10 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠡᠪᠡᠰᠦᠨ ᠤ ᠠᠵᠤ ᠦᠢᠯᠡᠰ ᠤᠨ | ᠲᠦᠷᠦᠭᠦᠴᠦᠳ ᠤᠨ ᠶᠠᠷᠢᠶᠠᠨ ᠤ ᠲᠠᠪᠴᠠᠩ ᠬᠥᠬᠡᠬᠤᠲᠠ ᠳᠤ ᠶᠠᠪᠤᠭᠳᠠᠪᠠ᠃ ᠲᠤᠰ ᠤᠳᠠᠭ᠎ᠠ ᠶᠢᠨ ᠶᠠᠷᠢᠶᠠᠨ ᠤ | ᠲᠠᠪᠴᠠᠩ ᠨᠢ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯᠲᠠᠳ ᠤᠨ ᠥᠪᠥᠷ ᠮᠣᠩᠭᠤᠯ ᠳᠤ ᠰᠢᠨᠵᠢᠯᠡᠬᠦ | ᠤᠬᠠᠭᠠᠨ ᠤ ᠰᠤᠳᠤᠯᠭᠠᠨ ᠬᠢᠬᠦ᠂ ᠬᠠᠮᠲᠤᠷᠠᠯᠴᠠᠭ᠎ᠠ ᠶᠢ ᠠᠬᠢᠭᠤᠯᠬᠤ ᠳᠤ ᠲᠠᠪᠴᠠᠩ ᠪᠠᠶᠢᠭᠤᠯᠵᠤ ᠥᠭᠴᠡᠢ᠃ ᠶᠠᠷᠢᠶᠠᠨ ᠤ | ᠲᠠᠪᠴᠠᠩ ᠳᠡᠭᠡᠷ᠎ᠡ᠂ ᠠᠺᠠᠳᠧᠮᠢᠴᠢ ᠵᠦᠩ ᠺᠠᠩ ᠵᠡᠷᠭᠡ ᠤᠯᠤᠰ ᠤᠨ ᠳᠣᠲᠣᠭᠠᠳᠤ ᠶᠢᠨ ᠨᠡᠷᠡᠳᠦ ᠲᠤᠰᠬᠠᠢ ᠮᠡᠷᠭᠡᠵᠢᠯᠲᠡᠨ᠂ | ᠠᠵᠢᠯ ᠲᠦᠷᠦᠯ ᠤᠨ ᠬᠢᠨ ᠨᠢᠭᠡ ᠲᠠᠩᠬᠢᠮ ᠳᠤ ᠴᠤᠭᠯᠠᠷᠠᠵᠤ᠂ 10 ᠲᠠᠯᠠᠪᠤᠷ ᠬᠤᠯᠪᠣᠭᠳᠠᠯ ᠪᠦᠬᠦᠢ ᠲᠤᠰᠬᠠᠢ | ᠰᠡᠳᠦᠪᠲᠦ ᠮᠡᠳᠡᠭᠦᠯᠦᠯᠲᠡ ᠪᠠ ᠶᠠᠷᠢᠯᠴᠠᠭ᠎ᠠ ᠬᠢᠵᠦ᠂ ᠥᠪᠥᠷ ᠮᠣᠩᠭᠤᠯ ᠤᠨ ᠡᠪᠡᠰᠦᠨ ᠤ ᠠᠵᠤ ᠦᠢᠯᠡᠰ ᠤᠨ | ᠬᠥᠭᠵᠢᠯᠲᠡ ᠶᠢ ᠬᠠᠮᠲᠤᠪᠠᠷ ᠰᠦᠪᠡᠭᠴᠢᠯᠡᠪᠡ᠂ ᠡᠨᠡ ᠨᠢ ᠥᠪᠥᠷ ᠮᠣᠩᠭᠤᠯ ᠤᠨ ᠡᠪᠡᠰᠦᠨ ᠤ ᠠᠵᠤ ᠦᠢᠯᠡᠰ ᠤᠨ | ᠬᠢᠨ ᠤ ᠨᠢᠭᠡ ᠤᠳᠠᠭ᠎ᠠ ᠶᠢᠨ ᠦᠪᠡᠳᠡᠭᠰᠢ ᠴᠤᠭᠯᠠᠭᠠᠨ ᠪᠣᠯᠣᠨ᠎ᠠ᠃ | | | | ᠲᠡᠵᠢᠭᠡᠬᠦ ᠶᠢᠨ ᠲᠥᠯᠥᠭᠡ ᠳᠠᠷᠢᠬᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠮᠠᠯ ᠪᠡᠯᠴᠢᠭᠡᠷ ᠢ ᠨᠢᠭᠡ | ᠴᠣᠭᠴᠠᠵᠢᠭᠤᠯᠤᠨ ᠬᠥᠭᠵᠢᠭᠦᠯᠬᠦ ᠨᠢ ᠨᠢᠭᠡᠨᠲᠡ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠪᠠ᠃ ᠡᠪᠡᠰᠦᠨ ᠤ | ᠠᠵᠤ ᠦᠢᠯᠡᠰ ᠪᠣᠯ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ | ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢᠨ ᠴᠢᠬᠤᠯᠠ ᠬᠦᠴᠦᠯᠡᠬᠦ | ᠴᠡᠭ ᠮᠥᠨ᠃ ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠡᠪᠡᠰᠦᠨ ᠤ ᠠᠵᠤ ᠦᠢᠯᠡᠰ ᠢ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠤᠯᠤᠰ ᠤᠨ ᠴᠢᠬᠤᠯᠠ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠴᠢᠬᠤᠯᠠ ᠶᠡᠭᠡ | ᠠᠷᠭ᠎ᠠ ᠬᠡᠮᠵᠢᠶ᠎ᠡ ᠪᠣᠯᠭᠠᠵᠤ᠂ ᠡᠪᠡᠰᠦᠨ ᠤ ᠠᠵᠤ ᠦᠢᠯᠡᠰ ᠤᠨ ᠲᠠᠷᠢᠬᠤ᠂ ᠲᠡᠵᠢᠭᠡᠬᠦ᠂ ᠪᠣᠯᠪᠠᠰᠤᠷᠠᠭᠤᠯᠬᠤ᠂ | ᠪᠣᠷᠣᠯᠠᠭᠤᠯᠬᠤ ᠪᠦᠷᠢᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠪᠠ᠃ | | | | | | | | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠲᠠᠨᠢᠯᠴᠠᠭᠤᠯᠤᠭᠰᠠᠨ ᠨᠢ᠂ ᠣᠳᠣᠬᠠᠨ ᠳᠤ᠂ ᠥᠪᠥᠷ | ᠮᠣᠩᠭᠤᠯ ᠤᠨ ᠨᠤᠭᠤᠭᠠᠨ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠪᠣᠷᠳᠣᠭᠠᠨ ᠳᠤ ᠬᠡᠷᠡᠭᠯᠡᠬᠦ ᠨᠣᠬᠠᠢ ᠶᠢᠨ | ᠬᠤᠰᠢᠭᠤ᠂ ᠠᠯᠢᠰᠤ ᠵᠡᠷᠭᠡ ᠲᠠᠷᠢᠮᠠᠯ ᠪᠣᠷᠳᠤᠭᠠᠨ ᠡᠪᠡᠰᠦ ᠳᠠᠷᠢᠬᠤ ᠲᠠᠯᠠᠪᠠᠶ 1800 ᠲᠦᠮᠡᠨ ᠮᠦ ᠳᠤ ᠬᠦᠷᠴᠦ᠂ | ᠤᠨᠠᠯᠲᠠ ᠨᠢ 2000 ᠲᠦᠮᠡᠨ ᠲᠣᠨ ᠢ ᠳᠠᠪᠠᠵᠤ᠂ ᠡᠰᠢ ᠰᠦᠷᠡᠯ ᠢ ᠪᠣᠷᠳᠣᠭᠰᠠᠨ ᠠᠰᠢᠭᠯᠠᠯᠲᠠ ᠶᠢᠨ ᠨᠣᠷᠮ᠎ᠠ ᠨᠢ | 63% ᠳᠤ ᠬᠦᠷᠴᠦ᠂ ᠪᠠᠶᠢᠭᠠᠯᠢ ᠶᠢᠨ ᠲᠠᠯ᠎ᠠ ᠨᠤᠲᠤᠭ ᠤᠨ ᠢᠳᠡᠵᠦ ᠪᠣᠯᠬᠤ ᠲᠡᠵᠢᠭᠡᠯ ᠡᠪᠡᠰᠦᠨ ᠤ ᠭᠠᠷᠤᠯᠲᠠ ᠨᠢ | 3000 ᠲᠦᠮᠡᠨ ᠲᠣᠨ ᠢ ᠳᠠᠪᠠᠵᠤ᠂ ᠲᠡᠵᠢᠭᠡᠯ ᠡᠪᠡᠰᠦᠨ ᠤ ᠪᠠᠲᠤᠯᠠᠭ᠎ᠠ ᠶᠢᠨ ᠴᠢᠳᠠᠪᠤᠷᠢ ᠨᠢ ᠦᠷᠭᠦᠯᠵᠢᠯᠡᠨ | ᠴᠢᠩᠭᠠᠷᠠᠪᠠ᠃ ᠡᠭᠦᠨ ᠤ ᠬᠠᠮᠲᠤ᠂ ᠥᠪᠥᠷ ᠮᠣᠩᠭᠤᠯ 217 ᠡᠪᠡᠰᠦᠨ ᠡᠭᠦᠯᠳᠡᠷ ᠢ ᠪᠣᠶᠢᠵᠢᠭᠤᠯᠵᠤ᠂ 26.5 ᠲᠦᠮᠡᠨ | ᠮᠦ ᠳᠤ ᠬᠦᠷᠴᠦ᠂ ᠤᠨᠠᠯᠲᠠ ᠶᠢᠨ ᠲᠠᠯᠠᠪᠠᠶ ᠨᠢ 26.5 ᠲᠦᠮᠡᠨ ᠮᠦ ᠳᠤ ᠬᠦᠷᠴᠡᠢ ᠭᠡᠪᠡ᠃ | ᠡᠪᠡᠰᠦ ᠲᠠᠷᠢᠬᠤ ᠪᠠᠷ ᠦᠢᠯᠡᠰ ᠢᠶᠠᠨ ᠪᠣᠯᠭᠠᠵᠤ᠂ ᠡᠪᠡᠰᠦ ᠪᠡᠯᠴᠢᠭᠡᠷ ᠢᠶᠠᠷ ᠠᠮᠤ ᠪᠤᠳᠠᠭ᠎ᠠ ᠶᠢᠨ ᠤᠨᠠᠯᠲᠠ ᠪᠠᠨ | ᠨᠡᠮᠡᠭᠳᠡᠭᠦᠯᠦᠨ᠎ᠡ᠃ ᠡᠪᠡᠰᠦᠨ ᠤ ᠠᠵᠤ ᠦᠢᠯᠡᠰ ᠤᠨ ᠬᠥᠭᠵᠢᠨ ᠪᠤᠵᠠᠭᠠᠶᠢᠷᠠᠭᠰᠠᠨ ᠨᠢ ᠮᠠᠯ ᠤᠨ ᠠᠰᠢᠭ ᠰᠢᠮ᠎ᠡ ᠶᠢᠨ | ᠬᠠᠩᠭᠠᠯᠭ᠎ᠠ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃ ᠣᠳᠣᠬᠠᠨ ᠳᠤ᠂ ᠥᠪᠥᠷ ᠮᠣᠩᠭᠤᠯ ᠤᠨ | ᠦᠨᠢᠶᠡᠨ ᠰᠦ᠂ ᠬᠤᠨᠢᠨ ᠮᠢᠬ᠎ᠠ᠂ ᠦᠬᠡᠷ ᠤᠨ ᠮᠢᠬ᠎ᠠ᠂ ᠢᠮᠠᠭᠠᠨ ᠨᠤᠤᠯᠤᠭᠤᠷ ᠤᠨ ᠭᠠᠷᠤᠯᠲᠠ ᠴᠥᠮ ᠪᠥᠬᠦ ᠤᠯᠤᠰ ᠤᠨ | ᠲᠡᠷᠢᠭᠦᠨ ᠳᠤ ᠣᠷᠣᠵᠤ᠂ ᠵᠢᠯ ᠪᠦᠷᠢ 630 ᠲᠦᠮᠡᠨ ᠲᠣᠨ ᠦᠨᠢᠶᠡᠨ ᠰᠦ᠂ 155 ᠲᠦᠮᠡᠨ ᠲᠣᠨ ᠦᠬᠡᠷ ᠬᠤᠨᠢᠨ | ᠮᠢᠬ᠎ᠠ ᠶᠢᠨ ᠠᠩᠬᠢᠯᠤᠮ᠎ᠠ ᠦᠨᠦᠷ ᠣᠷᠣᠨ ᠤ ᠭᠠᠳᠠᠨ᠎ᠠ ᠬᠠᠩᠬᠤᠯᠤᠭᠰᠠᠨ ᠪᠠᠶᠢᠵᠤ᠂ 6000 ᠲᠣᠨ ᠢᠮᠠᠭᠠᠨ | ᠨᠤᠤᠯᠤᠭᠤᠷ ᠪᠥᠬᠦ ᠳᠡᠯᠡᠬᠡᠢ ᠶᠢ ᠳᠤᠯᠠᠭᠠᠴᠠᠭᠤᠯᠵᠤ᠂ ᠤᠯᠤᠰ ᠤᠨ ᠨᠡᠷ᠎ᠡ ᠨᠢᠳᠡᠷ ᠲᠡᠭᠡᠨ ᠨᠡᠶᠢᠴᠡᠭᠰᠡᠨ ︽ᠮᠢᠬᠠᠨ ᠤ | ᠬᠥᠮᠥᠷᠭᠡ︾ ︽ᠰᠦ ᠶᠢᠨ ᠬᠦᠨᠦᠭ︾ ︽ᠨᠤᠤᠯᠤᠭᠤᠷ ᠤᠨ ᠬᠤᠲᠠ︾ ᠪᠣᠯᠤᠭᠰᠠᠨ ᠪᠠᠶᠢᠨ᠎ᠠ᠃ | | | | ᠥᠪᠥᠷ ᠮᠣᠩᠭᠤᠯ ᠤᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ 10 ᠲᠦᠮᠡ ᠪᠣᠯᠲᠠᠯ᠎ᠠ | ᠬᠦᠭᠵᠢᠵᠦ᠂ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠬᠡᠪᠴᠢᠶᠡᠵᠢᠭᠦᠯᠦᠭᠰᠡᠨ ᠨᠣᠷᠮ᠎ᠠ 74% ᠳᠤ ᠬᠦᠷᠪᠡ᠃ | ᠮᠠᠯᠵᠢᠬᠤ ᠣᠷᠣᠨ ᠤ ᠡᠪᠦᠯᠵᠢᠬᠦ ᠡᠪᠡᠰᠦ ᠪᠣᠷᠳᠤᠭ᠎ᠠ ᠶᠢᠨ ᠨᠥᠭᠡᠴᠡᠯᠡᠬᠦ ᠴᠢᠳᠠᠪᠤᠷᠢ 1100 ᠲᠦᠮᠡᠨ ᠲᠣᠨ ᠳᠤ | ᠬᠦᠷᠴᠦ᠂ ᠤᠯᠠᠮᠵᠢᠯᠠᠯᠲᠤ ᠮᠠᠯᠵᠢᠯ ᠢ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠬᠦ ᠲᠡᠶᠢᠰᠢ | ᠲᠦᠷᠭᠡᠪᠴᠢᠯᠡᠨ ᠬᠤᠪᠢᠷᠠᠭᠤᠯᠵᠤ᠂ ᠪᠠᠶᠢᠭᠠᠯᠢ ᠶᠢᠨ ᠲᠠᠯ᠎ᠠ ᠨᠤᠲᠤᠭ ᠤᠨ ᠪᠡᠯᠴᠢᠭᠡᠷᠯᠡᠭᠦᠯᠬᠦ ᠳᠠᠷᠤᠯᠲᠠ ᠶᠢ | ᠪᠦᠲᠦᠮᠵᠢᠲᠡᠶ ᠪᠠᠷ ᠬᠥᠩᠭᠡᠷᠡᠭᠦᠯᠪᠡ᠃ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ 160 | ᠳ᠋ᠦᠩᠰᠢᠭᠤᠷ ᠲᠥᠭᠦᠷᠢᠭ ᠢ ᠳᠠᠪᠠᠵᠤ᠂ ᠪᠣᠷᠳᠣᠭᠠᠨ ᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ | 300 ᠳ᠋ᠦᠩᠰᠢᠭᠤᠷ ᠲᠥᠭᠦᠷᠢᠭ ᠢ ᠳᠠᠪᠠᠵᠤ᠂ ᠴᠥᠮ ᠪᠥᠬᠦ ᠤᠯᠤᠰ ᠲᠤ ᠲᠡᠷᠢᠭᠦᠯᠡᠬᠦ ᠶᠢ ᠪᠠᠲᠤᠯᠠᠪᠠ᠃ ᠼᠤᠤ ᠳ᠋ᠦ᠋᠂ | ᠮᠧᠩ ᠼᠤᠤ᠂ ᠵᠧᠩ ᠱᠢ ᠵᠡᠷᠭᠡ ᠨᠢᠭᠡ ᠪᠦᠯᠦᠭ ᠡᠪᠡᠰᠦᠨ ᠤ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ | ᠡᠳᠦᠷ ᠢᠷᠡᠬᠦᠶ᠎ᠡ ᠪᠤᠵᠠᠭᠠᠶᠢᠷᠠᠵᠤ᠂ ᠳᠠᠷᠢᠬᠤ᠂ ᠬᠠᠳᠤᠬᠤ ᠬᠤᠷᠢᠶᠠᠬᠤ᠂ ᠪᠣᠯᠪᠠᠰᠤᠷᠠᠭᠤᠯᠬᠤ᠂ ᠬᠠᠳᠠᠭᠠᠯᠠᠬᠤ᠂ | ᠲᠡᠭᠡᠭᠡᠪᠦᠷᠢᠯᠡᠬᠦ᠂ ᠪᠣᠷᠣᠯᠠᠭᠤᠯᠬᠤ ᠪᠥᠬᠦ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ | ᠬᠤᠷᠳᠤᠴᠠ ᠶᠢ ᠲᠠᠰᠤᠷᠠᠯᠲᠠ ᠦᠭᠡᠢ ᠲᠦᠷᠭᠡᠳᠬᠡᠪᠡ᠃ |