ᠭᠤᠣᠯ ᠪᠣᠯᠬᠤ ᠲᠠᠷᠢᠮᠠᠯ ᠤᠨ ᠬᠢᠨᠠᠨ ᠲᠤᠭᠳᠠᠭᠠᠭᠰᠠᠨ ᠡᠭᠦᠯᠳᠡᠷ ᠢ ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ ᠳᠤ ᠡᠭᠦᠯᠳᠡᠷ ᠤᠷᠤᠭᠤᠯᠬᠤ ᠶᠢ ᠳᠠᠩᠰᠠᠯᠠᠭᠤᠯᠬᠤ ᠮᠠᠲ᠋ᠧᠷᠢᠶᠠᠯ ᠢ ᠬᠦ᠋ᠯᠢᠶᠡᠨ ᠠᠪᠴᠤ ᠰᠢᠢᠳᠪᠦᠷᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/11/1
ᠡᠯ᠎ᠡ ᠡᠭᠦᠯᠳᠡᠷ ᠣᠷᠣᠭᠤᠯᠬᠤ ᠨᠢᠭᠡᠴᠢ ᠨᠦᠭᠦᠳ ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ ᠳᠤ ᠭᠤᠣᠯ ᠪᠣᠯᠬᠤ ᠲᠠᠷᠢᠮᠠᠯ ᠤᠨ ᠡᠭᠦᠯᠳᠡᠷ ᠢ ᠣᠷᠣᠭᠤᠯᠤᠨ ᠠᠪᠴᠢᠷᠠᠬᠤ ᠶᠢ ᠳᠠᠩᠰᠠᠯᠠᠬᠤ ᠠᠵᠢᠯ ᠢ ᠥᠷᠨᠢᠭᠦᠯᠪᠡ᠃ ᠦᠷ᠎ᠡ ᠣᠷᠣᠭᠤᠯᠬᠤ ᠶᠢ ᠳᠠᠩᠰᠠᠯᠠᠬᠤ ᠠᠵᠢᠯ ᠢ ᠵᠢᠷᠤᠮᠵᠢᠭᠤᠯᠵᠤ ᠂ ᠦᠷ᠎ᠡ ᠣᠷᠣᠭᠤᠯᠬᠤ ᠶᠢ ᠳᠠᠩᠰᠠᠯᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠂ ᠮᠡᠳᠡᠭᠦᠯᠬᠦ ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ ᠲᠤᠬᠠᠢ ᠡᠳᠦᠭᠡ ᠳᠣᠣᠷᠠᠬᠢ ᠮᠡᠲᠦ ᠱᠠᠭᠠᠷᠳᠠᠯᠭ᠎ᠠ ᠭᠠᠷᠭᠠᠪᠠ ᠄      ᠨᠢᠭᠡ᠂ ᠮᠠᠲ᠋ᠧᠷᠢᠶᠠᠯ  ᠢ ᠬᠦᠯᠢᠶᠡᠨ ᠠᠪᠴᠤ ᠰᠢᠢᠳᠪᠦᠷᠢᠯᠡᠬᠦ      ︵ᠨᠢᠭᠡ︶ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ      ᠡᠭᠦᠯᠳᠡᠷ ᠣᠷᠣᠭᠤᠯᠤᠭᠴᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ︵ https://zwfw.nmg.gov.cn/ ︶ ᠤᠨ ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ  ᠳᠤ ᠡᠭᠦᠯᠳᠡᠷ ᠣᠷᠣᠭᠤᠯᠬᠤ ᠶᠢ ᠳᠠᠩᠰᠠᠯᠠᠭᠤᠯᠬᠤ ᠵᠦᠢᠯᠡᠰ ᠲᠤ ᠬᠦᠷᠴᠦ ᠭᠦᠢᠴᠡᠳᠬᠡᠨ᠂ ᠱᠠᠭᠠᠷᠳᠠᠯᠭ᠎ᠠ ᠶᠣᠰᠣᠭᠠᠷ ᠡᠯᠧᠺᠲᠷᠣᠨ ᠬᠡᠪᠯᠡᠯ ᠤᠨ ᠮᠠᠲ᠋ᠧᠷᠢᠶᠠᠯ ᠢᠶᠠᠨ ᠲᠤᠰᠢᠶᠠᠵᠤ ᠪᠣᠯᠣᠨ᠎ᠠ᠃      ︵ ᠬᠤᠶᠠᠷ ︶ ᠴᠠᠭᠠᠰᠤᠨ ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ      1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠣᠷᠣᠭᠤᠯᠬᠤ ᠶᠢ ᠳᠠᠩᠰᠠᠯᠠᠭᠤᠯᠬᠤ ᠪᠠᠷ ᠮᠡᠳᠡᠭᠦᠯᠬᠦ ᠪᠢᠴᠢᠭ︾᠂ ᠬᠦᠰᠦᠨᠦᠭᠲᠦ ᠳᠤ ᠲᠠᠭᠯᠠᠨ ᠪᠢᠴᠢᠭᠰᠡᠨ ᠮᠡᠳᠡᠭᠡ ᠵᠠᠩᠭᠢ ᠨᠢ ᠮᠡᠳᠡᠭᠦᠯᠦᠨ ᠳᠠᠩᠰᠠᠯᠠᠭᠤᠯᠬᠤ ᠦᠶ᠎ᠡ ᠶᠢᠨ ᠲᠠᠭᠯᠠᠨ ᠪᠢᠴᠢᠭᠰᠡᠨ ᠮᠡᠳᠡᠭᠡ ᠵᠠᠩᠭᠢ ᠲᠠᠢ ᠨᠢᠭᠡᠳᠦᠯᠲᠡᠢ ᠪᠠᠶᠢᠬᠤ ᠬᠡᠷᠡᠭᠲᠡᠢ᠃      2.