ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ
ᠨᠡᠶᠢᠲᠡᠯᠡᠭᠰᠡᠨ ᠴᠠᠭ᠄
2023/11/1
     ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ᠄      1.ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ  ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ︵ᠳᠣᠷᠣᠭᠰᠢ ︽ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︾ ᠭᠡᠵᠦ ᠲᠣᠪᠴᠢᠯᠠᠨ᠎ᠠ︶ ᠪᠣᠯ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠰᠢᠭᠤᠳ ᠤᠳᠤᠷᠢᠳᠴᠤ᠂ ᠨᠢᠭᠡᠳᠦᠯᠲᠡᠶ ᠬᠠᠮᠢᠶᠠᠷᠴᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠬᠠᠷᠢᠭᠤᠴᠠᠬᠤ ᠶᠢᠨ ᠬᠠᠮᠲᠤ ᠵᠢᠭᠠᠪᠤᠷᠢ ᠠᠪᠴᠤ ᠠᠵᠢᠯ ᠢᠶᠠᠨ ᠮᠡᠳᠡᠭᠦᠯᠦᠨ᠎ᠡ᠃      2. ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠨᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠲᠦᠰᠢᠭᠯᠡᠨ ᠠᠵᠢᠯ ᠢᠶᠠᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠰᠠᠭᠤᠵᠤ᠂ ᠰᠠᠬᠢᠯᠭ᠎ᠠ ᠪᠠᠲᠤ ᠪᠠᠶᠢᠴᠠᠭᠠᠬᠤ ᠪᠠ ᠬᠢᠨᠠᠨ ᠪᠠᠶᠢᠴᠠᠭᠠᠬᠤ ᠬᠠᠮᠢᠶ᠎ᠠ ᠪᠥᠬᠦᠶ ᠡᠭᠦᠷᠭᠡ ᠴᠢᠳᠠᠪᠤᠷᠢ ᠪᠠᠨ ᠭᠦᠶᠴᠡᠳᠬᠡᠵᠦ᠂ ᠬᠢᠨᠠᠯᠲᠠ ᠲᠠᠯᠪᠢᠬᠤ ᠶᠢ ᠬᠢᠨᠠᠯᠲᠠ ᠬᠦᠯᠢᠶᠡᠨ ᠠᠪᠬᠤ ᠨᠢᠭᠡᠴᠢ ᠶᠢᠨ ᠬᠠᠮᠤᠭ ᠤᠨ ᠡᠮᠦᠨ᠎ᠡ ᠵᠠᠬ᠎ᠠ ᠳᠤ ᠬᠦᠷᠲᠡᠯ᠎ᠡ ᠤᠷᠲᠤᠳᠬᠠᠵᠤ᠂ ︽ᠬᠠᠷᠠᠭᠤᠯ︾ ᠪᠠ ︽ᠬᠠᠶᠢᠭᠤᠯ︾ ᠤᠨ ᠠᠵᠢᠯ ᠢ ᠬᠢᠵᠦ᠂ ᠬᠢᠨᠠᠯᠲᠠ ᠶᠢ ᠨᠠᠩ ᠣᠨᠣᠪᠴᠢᠲᠠᠶ ᠨᠠᠩ ᠪᠦᠲᠦᠮᠵᠢᠲᠡᠶ ᠪᠣᠯᠭᠠᠨ᠎ᠠ᠃      3.ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠬᠢᠭᠡᠳ ᠰᠠᠭᠤᠭ᠎ᠠ ᠨᠢᠭᠡᠴᠢ ᠪᠣᠯ ᠬᠢᠨᠠᠯᠲᠠ ᠲᠠᠯᠪᠢᠬᠤ ᠪᠠ ᠬᠢᠨᠠᠯᠲᠠ ᠬᠦᠯᠢᠶᠡᠬᠦ ᠶᠢᠨ ᠬᠠᠷᠢᠴᠠᠭ᠎ᠠ ᠪᠣᠯᠤᠨ᠎ᠠ᠂ ᠬᠢᠨᠠᠯᠲᠠ ᠲᠠᠯᠪᠢᠬᠤ ᠬᠡᠪᠴᠢᠶ᠎ᠡ ᠨᠢ ᠭᠤᠤᠯᠳᠠᠭᠤ ᠬᠢᠨᠠᠯᠲᠠ ᠬᠦᠯᠢᠶᠡᠨ ᠠᠪᠬᠤ ᠨᠢᠭᠡᠴᠢ ᠶᠢᠨ ᠲᠣᠰ ᠱᠠᠲᠤᠨ ᠤ ᠪᠠᠶᠢᠭᠤᠯᠭ᠎ᠠ᠂ ᠰᠢᠭᠤᠳ ᠬᠠᠷᠢᠶ᠎ᠠ ᠨᠢᠭᠡᠴᠢ ᠪᠣᠯᠤᠨ᠎ᠠ᠂ ᠬᠢᠨᠠᠯᠲᠠ ᠲᠠᠯᠪᠢᠬᠤ ᠭᠤᠤᠯᠳᠠᠯᠭ᠎ᠠ ᠲᠠᠢ ᠡᠲᠡᠭᠡᠳ ᠪᠣᠯ ᠬᠢᠨᠠᠯᠲᠠ ᠬᠦᠯᠢᠶᠡᠨ ᠠᠪᠬᠤ ᠨᠢᠭᠡᠴᠢ ᠶᠢᠨ ᠤᠳᠤᠷᠢᠳᠬᠤ ᠪᠠᠭ᠂ ᠲᠣᠭᠤᠷᠢᠭ ᠤᠨ ᠬᠠᠮᠢᠶᠠᠷᠤᠯᠲᠠ ᠶᠢᠨ ᠺᠠᠳ᠋ᠷ ᠪᠠ ᠭᠠᠵᠠᠷ ᠤᠨ ᠲᠠᠰ ᠤᠨ ᠺᠠᠳ᠋ᠷ ᠪᠣᠯᠤᠨ᠎ᠠ᠃      4.ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠰᠠᠭᠤᠭ᠎ᠠ ᠨᠢᠭᠡᠴᠢ ᠶᠢᠨ ᠢᠶᠠᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠰᠢᠭᠤᠳ ᠬᠠᠷᠢᠶ᠎ᠠ ᠨᠢᠭᠡᠴᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ  ᠳᠠᠬᠢ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠨ᠎ᠠ᠃ ᠠᠰᠠᠭᠤᠳᠠᠯ ᠤᠨ ᠰᠦᠪᠡᠭᠴᠢ ᠶᠢ ᠬᠠᠷᠢᠯᠴᠠᠨ ᠰᠢᠯᠵᠢᠭᠦᠯᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠨᠢ ᠬᠢᠨᠠᠯᠲᠠ ᠬᠦᠯᠢᠶᠡᠨ ᠠᠪᠬᠤ ᠨᠢᠭᠡᠴᠢ ᠶᠢᠨ ᠬᠠᠮᠢᠶᠠᠷᠴᠤ ᠪᠠᠶᠢᠭ᠎ᠠ ᠰᠠᠬᠢᠯᠭ᠎ᠠ ᠪᠠᠲᠤ ᠪᠠᠶᠢᠴᠠᠭᠠᠬᠤ ᠵᠣᠬᠢᠶᠠᠨ ᠪᠠᠶᠢᠭᠤᠯᠬᠤ ᠠᠵᠢᠯ ᠤᠨ ᠬᠦᠴᠦᠨ ᠳᠤ ᠲᠣᠬᠢᠷᠠᠭᠤᠯᠤᠯᠲᠠ ᠬᠢᠵᠦ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      5.ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠨᠢ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠲᠤᠯᠭᠠᠬᠤ ᠪᠠ ᠬᠢᠨᠠᠯᠲᠠ ᠲᠠᠯᠪᠢᠵᠤ ᠪᠠᠶᠢᠴᠠᠭᠠᠨ ᠰᠢᠶᠳᠪᠦᠷᠢᠯᠡᠬᠦ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠬᠦᠯᠢᠶᠡᠨ ᠠᠪᠬᠤ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ᠪᠠ ᠤᠳᠤᠷᠢᠳᠬᠤ ᠺᠠᠳ᠋ᠷᠴᠤᠳ ᠤᠨ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ︔ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠨᠢᠭᠡᠴᠢ ᠪᠠ ᠠᠯᠪᠠᠨ ᠲᠤᠰᠢᠶᠠᠯᠲᠠᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠬᠤ᠂ ᠡᠷᠬᠡ ᠪᠠᠨ ᠭᠤᠣᠯᠴᠢ ᠪᠠᠷ ᠬᠡᠷᠡᠭᠯᠡᠵᠦ ᠪᠠᠶᠢᠬᠤ᠂ ᠴᠢᠬᠡᠴᠢ ᠵᠠᠰᠠᠭ ᠪᠠᠷᠢᠵᠤ ᠠᠵᠢᠯ ᠡᠷᠬᠢᠯᠡᠵᠦ ᠪᠠᠶᠢᠬᠤ ᠵᠢᠴᠢ ᠶᠣᠰᠣ ᠮᠣᠷᠠᠯ ᠬᠡᠪ ᠰᠠᠬᠢᠯᠭ᠎ᠠ ᠵᠡᠷᠭᠡ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ︔ ᠢᠯᠡᠴᠢᠯᠡᠯ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢ ᠬᠦᠯᠢᠶᠡᠨ ᠠᠪᠴᠤ ᠰᠢᠢᠳᠪᠦᠷᠢᠯᠡᠨ᠎ᠡ︔ ᠬᠠᠤᠯᠢ ᠶᠣᠰᠣᠭᠠᠷ ᠪᠠᠶᠢᠴᠠᠭᠠᠵᠤ ᠰᠢᠢᠳᠪᠦᠷᠢᠯᠡᠨ᠎ᠡ︔ ᠬᠢᠨᠠᠨ ᠪᠠᠶᠢᠴᠠᠭᠠᠬᠤ ᠰᠠᠨᠠᠭᠤᠯᠭ᠎ᠠ ᠳᠤᠷᠠᠳᠤᠨ᠎ᠠ︔ ᠴᠢᠬᠡᠴᠢ ᠵᠠᠰᠠᠭ ᠪᠠᠷᠢᠬᠤ ᠲᠤᠬᠠᠶ ᠬᠠᠷᠢᠭᠤ ᠰᠠᠨᠠᠯ ᠭᠠᠷᠭᠠᠨ᠎ᠠ︔ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠶᠴᠡᠳᠬᠡᠨ᠎ᠡ︔ ᠨᠠᠮ ᠤᠨ ᠳᠣᠲᠣᠭᠠᠳᠤ ᠶᠢᠨ ᠬᠢᠨᠠᠯᠲᠠ ᠪᠠ ᠤᠯᠤᠰ ᠤᠨ ᠬᠢᠨᠠᠨ ᠪᠠᠶᠢᠴᠠᠭᠠᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠦ ᠤᠯᠤᠰ ᠤᠨ ᠬᠠᠤᠯᠢ ᠶᠢᠨ ᠡᠷᠬᠡ ᠰᠦᠷᠲᠦ ᠴᠢᠨᠠᠷ᠂ ᠲᠥᠪ ᠴᠢᠩᠭ᠎ᠠ ᠴᠢᠨᠠᠷ ᠢ ᠬᠠᠮᠠᠭᠠᠯᠠᠨ᠎ᠠ᠃      ᠬᠠᠷᠢᠯᠴᠠᠬᠤ ᠬᠥᠮᠦᠨ᠄ ᠹᠧᠩ ᠴᠠᠩ ᠵᠢᠶᠠᠩ      ᠬᠠᠷᠢᠯᠴᠠᠬᠤ ᠤᠲᠠᠰᠤ᠄ 0471 - 6652013      ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ  ᠤᠨ ᠠᠯᠪᠠᠨ ᠠᠰᠠᠷ ᠤᠨ 515 ᠲᠠᠰᠤᠭ      ᠠᠵᠢᠯᠯᠠᠬᠤ ᠴᠠᠭ᠄ 08᠄ 30 - 12᠄ 00    14᠄ 30 - 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号