ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ
ᠨᠡᠶᠢᠲᠡᠯᠡᠭᠰᠡᠨ ᠴᠠᠭ᠄
2023/10/9
     ᠭᠤᠣᠯ ᠡᠭᠦᠷᠭᠡ ᠴᠢᠳᠠᠪᠬᠢ᠄      ᠨᠢᠭᠡ ᠳᠤ ︽ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠲᠤᠬᠠᠶ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠲᠣᠭᠲᠠᠭᠠᠬᠤ ᠳᠤ ᠳᠡᠮᠵᠢᠯᠭᠡ ᠶᠢᠨ ᠪᠠᠲᠤᠯᠠᠭ᠎ᠠ ᠬᠠᠩᠭᠠᠨ᠎ᠠ᠃      ᠬᠤᠶᠠᠷ ᠲᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠢ ᠬᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠦᠯᠦᠪᠯᠡᠨ ᠠᠬᠢᠭᠤᠯᠵᠤ᠂ ᠲᠠᠷᠢᠮᠠᠯ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠲᠡᠵᠢᠭᠡᠯ ᠡᠪᠡᠰᠦ ᠪᠣᠷᠳᠤᠭ᠎ᠠ᠂ ᠦᠷ᠎ᠡ ᠶᠢᠨ ᠦᠶᠯᠡᠰ᠂ ᠲᠠᠷᠢᠶᠠᠯᠠᠩ ᠤᠨ ᠮᠠᠰᠢᠨ᠂ ᠠᠲᠠᠷ ᠬᠠᠭᠠᠯᠪᠤᠷᠢᠯᠠᠯᠲᠠ᠂ ᠬᠥᠳᠡᠭᠡ ᠲᠣᠰᠬᠤᠨ ᠤ ᠠᠵᠤ ᠦᠶᠯᠡᠰ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠬᠠᠪᠰᠤᠷᠤᠮᠵᠢ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠪᠠᠷᠢᠮᠵᠢᠶ᠎ᠠ᠂ ᠮᠡᠷᠭᠡᠵᠢᠯ ᠤᠨ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠵᠡᠷᠭᠡ ᠶᠢ ᠲᠤᠭᠤᠷᠪᠢᠨ ᠲᠣᠭᠲᠠᠭᠠᠬᠤ ᠬᠠᠮᠢᠶ᠎ᠠ ᠪᠦᠬᠦᠢ ᠠᠵᠢᠯ ᠳᠤ ᠣᠷᠣᠯᠴᠠᠨ᠎ᠠ᠃      ᠭᠤᠷᠪᠠ ᠳᠤ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠤᠯ ᠪᠣᠯᠤᠨ ᠮᠡᠷᠭᠡᠵᠢᠯ ᠳᠡᠯᠭᠡᠷᠡᠭᠦᠯᠬᠦ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠲᠤᠭ᠎ᠠ ᠪᠠᠷᠢᠮᠲᠠ ᠶᠢ ᠬᠢᠨᠠᠨ ᠬᠡᠮᠵᠢᠬᠦ᠂ ᠵᠠᠳᠠᠯᠬᠤ᠂ ᠬᠡᠷᠡᠭᠯᠡᠬᠦ ᠵᠡᠷᠭᠡ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠳᠤ ᠮᠡᠷᠭᠡᠵᠢᠯ ᠤᠨ ᠪᠠᠲᠤᠯᠠᠭ᠎ᠠ ᠬᠠᠩᠭᠠᠨ᠎ᠠ᠃      ᠳᠥᠷᠪᠡ ᠳᠤ ᠤᠷᠭᠤᠮᠠᠯ ᠤᠨ ᠬᠢᠵᠢᠭ ᠪᠠᠶᠢᠴᠠᠭᠠᠬᠤ᠂ ᠲᠠᠷᠢᠮᠠᠯ ᠤᠨ ᠡᠪᠡᠳᠴᠢᠨ ᠬᠤᠷᠣᠬᠠᠶ ᠡᠪᠡᠰᠦ ᠬᠤᠯᠤᠭᠠᠨ᠎ᠠ ᠶᠢᠨ ᠬᠥᠨᠥᠭᠡᠯ ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ᠂ ᠤᠰᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠡᠭᠦᠷᠭᠡᠯᠡᠨ᠎ᠡ︔ ᠡᠭᠦᠯᠳᠡᠷ ᠤᠨ ᠲᠤᠷᠰᠢᠯᠲᠡ ᠬᠢᠬᠦ᠂ ᠡᠭᠦᠯᠳᠡᠷ ᠰᠣᠩᠭᠤᠨ ᠪᠣᠶᠢᠵᠢᠭᠤᠯᠬᠤ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠢ ᠥᠷᠨᠢᠭᠦᠯᠵᠦ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠠᠵᠢᠯ ᠳᠤ ᠣᠷᠣᠯᠴᠠᠨ᠎ᠠ︔ ᠭᠧᠨ ᠰᠢᠯᠵᠢᠭᠦᠯᠬᠦ ᠶᠢ ᠬᠢᠨᠠᠨ ᠬᠠᠮᠢᠶᠠᠷᠬᠤ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠨ᠎ᠡ︔ ᠨᠠᠨ ᠹᠠᠨ ᠰᠠᠭᠤᠷᠢᠨ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ᠲᠠᠪᠤ ᠳᠤ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠯᠲᠠ ᠪᠣᠯᠤᠨ ᠠᠵᠢᠯ ᠲᠥᠷᠥᠯ  ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ︔ ᠪᠡᠯᠡᠳᠬᠡᠮᠵᠢᠲᠦ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤᠰᠤᠨ ᠭᠠᠷᠤᠯᠲᠠ ᠶᠢ ᠡᠳ᠋ᠰᠢᠯᠡᠭᠦᠯᠦᠨ ᠪᠣᠯᠪᠠᠰᠤᠷᠠᠭᠤᠯᠬᠤ ᠪᠠ ᠣᠨᠴᠠᠯᠢᠭᠲᠤ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠭᠡ ᠬᠠᠩᠭᠠᠨ᠎ᠠ︔ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ  ᠤᠨ ᠣᠷᠣᠨ ᠤ ᠬᠤᠪᠢᠶᠠᠷᠢᠯᠠᠯ ᠪᠠ ᠠᠯᠤᠰ ᠰᠡᠷᠡᠯ ᠤᠨ ᠬᠢᠨᠠᠨ ᠬᠡᠮᠵᠢᠯᠲᠡ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠮᠠᠯᠵᠢᠬᠤ ᠣᠷᠣᠨ ᠤ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ᠂ ᠲᠠᠷᠢᠶᠠᠯᠠᠩ ᠮᠠᠯ ᠬᠢᠭᠡᠳ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢᠨ ᠪᠠᠶᠢᠭᠤᠯᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃      ᠵᠢᠷᠭᠤᠭ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠬᠠᠷᠢᠶ᠎ᠠ ᠪᠦᠬᠦᠢ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠂ ᠪᠠᠶᠢᠭᠤᠯᠤᠮᠵᠢ  ᠶᠢᠨ ᠬᠡᠪᠴᠢᠶ᠎ᠡ ᠨᠢ ᠳᠡᠳ᠋ ᠲᠢᠩᠬᠢᠮ ᠤᠨ ᠳᠡᠰ ᠲᠠᠢ ᠲᠡᠩᠴᠡᠨ᠎ᠡ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠠᠵᠢᠯᠲᠠᠨ ᠤ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠨᠠᠮ  ᠤᠨ ᠪᠠᠶᠢᠭᠤᠯᠤᠯᠲᠠ ᠶᠢᠨ ᠠᠵᠢᠯ ᠤᠨ ᠭᠠᠵᠠᠷ᠂ ᠠᠮᠤ ᠪᠤᠳᠠᠭ᠎ᠠ ᠲᠣᠰᠣᠨ ᠤ ᠲᠠᠷᠢᠮᠠᠯ ᠤᠨ ᠮᠡᠷᠭᠡᠵᠢᠯ ᠤᠨ ᠭᠠᠵᠠᠷ᠂ ᠤᠷᠭᠤᠮᠠᠯ ᠬᠠᠮᠠᠭᠠᠯᠠᠬᠤ ᠤᠷᠭᠤᠮᠠᠯ ᠪᠠᠶᠢᠴᠠᠭᠠᠬᠤ ᠭᠠᠵᠠᠷ᠂ ᠬᠥᠷᠥᠰᠥ ᠰᠢᠷᠣᠶ ᠪᠣᠷᠳᠣᠭᠤᠷ ᠪᠣᠯᠤᠨ ᠤᠰᠤ ᠠᠷᠪᠢᠯᠠᠬᠤ ᠲᠠᠷᠢᠶᠠᠯᠠᠩ ᠤᠨ ᠮᠡᠷᠭᠡᠵᠢᠯ ᠤᠨ ᠭᠠᠵᠠᠷ᠂ ᠠᠵᠤ ᠠᠬᠤᠶ ᠶᠢᠨ ᠲᠠᠷᠢᠮᠠᠯ ᠤᠨ ᠮᠡᠷᠭᠡᠵᠢᠯ ᠤᠨ ᠭᠠᠵᠠᠷ᠂ ᠮᠠᠯ ᠠᠵᠤ ᠠᠬᠤᠶ ᠶᠢᠨ ᠮᠡᠷᠭᠡᠵᠢᠯ ᠤᠨ ᠭᠠᠵᠠᠷ᠂ ᠰᠦ ᠶᠢᠨ ᠦᠢᠯᠡᠰ ᠤᠨ ᠮᠡᠷᠭᠡᠵᠢᠯ ᠤᠨ ᠭᠠᠵᠠᠷ᠂ ᠲᠡᠵᠢᠭᠡᠯ ᠪᠣᠷᠳᠤᠭ᠎ᠠ ᠲᠡᠵᠢᠭᠡᠯ ᠡᠪᠡᠰᠦᠨ ᠤ ᠮᠡᠷᠭᠡᠵᠢᠯ ᠤᠨ ᠭᠠᠵᠠᠷ᠂ ᠤᠰᠤᠨ ᠭᠠᠷᠤᠯᠲᠠ ᠶᠢᠨ ᠮᠡᠷᠭᠡᠵᠢᠯ ᠤᠨ ᠭᠠᠵᠠᠷ᠂ ᠦᠷ᠎ᠡ ᠶᠢᠨ ᠦᠢᠯᠡᠰ ᠤᠨ ᠬᠥᠭᠵᠢᠯᠲᠡ ᠶᠢᠨ ᠭᠠᠵᠠᠷ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠠᠵᠤ ᠠᠬᠤᠶ ᠶᠢᠨ ᠬᠥᠭᠵᠢᠯᠲᠡ ᠶᠢᠨ ᠭᠠᠵᠠᠷ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠭᠠᠵᠠᠷ᠂ ᠰᠢᠶᠠᠩ ᠲᠣᠰᠬᠤᠨ  ᠤ ᠠᠵᠤ ᠦᠢᠯᠡᠰ ᠢ ᠲᠦᠯᠬᠢᠨ ᠠᠬᠢᠭᠤᠯᠬᠤ ᠭᠠᠵᠠᠷ᠂ ᠡᠬᠢ ᠪᠠᠶᠠᠯᠢᠭ ᠤᠨ ᠣᠷᠣᠨ ᠤ ᠬᠤᠪᠢᠶᠠᠷᠢᠯᠠᠯ ᠤᠨ ᠭᠠᠵᠠᠷ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠭᠠᠵᠠᠷ᠂ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠳ ᠤᠨ ᠠᠵᠢᠯ ᠤᠨ ᠭᠠᠵᠠᠷ᠃       ᠬᠠᠷᠢᠭᠤᠴᠠᠯᠭᠠᠲᠠᠨ᠄ ᠬᠤ᠋ ᠶᠢᠤ ᠯᠢᠨ      ᠤᠲᠠᠰᠤ᠄ 0471 - 5163285      ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠣᠷᠳᠣᠰ ᠵᠡᠭᠦᠨ ᠵᠡᠭᠡᠯᠢ ᠶᠢᠨ ᠱᠠᠩ ᠳ᠋ᠦᠩ ᠣᠯᠠᠨ ᠤᠯᠤᠰ ᠤᠨ 2 ᠳ᠋ᠤᠭᠠᠷ ᠨᠣᠮᠧᠷᠲᠦ ᠠᠰᠠᠷ ᠤᠨ 1212 ᠲᠠᠰᠤᠭ       ᠠᠵᠢᠯᠯᠠᠬᠤ ᠴᠠᠭ᠄  8᠄ 30 ︱ 12᠄ 00᠂ 14᠄ 30 ︱ 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号