ᠦᠷ᠎ᠡ ᠣᠷᠣᠭᠤᠯᠤᠭᠴᠢ ᠶᠢᠨ ᠭᠡᠷᠡᠴᠢᠯᠡᠬᠦ ᠮᠠᠲ᠋ᠧᠷᠢᠶᠠᠯ ᠃ ᠦᠷ᠎ᠡ ᠣᠷᠣᠭᠤᠯᠤᠭᠴᠢ ᠨᠢ ᠠᠵᠤ ᠠᠬᠤᠶᠢᠯᠠᠯ ᠪᠠᠶᠢᠪᠠᠯ ᠂ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠪᠠᠭᠤᠯᠭᠠᠪᠤᠷᠢ ᠶᠢ ᠬᠠᠩᠭᠠᠬᠤ ᠬᠡᠷᠡᠭᠲᠡᠢ ︔ ᠡᠭᠦᠯᠳᠡᠷ ᠣᠷᠣᠭᠤᠯᠤᠭᠴᠢ ᠶᠢᠨ ᠣᠷᠣᠭᠤᠯᠤᠭᠰᠠᠨ ᠡᠭᠦᠯᠳᠡᠷ ᠨᠢ ᠲᠤᠰ ᠨᠢᠭᠡᠴᠢ ᠪᠢᠰᠢ ᠪᠠᠶᠢᠪᠠᠯ ᠂ ᠰᠣᠩᠭᠤᠨ ᠪᠣᠶᠢᠵᠢᠭᠤᠯᠬᠤ ᠨᠢᠭᠡᠴᠢ ︵ ᠬᠤᠪᠢ ᠬᠥᠮᠥᠨ ︶ ᠪᠤᠶᠤ ᠡᠭᠦᠯᠳᠡᠷ ᠥᠮᠴᠢᠯᠡᠬᠦ ᠡᠷᠬᠡ ᠲᠠᠢ ᠨᠢᠭᠡᠴᠢ ︵ ᠬᠤᠪᠢ ᠬᠥᠮᠥᠨ ︶ ᠶᠢᠨ ᠡᠭᠦᠯᠳᠡᠷ ᠣᠷᠣᠭᠤᠯᠬᠤ ᠶᠢ ᠳᠠᠩᠰᠠᠯᠠᠭᠤᠯᠬᠤ ᠶᠢ ᠵᠥᠪᠰᠢᠶᠡᠷᠡᠭᠰᠡᠨ ᠪᠢᠴᠢᠭ ᠤᠨ ᠮᠠᠲ᠋ᠧᠷᠢᠶᠠᠯ ᠢ ᠬᠠᠩᠭᠠᠬᠤ ᠬᠡᠷᠡᠭᠲᠡᠢ ᠃      3. ᠡᠭᠦᠯᠳᠡᠷ ᠣᠷᠣᠭᠤᠯᠵᠤ ᠳᠠᠩᠰᠠᠯᠠᠭᠤᠯᠬᠤ ᠪᠠᠷ ᠪᠠᠶᠢᠭ᠎ᠠ ᠲᠥᠷᠥᠯ ᠵᠦᠢᠯ ᠤᠨ ᠵᠣᠬᠢᠴᠠᠬᠤ ᠴᠢᠨᠠᠷ ᠤᠨ ᠲᠤᠷᠰᠢᠯᠲᠠ ᠶᠢᠨ ᠳ᠋ᠦᠩᠨᠡᠯᠲᠡ ᠶᠢᠨ ᠮᠡᠳᠡᠭᠦᠯᠦᠯᠲᠡ᠃ ᠮᠡᠳᠡᠭᠦᠯᠦᠯᠲᠡ ᠶᠢᠨ ᠠᠭᠤᠯᠭ᠎ᠠ ᠳᠤ᠄ ᠳᠠᠭᠠᠭᠠᠨ ᠲᠤᠷᠰᠢᠬᠤ ᠨᠢᠭᠡᠴᠢ ᠵᠢᠴᠢ ᠪᠣᠳᠠᠲᠠᠢ ᠭᠠᠵᠠᠷ ᠣᠷᠣᠨ᠂ ᠲᠤᠷᠰᠢᠯᠲᠠ ᠶᠢᠨ ᠵᠢᠷᠤᠭ ᠲᠥᠯᠥᠪᠯᠡᠭᠡ᠂ ᠲᠤᠷᠰᠢᠯᠲᠠ ᠶᠢᠨ ᠦᠷ᠎ᠡ ᠳ᠋ᠦᠩ ︵ᠡᠯ᠎ᠡ ᠲᠤᠷᠰᠢᠯᠲᠠ ᠶᠢᠨ ᠴᠡᠭ ᠤᠨ ᠲᠤᠭ᠎ᠠ ᠪᠠᠷᠢᠮᠲᠠ ᠵᠢᠴᠢ ᠬᠤᠷᠢᠶᠠᠩᠭᠤᠶᠢᠯᠠᠭᠰᠠᠨ ᠲᠤᠭ᠎ᠠ ᠪᠠᠷᠢᠮᠲᠠ︶᠂ ᠲᠥᠷᠥᠯ ᠵᠦᠢᠯ ᠤᠨ ᠣᠨᠴᠠᠯᠢᠭ ᠰᠢᠨᠵᠢ ᠂ ᠳᠠᠷᠢᠵᠤ ᠪᠣᠶᠢᠵᠢᠭᠤᠯᠬᠤ ᠭᠤᠣᠯᠳᠠᠯᠭ᠎ᠠ᠂ ᠲᠦᠭᠰᠢᠭᠦᠷᠢ ᠶᠢᠨ ᠰᠠᠨᠠᠭᠤᠯᠤᠮᠵᠢ ᠵᠢᠴᠢ ᠳ᠋ᠦᠩᠨᠡᠯᠲᠡ ᠵᠡᠷᠭᠡ ᠠᠭᠤᠯᠭ᠎ᠠ ᠪᠠᠭᠲᠠᠨ᠎ᠠ᠃      4.ᠡᠭᠦᠯᠳᠡᠷ ᠣᠷᠣᠭᠤᠯᠵᠤ ᠳᠠᠩᠰᠠᠯᠠᠭᠤᠯᠬᠤ ᠪᠠᠷ ᠪᠠᠶᠢᠭ᠎ᠠ ᠡᠭᠦᠯᠳᠡᠷ ᠤᠨ ᠡᠪᠡᠳᠴᠢᠨ ᠡᠰᠡᠷᠭᠦᠴᠡᠬᠦ ᠴᠢᠨᠠᠷ  ᠤᠨ ᠲᠤᠷᠰᠢᠯᠲᠠ ᠶᠢᠨ ᠮᠡᠳᠡᠭᠦᠯᠦᠯᠲᠡ ᠃      5.ᠡᠭᠦᠯᠳᠡᠷ ᠣᠷᠣᠭᠤᠯᠵᠤ ᠳᠠᠩᠰᠠᠯᠠᠭᠤᠯᠬᠤ ᠪᠠᠷ ᠪᠠᠶᠢᠭ᠎ᠠ ᠡᠭᠦᠯᠳᠡᠷ ᠤᠨ ᠬᠢᠨᠠᠨ ᠲᠣᠭᠲᠠᠭᠠᠭᠰᠠᠨ ᠦᠨᠡᠮᠯᠡᠯ ᠤᠨ ᠪᠠᠭᠤᠯᠭᠠᠪᠤᠷᠢ ᠪᠣᠯᠣᠨ ᠬᠢᠨᠠᠨ ᠲᠣᠭᠲᠠᠭᠠᠭᠰᠠᠨ ᠠᠯᠪᠠᠨ ᠵᠠᠷ ᠤᠨ ᠪᠠᠭᠤᠯᠭᠠᠪᠤᠷᠢ ᠃      6. ᠡᠭᠦᠯᠳᠡᠷ ᠣᠷᠣᠭᠤᠯᠵᠤ ᠳᠠᠩᠰᠠᠯᠠᠭᠤᠯᠬᠤ ᠪᠠᠷ ᠪᠠᠶᠢᠭ᠎ᠠ ᠲᠥᠷᠥᠯ ᠵᠦᠢᠯ ᠤᠨ ᠬᠡᠷᠡᠯ ᠵᠢᠷᠤᠭ᠃ ᠡᠭᠦᠯᠳᠡᠷ ᠣᠷᠣᠭᠤᠯᠵᠤ ᠳᠠᠩᠰᠠᠯᠠᠭᠤᠯᠬᠤ ᠪᠠᠷ ᠪᠠᠶᠢᠭ᠎ᠠ ᠲᠥᠷᠥᠯ ᠵᠦᠢᠯ ᠤᠨ ᠣᠨᠴᠠᠯᠢᠭ ᠰᠢᠨᠵᠢ ᠪᠦᠬᠦᠢ ᠬᠡᠷᠡᠯᠵᠢᠷᠤᠭ ᠢ 4 — 6 ᠬᠤᠪᠢ ᠳᠣᠪᠤᠶᠢᠯᠭᠠᠵᠤ᠂ ᠦᠨᠡᠨ ᠪᠣᠳᠠᠲᠠᠢ᠂ ᠲᠣᠳᠣᠷᠬᠠᠢ᠂ ᠤᠷᠭᠤᠮᠠᠯ ᠤᠨ ᠰᠠᠭᠤᠷᠢ ᠪᠦᠷᠢᠨ ᠪᠦᠲᠦᠨ ᠪᠠᠶᠢᠬᠤ ᠶᠢ ᠱᠠᠭᠠᠷᠳᠠᠵᠤ᠂ ᠲᠥᠷᠥᠯ ᠵᠦᠢᠯ ᠤᠨ ᠲᠤᠷᠰᠢᠯᠲᠠ ᠳᠤ ᠣᠷᠣᠯᠴᠠᠬᠤ ᠨᠡᠷᠡᠶᠢᠳᠦᠯ ᠢ ᠲᠣᠳᠣᠷᠬᠠᠶᠢᠯᠠᠵᠤ᠂ A4 ᠴᠠᠭᠠᠰᠤᠨ ᠳᠡᠭᠡᠷ᠎ᠡ ᠨᠠᠭᠠᠨ᠎ᠠ᠃ ᠡᠷᠳᠡᠨᠢ ᠰᠢᠰᠢ ᠄ ᠴᠢᠬᠢᠯᠡᠬᠦ ᠬᠤᠭᠤᠴᠠᠭ᠎ᠠ ᠂  ᠲᠦᠷᠦᠭᠦᠳᠡᠬᠦ ᠬᠤᠭᠤᠴᠠᠭ᠎ᠠ ᠂ ᠰᠢᠷᠬᠡᠭ ᠪᠥᠭᠡᠯᠵᠢᠬᠦ ᠬᠤᠭᠤᠴᠠᠭ᠎ᠠ ᠳᠤ ᠲᠤᠰ ᠪᠦᠷᠢ 1 ᠬᠠᠭᠤᠳᠠᠰᠤ ᠂ ᠰᠦᠷᠦᠭᠵᠢᠯ ᠳᠤ 1 ᠬᠠᠭᠤᠳᠠᠰᠤ ︵ᠰᠦ ᠪᠣᠯᠪᠠᠰᠤᠷᠠᠭᠰᠠᠨ ᠰᠡᠭᠦᠯᠴᠢ ᠶᠢᠨ ᠬᠤᠭᠤᠴᠠᠭᠠᠨ ᠳᠤ ᠰᠡᠭᠦᠳᠡᠷᠯᠡᠨ᠎ᠡ ︶ ᠂ ᠵᠢᠮᠢᠰ ᠤᠨ ᠲᠦᠷᠦᠭᠦᠦ 1 ᠂ ᠦᠷ᠎ᠡ 1 ᠂ ᠵᠢᠮᠢᠰ ᠤᠨ ᠲᠦᠷᠦᠭᠦᠦ ᠪᠠ ᠦᠷ᠎ᠡ ᠶᠢᠨ ᠰᠡᠭᠦᠳᠡᠷ ᠵᠡᠷᠭᠡ ᠶᠢᠨ ᠳᠡᠪᠢᠰᠬᠡᠷ ᠥᠩᠭᠡ ᠨᠢ ᠴᠠᠬᠢᠷᠮ᠎ᠠ ᠶᠢᠨ ᠥᠩᠭᠡᠲᠡᠢ ᠂ ᠵᠢᠮᠢᠰ ᠤᠨ ᠲᠦᠷᠦᠭᠦᠦ ᠶᠢᠨ ᠳᠤᠮᠳᠠ ᠬᠡᠰᠡᠭ ᠲᠤ ᠥᠷᠭᠡᠨ ᠤ ᠬᠡᠮᠵᠢᠶ᠎ᠡ ᠪᠠᠷ 3 — 5 ᠰᠠᠨᠲ᠋ᠢᠮᠧᠲᠷ ᠤᠨ ᠲᠦᠷᠦᠭᠦᠦ ᠶᠢᠨ ᠲᠡᠩᠭᠡᠯᠢᠭ ᠢ ᠢᠯᠡᠷᠡᠭᠦᠯᠵᠦ ᠂ ᠡᠷᠯᠢᠰᠡᠵᠢᠭᠦᠯᠦᠭᠰᠡᠨ ᠦᠷ᠎ᠡ ᠶᠢᠨ ᠨᠡᠷᠡᠶᠢᠳᠦᠯ ᠢ ᠬᠠᠳᠠᠨ᠎ᠠ ᠃ ᠰᠢᠷ᠎ᠠ ᠪᠤᠷᠴᠠᠭ ᠄ ᠳᠠᠩ ᠰᠠᠭᠤᠷᠢ ︵ ᠬᠤᠪᠢᠶᠠᠷᠢᠲᠤ ᠱᠤᠭᠤᠮ ᠲᠠᠢ ︶ ᠂ ᠰᠦᠷᠦᠭ ᠂ ᠨᠠᠪᠴᠢ ᠂ ᠴᠡᠴᠡᠭ ᠂ ᠬᠤᠩᠭᠤᠷᠴᠤᠭ ᠂ ᠦᠷ᠎ᠡ ᠲᠤᠰ ᠪᠦᠷᠢ 1 ᠪᠠᠶᠢᠬᠤ ᠶᠢ ᠱᠠᠭᠠᠷᠳᠠᠨ᠎ᠠ ᠄ ᠭᠠᠭᠴᠠ ᠰᠠᠭᠤᠷᠢ ︵ᠬᠤᠪᠢᠶᠠᠷᠢᠲᠤ ᠱᠤᠭᠤᠮ ᠲᠠᠢ ︶ ᠂ ᠰᠦᠷᠦᠭ ᠂ ᠨᠠᠪᠴᠢ ᠂ ᠴᠡᠴᠡᠭ ᠂ ᠬᠤᠩᠭᠤᠷᠴᠤᠭ ᠂ ᠦᠷ᠎ᠡ ᠲᠤᠰ ᠪᠦᠷᠢ 1 ᠪᠠᠶᠢᠬᠤ ᠶᠢ ᠱᠠᠭᠠᠷᠳᠠᠨ᠎ᠠ  ᠬᠤᠩᠭᠤᠷᠴᠠᠭ᠂ ᠦᠷ᠎ᠡ  ᠶᠢᠨ ᠰᠡᠭᠦᠳᠡᠷ᠂ ᠳᠡᠪᠢᠰᠬᠡᠷ ᠥᠩᠭᠡ ᠨᠢ ᠬᠠᠷ᠎ᠠ ᠥᠩᠭᠡ ᠲᠠᠢ᠂ ᠲᠡᠭᠦᠨ ᠤ ᠲᠥᠷᠥᠯ ᠵᠦᠢᠯ ᠤᠨ ᠨᠡᠷᠡᠶᠢᠳᠦᠯ  ᠢ ᠬᠠᠳᠠᠭᠰᠠᠨ ᠪᠠᠶᠢᠬᠤ ᠬᠡᠷᠡᠭᠲᠡᠢ᠃ ᠤᠰᠤᠨ ᠲᠤᠲᠤᠷᠭ᠎ᠠ ᠂ ᠪᠤᠭᠤᠳᠠᠢ᠄ ᠭᠠᠭᠴᠠ ᠰᠠᠭᠤᠷᠢ ︵ ᠬᠤᠪᠢᠶᠠᠷᠢᠲᠤ ᠱᠤᠭᠤᠮ ᠲᠠᠢ ︶᠂ ᠰᠦᠷᠦᠭ ᠂ ᠲᠦᠷᠦᠭᠦᠦ ᠂ ᠦᠷ᠎ᠡ ᠲᠤᠰ ᠪᠦᠷᠢ ᠨᠢᠭᠡ ᠬᠠᠭᠤᠳᠠᠰᠤ ᠪᠠᠶᠢᠬᠤ ᠶᠢ ᠱᠠᠭᠠᠷᠳᠠᠨ᠎ᠠ ︔ ᠲᠦᠷᠦᠭᠦᠦ᠂ ᠦᠷ᠎ᠡ ᠶᠢᠨ ᠰᠡᠭᠦᠳᠡᠷ᠂ ᠳᠡᠪᠢᠰᠬᠡᠷ ᠥᠩᠭᠡ ᠨᠢ ᠬᠥᠬᠡ ᠥᠩᠭᠡ ᠲᠠᠢ᠂ ᠡᠭᠦᠨ ᠳᠤ ᠲᠥᠷᠥᠯ ᠵᠦᠢᠯ ᠤᠨ ᠨᠡᠷ᠎ᠡ  ᠶᠢ ᠬᠠᠳᠠᠭᠰᠠᠨ ᠪᠠᠶᠢᠬᠤ ᠬᠡᠷᠡᠭᠲᠡᠢ᠃      7.ᠡᠭᠦᠯᠳᠡᠷ ᠣᠷᠣᠭᠤᠯᠵᠤ ᠳᠠᠩᠰᠠᠯᠠᠭᠤᠯᠬᠤ ᠪᠠᠷ ᠪᠠᠶᠢᠭ᠎ᠠ ᠡᠭᠦᠯᠳᠡᠷ ᠤᠨ ᠬᠢᠨᠠᠨ ᠲᠣᠭᠲᠠᠭᠠᠯᠲᠠ ᠶᠢᠨ ᠠᠮᠠᠯᠠᠯᠲᠠ  ᠶᠢᠨ ᠪᠢᠴᠢᠭ ᠢ ᠬᠦᠴᠦᠨ ᠦᠭᠡᠢ ᠪᠣᠯᠭᠠᠭᠰᠠᠨ ᠦᠭᠡᠢ ᠪᠠᠶᠢᠬᠤ ᠬᠡᠷᠡᠭᠲᠡᠢ᠃      8.