ᠭᠠᠭ᠋ᠠᠢ ᠶᠢᠨ ᠲᠣᠷᠣᠢ ᠶᠢᠨ ᠠᠷᠠᠴᠢᠯᠠᠯᠲᠠ ᠬᠠᠮᠢᠶᠠᠷᠤᠯᠲᠠ
ᠨᠡᠶᠢᠲᠡᠯᠡᠭᠰᠡᠨ ᠴᠠᠭ᠄
2023/10/7
      ᠲᠣᠷᠣᠢ ᠭᠡᠵᠦ ᠶᠡᠷᠦ ᠳᠡᠭᠡᠨ ᠲᠤᠷᠤᠶᠢᠯᠠᠭᠰᠠᠨ ᠤ ᠳᠠᠷᠠᠭᠠᠬᠢ 70 ᠡᠳᠦᠷ ᠤᠨ ᠳᠣᠲᠤᠷᠠᠬᠢ ᠭᠠᠭ᠋ᠠᠢ ᠶᠢᠨ ᠲᠣᠷᠣᠢ ᠶᠢ ᠵᠢᠭᠠᠵᠤ ᠪᠣᠢ᠂ ᠬᠡᠷᠪᠡ ᠠᠷᠠᠴᠢᠯᠠᠵᠤ ᠳᠣᠳᠣᠮᠳᠠᠭᠰᠠᠨ ᠨᠢ ᠵᠣᠬᠢᠰ ᠦᠭᠡᠢ ᠪᠣᠯ ᠲᠣᠷᠣᠢ ᠶᠢᠨ ᠲᠤᠷᠤᠶᠢᠯᠠᠭᠰᠠᠨ ᠠᠴᠠ ᠠᠪᠤᠭᠠᠳ ᠠᠰᠢᠭᠯᠠᠯᠲᠠ ᠳᠤ ᠤᠷᠤᠭᠤᠯᠬᠤ ᠬᠦᠷᠲᠡᠯᠡᠬᠢ ᠬᠤᠭᠤᠴᠠᠭᠠᠨ ᠳᠤ ᠦᠬᠦᠬᠦ ᠨᠣᠷᠮ᠎ᠠ  ᠨᠢ ᠥᠨᠳᠥᠷ ᠪᠠᠶᠢᠵᠤ᠂ ᠶᠡᠷᠦ ᠳᠡᠭᠡᠨ 25% ᠳᠤ ᠬᠦᠷᠳᠡᠭ᠃ ᠰᠦ ᠠᠴᠠ ᠰᠠᠯᠤᠭᠰᠠᠨ ᠤ ᠳᠠᠷᠠᠭ᠎ᠠ ᠲᠣᠷᠣᠢ ᠶᠢᠨ ᠦᠬᠦᠯᠲᠡ ᠶᠢᠨ ᠨᠣᠷᠮ᠎ᠠ ᠨᠢ ᠲᠣᠷᠣᠢ ᠶᠢᠨ ᠲᠡᠵᠢᠭᠡᠬᠦ ᠳᠤ ᠡᠵᠡᠯᠡᠬᠦ ᠬᠠᠷᠢᠴᠠᠯ ᠨᠢ ᠬᠠᠷᠢᠴᠠᠩᠭᠤᠢ ᠪᠠᠷ ᠨᠡᠯᠢᠶᠡᠳ ᠦᠨᠳᠦᠷ ᠪᠠᠶᠢᠳᠠᠭ᠂ ᠲᠣᠷᠣᠢ ᠶᠢᠨ ᠡᠭᠡᠯᠢᠯᠡᠭᠡ ᠶᠢᠨ ᠰᠢᠰᠲ᠋ᠧᠮ ᠤᠨ ᠪᠤᠶᠢᠵᠢᠯᠲᠠ ᠨᠢ ᠪᠦᠷᠢᠨ ᠪᠤᠰᠤ᠂ ᠪᠡᠶ᠎ᠡ ᠮᠠᠬᠠᠪᠤᠳ ᠨᠢ ᠨᠡᠯᠢᠶᠡᠳ ᠬᠡᠪᠡᠷᠡᠭ ᠮᠥᠷᠲᠡᠭᠡᠨ ᠰᠦ ᠲᠠᠰᠤᠯᠬᠤ ᠪᠠ ᠢᠳᠡᠰᠢ ᠨᠡᠭᠡᠭᠡᠭᠰᠡᠨ ᠠᠴᠠ ᠪᠣᠯᠤᠭᠰᠠᠨ ᠪᠠᠴᠢᠮ ᠪᠠᠶᠢᠳᠠᠯ ᠢ ᠠᠷᠭᠠᠴᠠᠬᠤ ᠤᠷᠪᠠᠯ ᠠᠴᠠ ᠪᠣᠯᠵᠤ ᠦᠬᠦᠬᠦ ᠨᠣᠷᠮ᠎ᠠ ᠨᠢ ᠨᠡᠯᠢᠶᠡᠳ ᠥᠨᠳᠥᠷ ᠪᠠᠶᠢᠳᠠᠭ᠃      ᠲᠣᠷᠣᠢ ᠶᠢ ᠶᠡᠷᠦ ᠳᠡᠭᠡᠨ 7 — 14 ᠡᠳᠦᠷ ᠬᠥᠬᠦᠭᠦᠯᠦᠭᠰᠡᠨ ᠤ ᠳᠠᠷᠠᠭ᠎ᠠ ᠡᠬᠢᠯᠡᠨ ᠲᠡᠵᠢᠭᠡᠯ  ᠨᠦᠬᠦᠪᠦᠷᠢᠯᠡᠨ᠎ᠡ᠂ ᠰᠢᠮ᠎ᠡ ᠲᠡᠵᠢᠭᠡᠯ ᠡᠯᠪᠡᠭ ᠲᠣᠷᠣᠢ ᠶᠢᠨ ᠲᠡᠵᠢᠭᠡᠯ ᠨᠥᠬᠦᠪᠦᠷᠢᠯᠡᠵᠦ᠂ ᠲᠡᠵᠢᠭᠡᠯ ᠨᠥᠬᠦᠪᠦᠷᠢᠯᠡᠬᠦ ᠳᠡᠭᠡᠨ ᠠᠯᠬᠤᠮ ᠳᠠᠷᠠᠭ᠎ᠠ ᠲᠠᠢ ᠪᠠᠷ ᠬᠢᠬᠦ ᠬᠡᠷᠡᠭᠲᠡᠢ᠂ ᠭᠡᠨᠡᠳᠲᠡ ᠰᠦ ᠠᠴᠠ ᠨᠢ ᠵᠣᠭᠰᠣᠭᠠᠵᠤ ᠪᠣᠯᠬᠤ ᠦᠭᠡᠢ᠃ ᠲᠣᠷᠣᠢ ᠶᠢᠨ ᠰᠦ ᠲᠠᠰᠤᠯᠬᠤ ᠳᠤ ᠨᠢᠭᠡ ᠭᠠᠷᠠᠭ ᠤᠨ ᠣᠷᠴᠢᠮ ᠢᠶᠠᠷ ᠵᠣᠬᠢᠬᠤ ᠬᠡᠮᠵᠢᠶᠡᠨ ᠤ  ᠰᠦ ᠣᠷᠤᠯᠠᠭᠤᠯᠬᠤ ᠡᠳ᠋ ᠢ ᠲᠡᠵᠢᠭᠡᠵᠦ᠂ ᠰᠦ ᠵᠣᠭᠰᠤᠭᠠᠬᠤ ᠰᠡᠷᠡᠯᠲᠡ ᠠᠴᠠ ᠪᠣᠯᠵᠤ ᠲᠣᠷᠣᠢ ᠶᠢᠨ ᠢᠳᠡᠭᠡᠨ ᠤ ᠳᠤᠷᠠᠰᠢᠯ ᠢ ᠪᠠᠭᠤᠷᠠᠭᠤᠯᠬᠤ ᠠᠴᠠ ᠰᠡᠷᠭᠡᠶᠢᠯᠡᠨ᠎ᠡ᠃ ᠲᠡᠵᠢᠭᠡᠯ ᠨᠥᠬᠦᠬᠦ ᠦᠶ᠎ᠡ ᠳᠤ ᠲᠣᠭᠲᠠᠭᠰᠠᠨ ᠴᠠᠭ ᠲᠠᠢ ᠲᠡᠵᠢᠭᠡᠬᠦ  ᠨᠢ ᠮᠠᠰᠢ ᠴᠢᠬᠤᠯᠠ᠂ ᠲᠣᠭᠲᠠᠭᠰᠠᠨ ᠴᠠᠭ ᠲᠠᠢ ᠲᠣᠭᠲᠠᠭᠰᠠᠨ ᠬᠡᠮᠵᠢᠶ᠎ᠡ ᠲᠠᠢ ᠰᠦ ᠠᠴᠠ ᠪᠠᠨ   ᠵᠣᠭᠰᠤᠭᠰᠠᠨ ᠲᠣᠷᠣᠢ ᠶᠢᠨ ᠢᠳᠡᠰᠢ ᠠᠪᠬᠤ ᠳᠤ ᠬᠠᠪᠰᠤᠷᠴᠤ᠂ ᠹᠢᠽᠢᠣᠯᠣᠭᠢ ᠶᠢᠨ ᠪᠤᠯᠵᠤᠯᠲᠤ ᠣᠶᠢᠯᠲᠠ ᠶᠢ ᠪᠣᠢ ᠪᠣᠯᠭᠠᠨ᠎ᠠ᠃ ᠡᠩ ᠤᠨ ᠪᠠᠶᠢᠳᠠᠯ ᠳᠤ ᠡᠳᠦᠷ ᠲᠤ 5 — 6 ᠤᠳᠠᠭ᠎ᠠ ᠲᠡᠵᠢᠭᠡᠵᠦ᠂ ᠨᠢᠭᠡ ᠭᠠᠷᠠᠭ ᠤᠨ ᠳᠠᠷᠠᠭ᠎ᠠ ᠲᠣᠷᠣᠢ ᠨᠢ ᠰᠦ ᠠᠴᠠ ᠪᠠᠨ ᠵᠣᠭᠰᠤᠵᠤ ᠠᠶᠠᠨᠳᠠᠭᠠᠨ ᠢᠳᠡᠳᠡᠭ᠃ ᠨᠢᠭᠡ ᠭᠠᠷᠠᠭ ᠣᠷᠴᠢᠮ ᠤᠨ ᠵᠣᠬᠢᠴᠠᠯ ᠤᠨ ᠲᠣᠬᠢᠷᠠᠭᠤᠯᠤᠯᠲᠠ ᠶᠢᠨ ᠬᠤᠭᠤᠴᠠᠭ᠎ᠠ ᠶᠢ ᠥᠩᠭᠡᠷᠡᠭᠡᠭᠡᠳ᠂ ᠰᠦᠨ ᠪᠣᠷᠳᠣᠭᠠᠨ ᠤ ᠣᠷᠤᠯᠠᠭᠤᠯᠤᠯᠲᠠ ᠶᠢ ᠠᠭᠠᠵᠢᠮ ᠢᠶᠠᠷ ᠲᠣᠷᠣᠢ ᠶᠢᠨ ᠲᠡᠵᠢᠭᠡᠯ ᠪᠣᠷᠳᠤᠭ᠎ᠠ ᠪᠠᠷ ᠰᠣᠯᠢᠵᠤ᠂ ᠲᠣᠷᠣᠢ ᠶᠢᠨ ᠢᠳᠡᠰᠢᠯᠡᠬᠦ ᠬᠡᠮᠵᠢᠶ᠎ᠡ ᠶᠢ ᠡᠵᠡᠮᠳᠡᠵᠦ ᠪᠣᠯᠣᠨ᠎ᠠ᠂ ᠵᠠᠷᠴᠢᠮ ᠳᠡᠭᠡᠷ᠎ᠡ ᠪᠠᠨ ᠲᠣᠷᠣᠢ ᠶᠢᠨ ᠡᠳᠦᠷ ᠪᠦᠷᠢ ᠶᠢᠨ ᠲᠡᠵᠢᠭᠡᠬᠦ ᠬᠡᠮᠵᠢᠶ᠎ᠡ ᠨᠢ 125g ᠪᠣᠯᠣᠨ᠎ᠠ᠃ ᠰᠦ ᠠᠴᠠ ᠪᠠᠨ   ᠵᠣᠭᠰᠤᠭᠰᠠᠨ ᠲᠣᠷᠣᠢ ᠳᠤ ᠠᠮᠠᠷᠬᠠᠨ ᠶᠣᠯᠬᠤᠳᠠᠰᠤ ᠭᠠᠷᠳᠠᠭ᠂ ᠡᠶᠢᠮᠦ ᠠᠴᠠ ᠭᠠᠭ᠋ᠠᠢ ᠲᠡᠵᠢᠭᠡᠬᠦ ᠲᠠᠯᠠᠪᠠᠢ ᠨᠢ ᠥᠪᠡᠷ ᠤᠨ ᠲᠠᠯᠠᠪᠤᠷ ᠤᠨ ᠢᠶᠠᠨ ᠪᠣᠳᠠᠲᠤ ᠪᠠᠶᠢᠳᠠᠯ ᠢ ᠦᠨᠳᠦᠰᠦᠯᠡᠨ ᠪᠠᠺᠲ᠋ᠧᠷᠢ ᠡᠰᠡᠷᠭᠦᠴᠡᠬᠦ ᠡᠮ ᠢ ᠵᠣᠬᠢᠬᠤ ᠬᠡᠮᠵᠢᠶ᠎ᠡ ᠪᠠᠷ ᠨᠡᠮᠡᠵᠦ᠂ ᠲᠣᠷᠣᠢ ᠶᠢᠨ ᠶᠣᠯᠬᠤᠳᠠᠰᠤ ᠡᠭᠦᠰᠬᠦ ᠶᠢ ᠰᠡᠷᠭᠡᠶᠢᠯᠡᠨ᠂ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠵᠦ ᠪᠣᠯᠣᠨ᠎ᠠ᠃      ᠲᠣᠷᠣᠢ ᠶᠢ ᠲᠡᠵᠢᠭᠡᠨ ᠠᠷᠠᠴᠢᠯᠠᠬᠤ ᠪᠣᠯ ᠭᠠᠭ᠋ᠠᠢ ᠲᠡᠵᠢᠭᠡᠬᠦ ᠦᠢᠯᠡᠳᠪᠦᠷᠢᠯᠡᠯ ᠤᠨ ᠳᠤᠮᠳᠠᠬᠢ ᠨᠢᠭᠡᠨ ᠴᠢᠬᠤᠯᠠ ᠵᠠᠩᠭᠢᠯᠠᠭ᠎ᠠ ᠮᠥᠨ᠂ ᠲᠣᠷᠣᠢ ᠶᠢ ᠨᠠᠷᠢᠨ ᠨᠢᠮᠪᠠᠢ ᠰᠠᠶᠢᠲᠤᠷ ᠬᠠᠮᠢᠶᠠᠷᠬᠤ ᠪᠣᠯ ᠲᠣᠷᠣᠢ ᠶᠢᠨ ᠦᠬᠦᠬᠦ ᠨᠣᠷᠮ᠎ᠠ ᠶᠢ ᠪᠠᠭᠠᠰᠬᠠᠵᠤ᠂ ᠭᠠᠭ᠋ᠠᠢ ᠲᠡᠵᠢᠭᠡᠬᠦ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ ᠶᠢᠨ ᠴᠢᠬᠤᠯᠠ ᠪᠠᠲᠤᠯᠠᠭ᠎ᠠ ᠮᠥᠨ᠃ ᠲᠣᠷᠣᠢ ᠶᠢ ᠲᠥᠷᠥᠭᠰᠡᠨ ᠤ ᠳᠠᠷᠠᠭᠠᠬᠢ ᠬᠠᠮᠢᠶᠠᠷᠤᠯᠲᠠ ᠶᠢᠨ ᠠᠵᠢᠯ ᠨᠢ ᠳᠠᠭᠠᠵᠤ ᠠᠮᠵᠢᠬᠤ ᠦᠭᠡᠢ᠂ ᠣᠨᠴᠠᠭᠠᠶᠢᠯᠠᠨ ᠰᠠᠶ᠋ᠢ ᠲᠥᠷᠥᠭᠰᠡᠨ ᠪᠠ ᠪᠠᠭᠤᠷᠠᠢ ᠲᠣᠷᠣᠢ ᠶᠢᠨ ᠬᠠᠮᠢᠶᠠᠷᠤᠯᠲᠠ ᠨᠢ ᠵᠣᠬᠢᠰ ᠦᠭᠡᠢ ᠪᠣᠯ ᠠᠮᠠᠷᠬᠠᠨ ᠬᠥᠯᠳᠡᠬᠦ᠂ ᠭᠢᠰᠬᠢᠬᠦ᠂ ᠰᠢᠷᠬᠠᠲᠤᠬᠤ᠂ ᠳᠠᠷᠤᠭᠳᠠᠵᠤ ᠰᠢᠷᠬᠠᠲᠤᠬᠤ ᠪᠠ ᠡᠪᠡᠳᠴᠢᠯᠡᠵᠦ ᠦᠬᠦᠬᠦ ᠵᠡᠷᠭᠡ ᠦᠵᠡᠭᠳᠡᠯ ᠭᠠᠷᠤᠨ᠎ᠠ᠃ ᠡᠶᠢᠮᠦ ᠠᠴᠠ ᠲᠣᠷᠣᠢ ᠶᠢᠨ ᠲᠡᠵᠢᠭᠡᠪᠦᠷᠢ ᠶᠢᠨ ᠬᠠᠮᠢᠶᠠᠷᠤᠯᠲᠠ ᠶᠢᠨ ᠠᠵᠢᠯ ᠢ ᠴᠢᠬᠤᠯᠠᠴᠢᠯᠠᠵᠤ᠂ ᠲᠡᠵᠢᠭᠡᠪᠦᠷᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠠᠴᠠ ᠭᠠᠳᠠᠨ᠎ᠠ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠲᠤᠬᠠᠢ ᠶᠢᠨ ᠭᠠᠵᠠᠷ ᠤᠨ ᠬᠢᠵᠢᠭ ᠡᠪᠡᠳᠴᠢᠨ ᠤ ᠳᠡᠯᠭᠡᠷᠡᠬᠦ ᠪᠠᠶᠢᠳᠠᠯ ᠳᠤ ᠴᠢᠭᠯᠡᠭᠦᠯᠦᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠡᠭᠡᠯᠢᠯᠡᠭᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠲᠣᠭᠲᠠᠭᠰᠠᠨ ᠴᠠᠭ ᠲᠤ ᠨᠢ ᠲᠣᠭᠲᠠᠭᠰᠠᠨ ᠬᠤᠭᠤᠴᠠᠭ᠎ᠠ ᠲᠠᠢ ᠪᠠᠷ ᠡᠭᠡᠯᠢᠯᠭᠡᠵᠢᠭᠦᠯᠦᠨ ᠰᠡᠷᠭᠡᠶᠢᠯᠡᠬᠦ ᠬᠡᠷᠡᠭᠲᠡᠢ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号