ᠵᠦᠢᠯ᠂ ᠣᠷᠴᠢᠨ ᠲᠣᠭᠤᠷᠢᠨ ᠤ ᠨᠥᠬᠦᠴᠡᠯ᠂ ᠤᠷᠭᠤᠴᠠ ᠶᠢᠨ ᠪᠠᠶᠢᠳᠠᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠤᠯᠪᠣᠭᠳᠠᠯ ᠪᠦᠬᠦᠢ ᠠᠵᠤ ᠠᠬᠤᠶᠢᠯᠠᠯ ᠢ ᠵᠢᠯᠣᠭᠤᠳᠤᠨ ᠬᠤᠷᠢᠨᠭᠡᠷ ᠰᠢᠶᠠᠨ᠂ ᠣᠩᠨᠢᠭᠤᠳ ᠬᠤᠰᠢᠭᠤ᠂ ᠳᠥᠷᠪᠡᠳ ᠬᠤᠰᠢᠭᠤ ᠵᠡᠷᠭᠡ ᠬᠤᠰᠢᠭᠤ ᠰᠢᠶᠠᠨ ᠳᠤ 5 ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠵᠤ᠂ ᠮᠠᠰᠢᠨ ᠪᠠᠭᠠᠵᠢ ᠶᠢᠨ ᠲᠠᠷᠢᠶᠠᠨ ᠭᠠᠵᠠᠷ ᠤᠨ ᠲᠤᠷᠰᠢᠯᠲᠠ ᠵᠢᠴᠢ ᠦᠵᠡᠭᠦᠯᠭᠡ ᠶᠢᠨ ᠠᠵᠢᠯᠯᠠᠭ᠎ᠠ ᠦᠷᠨᠢᠭᠦᠯᠪᠡ ᠃ ︽ ᠨᠠᠶᠢᠯᠵᠠᠭᠤᠷ ᠬᠠᠷᠭᠠᠨ᠎ᠠ ᠶᠢᠨ ᠭᠤᠤᠷᠰᠤ ᠲᠡᠭᠰᠢᠯᠡᠬᠦ ᠮᠠᠰᠢᠨ ᠤ ᠦᠢᠯᠡᠳᠬᠦᠨ ᠤ ᠨᠡᠷᠡᠰ ᠤᠨ ᠵᠢᠭᠰᠠᠭᠠᠯᠲᠠ ︾ ᠶᠢ ᠨᠡᠶᠢᠲᠡᠯᠡᠵᠦ ᠂ ᠬᠡᠷᠡᠭᠯᠡᠬᠦ ᠬᠡᠪᠴᠢᠶ᠎ᠡ ᠶᠢ ᠲᠣᠳᠣᠷᠬᠠᠢ ᠢᠯᠡᠷᠬᠡᠶᠢᠯᠡᠵᠦ ᠂ ᠡᠯ᠎ᠡ ᠭᠠᠵᠠᠷ ᠤᠨ ᠬᠢᠨ ᠢ ᠵᠢᠭᠠᠨ ᠵᠢᠯᠤᠭᠤᠳᠴᠤ ᠪᠠᠶᠢᠭᠠᠳ ᠬᠡᠷᠡᠭᠴᠡᠭᠡ ᠶᠢ ᠨᠢ ᠦᠨᠳᠦᠰᠦᠯᠡᠨ ᠤᠰᠤᠯᠠᠯᠲᠠ ᠶᠢᠨ ᠮᠠᠰᠢᠨ ᠵᠡᠷᠭᠡ ᠬᠡᠷᠡᠭᠯᠡᠭᠡᠨ ᠤ ᠮᠠᠰᠢᠨ ᠪᠠᠭᠠᠵᠢ ᠬᠤᠳᠠᠯᠳᠤᠨ ᠠᠪᠤᠭᠤᠯᠵᠤ ᠂ ᠨᠠᠯᠠᠤ ᠭᠠᠵᠠᠷ ᠂ ᠡᠯᠡᠰᠦᠷᠬᠡᠭ ᠭᠠᠵᠠᠷ ᠤᠨ ᠨᠠᠶᠢᠯᠵᠠᠭᠤᠷ ᠬᠠᠷᠭᠠᠨ᠎ᠠ ᠶᠢᠨ ᠠᠰᠢᠭᠯᠠᠯᠲᠠ ᠶᠢᠨ ᠨᠤᠷᠮ᠎ᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠪᠡ ᠃ ᠣᠳᠣᠬᠠᠨ ᠳᠤ᠂ ᠰᠣᠯᠢᠵᠤ ᠤᠭᠰᠠᠷᠠᠬᠤ ᠬᠢᠲᠤᠭᠠᠨ ᠤ ᠢᠯᠲᠠᠰᠤ ᠶᠢ ᠥᠭᠡᠷᠡᠴᠢᠯᠡᠬᠦ ᠲᠤᠰᠬᠠᠢ ᠬᠡᠷᠡᠭᠯᠡᠭᠡᠨ ᠤ ᠮᠠᠰᠢᠨ ᠢ ᠪᠥᠬᠦ ᠣᠷᠣᠨ ᠤ 7 ᠠᠶᠢᠮᠠᠭ ᠬᠤᠲᠠ ᠶᠢᠨ 15 ᠬᠤᠰᠢᠭᠤ ᠰᠢᠶᠠᠨ ᠳᠤ ᠪᠦᠷᠬᠦᠭᠦᠯᠵᠦ᠂ ᠬᠢᠲᠤᠭᠠᠨ ᠤ ᠢᠯᠲᠠᠰᠤᠨ ᠤ ᠨᠠᠶᠢᠳᠠᠪᠤᠷᠢᠲᠤ ᠴᠢᠨᠠᠷ᠂ ᠬᠡᠷᠡᠭᠯᠡᠭᠡᠨ ᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠷᠡᠭᠯᠡᠭᠡᠨ ᠤ ᠠᠮᠢ ᠨᠠᠰᠤ ᠶᠢ 800 ᠲᠣᠨ ᠠᠴᠠ ᠬᠠᠮᠤᠭ ᠤᠨ ᠥᠨᠳᠥᠷ ᠲᠡᠭᠡᠨ 1200 ᠲᠣᠨ ᠪᠣᠯᠭᠠᠨ ᠳᠡᠭᠡᠭᠰᠢᠯᠡᠭᠦᠯᠵᠦ᠂ ᠨᠠᠶᠢᠯᠵᠠᠭᠤᠷ ᠬᠠᠷᠭᠠᠨ᠎ᠠ ᠶᠢᠨ ᠭᠤᠤᠷᠰᠤ ᠲᠡᠭᠰᠢᠯᠡᠬᠦ ᠴᠢᠳᠠᠪᠤᠷᠢ ᠪᠠ ᠠᠵᠢᠯ ᠤᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号