ᠳᠠᠩᠰᠠᠯᠠᠭᠤᠯᠤᠭᠰᠠᠨ ᠲᠦᠷᠦᠯ ᠵᠦᠢᠯ ᠨᠢ ᠬᠠᠮᠠᠭᠠᠯᠠᠯᠲᠠ ᠶᠢᠨ ᠲᠦᠷᠦᠯ ᠵᠦᠢᠯ ᠪᠠᠶᠢᠪᠠᠯ ᠂ ᠲᠦᠷᠦᠯ ᠵᠦᠢᠯ ᠤᠨ ᠡᠷᠬᠡᠲᠦ ᠬᠥᠮᠥᠨ ᠤ ᠪᠢᠴᠢᠭ ᠤᠨ ᠵᠥᠪᠰᠢᠶᠡᠷᠡᠯ ︵ ᠤᠭ ᠮᠠᠲ᠋ᠧᠷᠢᠶᠠᠯ ︶ ᠢ ᠬᠠᠩᠭᠠᠬᠤ ᠬᠡᠷᠡᠭᠲᠡᠢ ᠃      9.ᠡᠭᠦᠯᠳᠡᠷ ᠣᠷᠣᠭᠤᠯᠵᠤ ᠠᠪᠴᠢᠷᠠᠬᠤ ᠳᠤ ᠳᠠᠩᠰᠠᠯᠠᠭᠤᠯᠤᠭᠰᠠᠨ ᠡᠭᠦᠯᠳᠡᠷ ᠤᠨ ᠦᠨᠡᠨ ᠪᠣᠳᠠᠲᠤ ᠴᠢᠨᠠᠷ ᠂ ᠠᠶᠤᠯᠭᠦᠢ ᠴᠢᠨᠠᠷ ᠪᠠ ᠵᠣᠬᠢᠴᠠᠬᠤ ᠴᠢᠨᠠᠷ ᠤᠨ ᠠᠮᠠᠯᠠᠯᠲᠠ ᠶᠢᠨ ᠪᠢᠴᠢᠭ ᠪᠠᠶᠢᠬᠤ ᠬᠡᠷᠡᠭᠲᠡᠢ᠃      ᠳᠡᠭᠡᠷ᠎ᠡ ᠳᠤᠷᠠᠳᠤᠭᠰᠠᠨ ᠮᠠᠲ᠋ᠧᠷᠢᠶᠠᠯ ᠤᠳ ᠢ ᠳᠡᠰ ᠳᠠᠷᠠᠭ᠎ᠠ ᠪᠠᠷ ᠳᠡᠪᠲᠡᠷᠯᠡᠬᠦ ᠬᠡᠷᠡᠭᠲᠡᠢ ᠃      ᠬᠤᠶᠠᠷ᠂ ᠬᠦᠯᠢᠶᠡᠨ ᠠᠪᠬᠤ ᠴᠠᠭ ᠪᠣᠯᠣᠨ ᠬᠠᠷᠢᠯᠴᠠᠬᠤ ᠠᠷᠭ᠎ᠠ ᠮᠠᠶ᠋ᠢᠭ       ︵ ᠨᠢᠭᠡ︶ ᠲᠥᠪᠯᠡᠷᠡᠭᠦᠯᠦᠨ ᠬᠦᠯᠢᠶᠡᠨ ᠠᠪᠬᠤ ᠴᠠᠭ      11 ᠰᠠᠷ᠎ᠠ ᠶᠢᠨ 1 ᠤ ᠡᠳᠦᠷ  — 11 ᠰᠠᠷ᠎ᠠ ᠶᠢᠨ 30 ᠤ ᠡᠳᠦᠷ      ︵ᠬᠤᠶᠠᠷ︶ ᠴᠠᠭᠠᠰᠤᠨ ᠮᠠᠲ᠋ᠧᠷᠢᠶᠠᠯ ᠢ ᠨᠢᠭᠡ ᠬᠡᠪ ᠢ ᠬᠤᠶᠠᠷ ᠬᠤᠪᠢ ᠰᠢᠤᠳᠠᠨ ᠢᠶᠠᠷ ᠢᠯᠡᠭᠡᠬᠦ ᠬᠡᠷᠡᠭᠲᠡᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷᠲᠤ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ 12 ᠳ᠋ᠤᠭᠠᠷ ᠠᠰᠠᠷ      ᠬᠠᠷᠢᠯᠴᠠᠬᠤ ᠬᠥᠮᠥᠨ᠄      ᠡᠷᠳᠡᠨᠢ ᠰᠢᠰᠢ᠄ ᠼᠦᠢ ᠰᠢᠶᠣᠣ ᠬᠤᠩ᠂ ᠯᠢ ᠰᠢᠨ      ᠰᠢᠷ᠎ᠠ ᠪᠤᠷᠴᠠᠭ᠄ ᠹᠦ᠋ ᠰᠢᠶᠣᠣ ᠬᠤᠸᠠ      ᠤᠰᠤᠨ ᠲᠤᠲᠤᠷᠭ᠎ᠠ ᠂ ᠪᠤᠭᠤᠳᠠᠢ ᠄ ᠰᠦᠨ ᠢᠦᠢ ᠶᠠᠨ      ᠬᠠᠷᠢᠯᠴᠠᠬᠤ ᠤᠲᠠᠰᠤ᠄ 0471 — 6285043       ᠳᠠᠭᠠᠯᠳᠤᠭᠤᠯᠤᠯ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ ᠦᠷ᠎ᠡ ᠣᠷᠣᠭᠤᠯᠬᠤ ᠶᠢ ᠳᠠᠩᠰᠠᠯᠠᠭᠤᠯᠬᠤ ᠮᠡᠳᠡᠭᠦᠯᠦᠯᠲᠡ ᠶᠢᠨ ᠪᠢᠴᠢᠭ                                     ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ                                   ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                      2023 ᠣᠨ ᠤ 10 ᠰᠠᠷ᠎ᠠ ᠶᠢᠨ 30 ᠤ ᠡᠳᠦᠷ    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号