ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ
ᠨᠡᠶᠢᠲᠡᠯᠡᠭᠰᠡᠨ ᠴᠠᠭ᠄
2023/10/9
     ᠭᠤᠣᠯ ᠡᠭᠦᠷᠭᠡ ᠴᠢᠳᠠᠪᠬᠢ᠄      ᠨᠢᠭᠡ ᠳᠤ ᠲᠢᠩᠬᠢᠮ ᠤᠨ ᠰᠢᠰᠲ᠋ᠧᠮ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠡᠳ᠋ ᠤᠨ ᠶᠠᠪᠤᠳᠠᠯ ᠵᠢᠴᠢ ᠲᠥᠷᠥᠯ ᠵᠦᠶᠯ ᠤᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠪᠠᠲᠤᠯᠠᠭ᠎ᠠ ᠶᠢᠨ ᠠᠵᠢᠯ ᠢ ᠬᠠᠮᠵᠢᠨ ᠥᠷᠨᠢᠭᠦᠯᠦᠨ᠎ᠡ᠃      ᠬᠤᠶᠠᠷ ᠲᠤ ᠲᠢᠩᠬᠢᠮ ᠤᠨ ᠪᠠᠶᠢᠭᠤᠯᠭ᠎ᠠ ᠶᠢᠨ ᠰᠣᠨᠢᠨ ᠮᠡᠳᠡᠭᠡᠨ ᠤ ᠤᠬᠠᠭᠤᠯᠭ᠎ᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠡᠳᠦᠷ ᠲᠤᠲᠤᠮ ᠤᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃      ᠭᠤᠷᠪᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠫᠤᠷᠲ᠋ᠧᠯ ᠰᠦᠯᠵᠢᠶᠡᠨ ᠤ ᠮᠡᠳᠡᠭᠡ ᠵᠠᠩᠭᠢ ᠴᠤᠭᠯᠠᠭᠤᠯᠬᠤ᠂ ᠵᠠᠳᠠᠯᠬᠤ᠂ ᠨᠡᠶᠢᠲᠡᠯᠡᠬᠦ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠶᠯᠡᠴᠢᠯᠡᠭᠡᠨ ᠤ ᠲᠠᠪᠴᠠᠩ ᠤᠨ ᠡᠳᠦᠷ ᠲᠤᠲᠤᠮ ᠤᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃      ᠳᠥᠷᠪᠡ ᠳᠤ ᠲᠢᠩᠬᠢᠮ ᠤᠨ ᠪᠠᠶᠢᠭᠤᠯᠭ᠎ᠠ ᠶᠢᠨ ᠠᠷᠤ ᠲᠠᠯ᠎ᠠ ᠶᠢᠨ ᠦᠶᠯᠡᠴᠢᠯᠡᠭᠡᠨ ᠤ ᠪᠠᠲᠤᠯᠠᠭ᠎ᠠ᠂ ᠠᠮᠤᠷ ᠲᠦᠪᠰᠢᠨ ᠤ ᠬᠠᠮᠠᠭᠠᠯᠠᠯᠲᠠ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠶᠡᠷᠦᠩᠬᠡᠶᠢᠯᠡᠨ ᠵᠠᠰᠠᠬᠤ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃      ᠲᠠᠪᠤ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢᠡᠭᠦᠷᠭᠡᠯᠡᠨ᠎ᠡ᠃      ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ  ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠃      ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠤᠬᠠᠭᠤᠯᠬᠤ ᠰᠠᠯᠠᠭ᠎ᠠ᠂ ᠡᠳ᠋ ᠤᠨ ᠶᠠᠪᠤᠳᠠᠯ ᠤᠨ ᠰᠠᠯᠠᠭ᠎ᠠ᠂ ᠡᠳ᠋ ᠬᠥᠷᠥᠩᠭᠡ ᠶᠢᠨ ᠰᠠᠯᠠᠭ᠎ᠠ᠂ ᠮᠡᠳᠡᠭᠡ ᠵᠠᠩᠭᠢ ᠶᠢᠨ ᠰᠠᠯᠠᠭ᠎ᠠ᠂ ᠵᠠᠰᠠᠭ ᠤᠨ ᠶᠠᠪᠤᠳᠠᠯ ᠤᠨ ᠪᠠᠲᠤᠯᠠᠭ᠎ᠠ ᠶᠢᠨ ᠰᠠᠯᠠᠭ᠎ᠠ᠂ ᠳᠠᠩᠰᠠ ᠡᠪᠬᠡᠮᠡᠯ ᠤᠨ ᠰᠠᠯᠠᠭ᠎ᠠ᠂ ᠠᠷᠤ ᠲᠠᠯ᠎ᠠ ᠶᠢᠨ ᠠᠵᠢᠯ ᠤᠨ ᠰᠠᠯᠠᠭ᠎ᠠ᠂ ︽12316︾ ᠦᠢᠯᠡᠴᠢᠯᠡᠭᠡᠨ ᠤ ᠰᠠᠯᠠᠭ᠎ᠠ᠃      ᠠᠵᠢᠯᠲᠠᠨ ᠤ ᠣᠷᠣᠨ ᠲᠤᠭ᠎ᠠ ᠬᠢᠭᠡᠳ ᠠᠵᠢᠯᠲᠠᠨ ᠤ ᠪᠦᠲᠦᠴᠡ᠄ ᠠᠵᠢᠯ ᠦᠢᠯᠡᠰ ᠤᠨ ᠣᠷᠣᠨ ᠲᠤᠭ᠎ᠠ ᠶᠢ 78 ᠨᠡᠷᠡᠰ ᠬᠢᠨᠠᠨ ᠲᠣᠭᠲᠠᠭᠠᠪᠠ᠃      ᠤᠳᠤᠷᠢᠳᠬᠤ ᠲᠤᠰᠢᠶᠠᠯ ᠤᠨ ᠲᠤᠭ᠎ᠠ᠄ ᠭᠠᠵᠠᠷ ᠤᠨ ᠳᠡᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 4  ᠨᠡᠷᠡᠰ ︵1 ᠵᠢᠩᠬᠢᠨᠢ 3 ᠳᠡᠳ᠋︶᠂ ᠰᠠᠯᠠᠭ᠎ᠠ ᠲᠠᠰᠤᠭ ᠤᠨ ᠤᠳᠤᠷᠢᠳᠬᠤ ᠲᠤᠰᠢᠶᠠᠯ ᠤᠨ ᠲᠤᠭ᠎ᠠ ᠶᠢ 17 ᠨᠡᠷᠡᠰ ︵9 ᠵᠢᠩᠬᠢᠨᠢ 8 ᠳᠡᠳ᠋︶ ᠢ ᠬᠢᠨᠠᠨ ᠲᠣᠭᠲᠠᠭᠠᠪᠠ᠃      ᠵᠠᠷᠤᠳᠠᠯ ᠤᠨ ᠢᠷᠡᠯᠲᠡ᠄ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠨ᠎ᠡ᠃      ᠬᠠᠷᠢᠭᠤᠴᠠᠯᠭᠠᠲᠠᠨ᠄ ᠶᠠᠩ ᠶᠦᠩ ᠬᠠᠶ      ᠤᠲᠠᠰᠤ᠄ 0471 - 6652118      ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ  ᠤᠨ ᠠᠯᠪᠠᠨ ᠠᠰᠠᠷ ᠤᠨ 309 ᠲᠠᠰᠤᠭ      ᠠᠵᠢᠯᠯᠠᠬᠤ ᠴᠠᠭ᠄ 08᠄ 30 - 12᠄ 00    14᠄ 30 - 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号