ᠥᠪᠥᠷ ᠮᠣᠩᠭᠤᠯ ᠤᠨ 800 ᠭᠠᠷᠤᠢ ᠵᠦᠢᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ 125 ᠠᠵᠤ ᠠᠬᠤᠶᠢᠯᠠᠯ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2023/11/10
1.jpg
       11 ᠰᠠᠷ᠎ᠠ ᠶᠢᠨ 9 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠣᠯᠣᠨ ᠱᠠᠨᠳᠦ᠋ᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠴᠢᠩᠳᠣᠣ ᠬᠤᠲᠠ ᠶᠢᠨ ᠳᠤᠮᠳᠠᠳᠤ ᠤᠯᠤᠰ ᠤᠨ ᠲᠡᠮᠦᠷ ᠵᠠᠮ ᠤᠨ ᠳᠡᠯᠡᠬᠡᠢ ᠶᠢᠨ ᠦᠵᠡᠰᠬᠦᠯᠡᠩ ᠤᠨ ᠬᠤᠲᠠ ᠳᠤ ᠶᠠᠪᠤᠭᠳᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ 125 ᠠᠵᠤ ᠠᠬᠤᠶᠢᠯᠠᠯ ᠢ ᠵᠣᠬᠢᠶᠠᠨ ᠪᠠᠶᠢᠭᠤᠯᠵᠤ 800 ᠭᠠᠷᠤᠢ ᠵᠦᠢᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ ᠳᠤ ᠲᠥᠪᠯᠡᠷᠡᠭᠦᠯᠦᠨ ᠣᠷᠣᠯᠴᠠᠭᠤᠯᠪᠠ᠃ 
2.jpg
 
3.jpg
       ᠲᠤᠰ ᠬᠤᠭᠤᠴᠠᠭᠠᠨ ᠤ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠨᠢ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠲᠠᠷᠢᠶᠠᠯᠠᠩ ᠢ ᠬᠦᠴᠦᠷᠬᠡᠭᠵᠢᠭᠦᠯᠦᠨ ᠬᠦᠭᠵᠢᠯ ᠮᠠᠨᠳᠤᠯᠲᠠ ᠶᠢ ᠠᠬᠢᠭᠤᠯᠤᠶ᠎ᠠ︾ ᠭᠡᠬᠦ ᠭᠤᠣᠯ ᠰᠡᠳᠦᠪ ᠢᠶᠠᠷ 4 ᠡᠳᠦᠷ ᠶᠠᠪᠤᠭᠳᠠᠵᠤ᠂ ᠦᠵᠡᠭᠦᠯᠭᠡ ᠶᠢᠨ ᠲᠠᠯᠠᠪᠠᠢ ᠨᠢ 12 ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠵᠠᠢ᠃ ᠠᠮᠤ ᠪᠤᠳᠠᠭ᠎ᠠ᠂ ᠵᠢᠮᠢᠰ ᠨᠣᠭᠤᠭ᠎ᠠ᠂ ᠮᠠᠯ ᠵᠢᠭᠦᠷᠲᠡᠨ᠂ ᠤᠰᠤᠨ ᠭᠠᠷᠤᠯᠲᠠ᠂ ᠴᠠᠢ᠂ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ᠂ ᠠᠲᠠᠷ ᠬᠠᠭᠠᠯᠪᠤᠷᠢᠯᠠᠯᠲᠠ᠂ ᠲᠠᠷᠢᠶᠠᠯᠠᠩ ᠬᠥᠳᠡᠭᠡ ᠲᠣᠰᠬᠤᠨ ᠤ ᠦᠢᠯᠡᠴᠢᠯᠡᠭᠡᠨ ᠤ ᠦᠢᠯᠡᠰ᠂ ᠣᠯᠠᠨ ᠤᠯᠤᠰ ᠵᠡᠷᠭᠡ 11 ᠦᠵᠡᠭᠦᠯᠭᠡ ᠶᠢᠨ ᠲᠣᠭᠤᠷᠢᠭ ᠢ ᠪᠠᠶᠢᠭᠤᠯᠵᠠᠢ᠃ ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠣᠰ ᠲᠣᠰ ᠨᠠᠷᠠᠲᠤ ᠲᠡᠮᠳᠡᠭᠲᠦ᠂ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠪᠠ ᠠᠲᠠᠷ ᠬᠠᠭᠠᠯᠪᠤᠷᠢᠯᠠᠯᠲᠠ ᠵᠡᠷᠭᠡ 3 ᠦᠵᠡᠭᠦᠯᠭᠡ ᠶᠢᠨ ᠲᠣᠭᠤᠷᠢᠭ ᠲᠤ ᠳᠡᠯᠭᠡᠨ ᠦᠵᠡᠭᠦᠯᠪᠡ᠃ ᠡᠨᠡ ᠵᠢᠯ ᠤᠨ ᠤᠯᠤᠰ ᠤᠨ ᠳᠣᠲᠣᠭᠠᠳᠤ ᠶᠢᠨ ᠬᠡᠪᠴᠢᠶ᠎ᠡ ᠪᠠᠷ ᠬᠠᠮᠤᠭ ᠤᠨ ᠶᠡᠭᠡ ᠪᠦᠬᠦ ᠠᠵᠤ ᠦᠢᠯᠡᠰ ᠤᠨ ᠬᠡᠯᠬᠢᠶ᠎ᠡ᠂ ᠪᠦᠬᠦ ᠲᠦᠷᠦᠯ ᠵᠦᠢᠯ᠂ ᠪᠦᠬᠦ ᠦᠵᠡᠮᠵᠢ ᠶᠢᠨ ᠮᠠᠶ᠋ᠢᠭ ᠤᠨ ᠲᠠᠷᠢᠶᠠᠯᠠᠩ ᠲᠠᠷᠢᠶᠠᠴᠢᠨ ᠲᠠᠷᠢᠶᠠᠯᠠᠬᠤ ᠣᠷᠣᠨ ᠤ ᠦᠵᠡᠭᠦᠯᠭᠡ ᠶᠢᠨ ᠴᠤᠭᠯᠠᠭᠠᠨ ᠪᠣᠯᠤᠭᠰᠠᠨ ᠤ ᠬᠤᠪᠢ ᠳᠤ᠂ ᠲᠤᠰ ᠬᠤᠭᠤᠴᠠᠭᠠᠨ ᠤ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠪᠣᠯ ᠮᠠᠨ ᠤ ᠤᠯᠤᠰ ᠤᠨ ᠲᠠᠷᠢᠶᠠᠯᠠᠩ ᠤᠨ ᠬᠠᠮᠤᠭ ᠤᠨ ᠰᠢᠨ᠎ᠡ ᠮᠡᠷᠭᠡᠵᠢᠯ ᠤᠨ ᠦᠷ᠎ᠡ ᠪᠦᠲᠦᠭᠡᠯ᠂ ︽ᠨᠡᠷᠡᠳᠦ ᠰᠢᠯᠢᠳᠡᠭ ᠨᠤᠲᠤᠭ ᠣᠨᠴᠠᠯᠢᠭᠲᠤ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠤ ᠲᠥᠪᠯᠡᠷᠡᠩᠭᠦᠢ ᠦᠵᠡᠭᠦᠯᠭᠡ ᠪᠣᠯᠣᠨ᠎ᠠ᠂ ᠮᠥᠨᠴᠦ ᠣᠳᠣᠬᠢᠴᠢᠯᠠᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠦᠵᠡᠭᠦᠯᠭᠡ ᠶᠢᠨ ᠲᠠᠪᠴᠠᠩ ᠪᠣᠯᠣᠨ᠎ᠠ᠃ ᠥᠪᠥᠷ ᠮᠣᠩᠭᠤᠯ ᠤᠨ ᠨᠡᠷᠡᠲᠦ ᠲᠡᠮᠳᠡᠭᠲᠦ ᠶᠢᠨ ᠦᠵᠡᠭᠦᠯᠭᠡ ᠶᠢᠨ ᠲᠢᠩᠬᠢᠮ ᠳᠤ ︽ᠠᠮᠤ ᠶᠢᠨ ᠰᠠᠩ︾᠂ ︽ᠮᠢᠬᠠᠨ ᠤ ᠬᠥᠮᠥᠷᠭᠡ︾᠂ ︽ᠰᠦ ᠶᠢᠨ ᠬᠦᠨᠦᠭ︾᠂ ︽ᠨᠤᠤᠯᠤᠭᠤᠷ ᠤᠨ ᠬᠤᠲᠠ︾ ᠪᠣᠯᠣᠨ ᠣᠨᠴᠠᠯᠢᠭᠲᠤ ᠲᠠᠪᠤᠨ ᠶᠡᠭᠡ ᠦᠵᠡᠭᠦᠯᠭᠡ ᠶᠢᠨ ᠲᠣᠭᠤᠷᠢᠭ ᠭᠠᠷᠭᠠᠵᠠᠢ᠂ ᠡᠭᠦᠨ ᠳᠤ ᠰᠢᠯᠢ ᠶᠢᠨ ᠭᠤᠣᠯ ᠤᠨ ᠬᠤᠨᠢᠨ ᠮᠢᠬ᠎ᠠ᠂ ᠣᠨᠴᠠᠯᠢᠭᠲᠤ ᠴᠠᠭᠠᠨ ᠢᠳᠡᠭᠡᠨ᠂ ᠬᠤᠷᠴᠢᠨ ᠦᠬᠡᠷ ᠤᠨ ᠮᠢᠬ᠎ᠠ᠂ ᠤᠯᠠᠭᠠᠨᠬᠠᠳᠠ ᠶᠢᠨ ᠨᠠᠷᠢᠮᠤ᠂ ᠤᠯᠠᠭᠠᠨᠴᠠᠪ ᠤᠨ ᠲᠥᠮᠥᠰᠥ ᠂ ᠲᠡᠭᠷᠢ ᠶᠢᠨ ᠬᠡᠰᠢᠭᠳᠦ ᠪᠣᠷᠣᠳᠣᠬᠤᠢ ᠶᠢᠨ ᠰᠢᠷᠢᠰ᠂ ᠠᠯᠠᠱᠠ ᠶᠢᠨ ᠲᠡᠮᠡᠭᠡᠨ ᠤ ᠰᠢᠷᠢᠰ ᠵᠡᠷᠭᠡ ᠣᠨᠴᠠᠯᠢᠭᠲᠤ ᠪᠦᠲᠦᠭᠡᠭᠳᠡᠬᠦᠨ ᠪᠣᠯᠣᠨ ᠲᠥᠯᠥᠭᠡᠯᠡᠬᠦ ᠴᠢᠨᠠᠷᠲᠠᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢ ᠪᠠᠭᠳᠠᠭᠠᠵᠠᠢ᠂ ᠲᠣᠰ ᠤᠳᠠᠭᠠᠨ ᠤ ᠦᠵᠡᠰᠬᠦᠯᠡᠩ ᠳᠤ ᠣᠷᠣᠯᠴᠠᠭᠰᠠᠨ ᠲᠠᠸᠠᠷ ᠤᠨ ᠲᠥᠷᠥᠯ ᠵᠦᠢᠯ  ᠨᠢ ᠨᠠᠩ ᠲᠥᠪᠯᠡᠷᠡᠩᠭᠦᠢ᠂ ᠶᠠᠰᠤ ᠴᠢᠨᠠᠷ  ᠨᠢ ᠨᠠᠩ ᠰᠢᠯᠢᠳᠡᠭ᠂ ᠪᠦᠲᠦᠭᠡᠭᠳᠡᠬᠦᠨ  ᠨᠢ ᠨᠠᠩ ᠥᠪᠡᠷᠮᠢᠴᠡ ᠣᠨᠴᠠᠯᠢᠭ ᠲᠠᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠦᠷᠢ ᠲᠥᠷᠬᠦ ᠶᠢ ᠭᠦᠢᠴᠡᠳ ᠢᠯᠡᠷᠡᠭᠦᠯᠪᠡ᠃ 
4.jpg
 
5.jpg
       ᠦᠵᠡᠭᠦᠯᠭᠡ ᠶᠢᠨ ᠲᠤᠬᠠᠢ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠠᠰᠠ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ︵ᠴᠢᠩᠳᠣᠣ︶ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠵᠣᠯᠭᠠᠯᠴᠠᠭ᠎ᠠ ᠶᠢᠨ ᠲᠠᠨᠢᠯᠴᠠᠭᠤᠯᠬᠤ ᠬᠤᠷᠠᠯ᠂ 2023 ᠣᠨ ᠤ ᠲᠠᠷᠢᠶᠠᠯᠠᠩ ᠮᠠᠯ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠤᠷᠠᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠭᠢᠯᠡᠪᠡ᠃ ᠦᠢᠯᠡᠳᠪᠦᠷᠢᠯᠡᠯ ᠪᠣᠷᠤᠯᠠᠭᠤᠯᠭ᠎ᠠ ᠶᠢᠨ ᠵᠣᠯᠭᠠᠯᠴᠠᠭ᠎ᠠ ᠶᠢᠨ ᠲᠠᠨᠢᠯᠴᠠᠭᠤᠯᠬᠤ ᠬᠤᠷᠠᠯ ᠳᠡᠭᠡᠷ᠎ᠡ᠂ ᠥᠪᠥᠷ ᠮᠣᠩᠭᠤᠯ ᠪᠣᠯᠣᠨ ᠱᠠᠨᠳᠦ᠋ᠩ ᠮᠤᠵᠢ ᠶᠢᠨ 18 ᠠᠵᠤ ᠠᠬᠤᠶᠢᠯᠠᠯ 9 ᠲᠦᠷᠦᠯ ᠵᠦᠢᠯ ᠳᠤ ᠭᠠᠷ ᠤᠨ ᠦᠰᠦᠭ ᠵᠢᠷᠤᠪᠠ᠃ ᠡᠨᠡ ᠵᠢᠯ ᠤᠨ ᠲᠦᠷᠦᠭᠦᠸ ᠭᠤᠷᠪᠠᠨ ᠤᠯᠠᠷᠢᠯ ᠳᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠡᠷ᠎ᠡ ᠲᠣᠭᠲᠠᠭᠰᠠᠨ ᠲᠥᠷᠥᠯ ᠵᠦᠢᠯ 466 ᠪᠠᠶᠢᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ 1315 ᠳ᠋ᠦᠩᠰᠢᠭᠤᠷ ᠲᠥᠭᠦᠷᠢᠭ ᠲᠤ ᠬᠦᠷᠴᠡᠢ᠃ ᠦᠵᠡᠭᠦᠯᠭᠡ ᠶᠢᠨ ᠬᠤᠭᠤᠴᠠᠭᠠᠨ ᠳᠤ ᠵᠢᠴᠢ ᠬᠤᠷᠠᠯ ᠤᠨ ᠳᠠᠷᠠᠭ᠎ᠠ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠰᠢᠯᠵᠢᠮᠡᠯ ᠦᠵᠡᠭᠦᠯᠭᠡ ᠶᠢᠨ ᠲᠢᠩᠬᠢᠮ ᠤᠨ ᠬᠠᠮ ᠲᠡᠷᠭᠡ ᠱᠠᠨᠳᠦ᠋ᠩ ᠮᠤᠵᠢ ᠶᠢᠨ ᠵᠢᠨᠠᠨ ᠬᠤᠲᠠ᠂ ᠴᠢᠩᠳᠣᠣ ᠬᠤᠲᠠ᠂ ᠶᠠᠨᠲ᠋ᠠᠢ ᠬᠤᠲᠠ ᠵᠡᠷᠭᠡ ᠭᠠᠵᠠᠷ ᠢᠶᠠᠷ ᠲᠣᠭᠤᠷᠢᠨ ᠦᠵᠡᠭᠦᠯᠵᠦ᠂ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠬᠦ ᠪᠣᠯᠣᠨ᠎ᠠ᠃ 
6.jpg
 
7.jpg
       ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠪᠣᠯ ᠳᠡᠯᠭᠡᠨ ᠦᠵᠡᠭᠦᠯᠬᠦ᠂ ᠲᠠᠨᠢᠯᠴᠠᠭᠤᠯᠬᠤ ᠲᠠᠪᠴᠠᠩ ᠮᠥᠨ᠂ ᠨᠡᠩ ᠴᠤ ᠲᠤᠷᠰᠢᠯᠭ᠎ᠠ ᠪᠠᠨ ᠰᠣᠯᠢᠯᠴᠠᠬᠤ᠂ ᠬᠢᠯᠠᠰ ᠴᠡᠭ ᠢ ᠢᠯᠡᠷᠡᠭᠦᠯᠬᠦ ᠲᠠᠪᠴᠠᠩ ᠮᠥᠨ᠃ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠤ ᠨᠥᠯᠥᠭᠡᠯᠡᠬᠦ ᠬᠦᠴᠦᠨ ᠪᠠ ᠰᠠᠴᠤᠷᠠᠭᠤᠯᠬᠤ ᠬᠦᠴᠦᠨ ᠳᠤ ᠲᠦᠰᠢᠭᠯᠡᠨ᠂ ᠥᠪᠥᠷ ᠮᠣᠩᠭᠤᠯ ᠦᠢᠯᠡᠳᠪᠦᠷᠢᠯᠡᠯ ᠪᠣᠷᠤᠯᠠᠭᠤᠯᠭ᠎ᠠ ᠶᠢᠨ ᠵᠣᠯᠭᠠᠯᠴᠠᠭ᠎ᠠ ᠶᠢᠨ ᠨᠠᠷᠢᠯᠢᠭ ᠣᠨᠣᠪᠴᠢᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠠᠷᠭ᠎ᠠ ᠵᠠᠮ ᠢ ᠥᠷᠭᠡᠳᠬᠡᠵᠦ᠂ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠤ ᠪᠦᠬᠦ ᠤᠯᠤᠰ ᠲᠤ ᠳᠡᠯᠭᠡᠷᠡᠬᠦ ᠶᠢ ᠠᠬᠢᠭᠤᠯᠵᠤ᠂ ᠲᠦᠭ ᠲᠦᠮᠡᠨ ᠡᠷᠦᠬᠡ ᠳᠤ ᠬᠦᠷᠭᠡᠬᠦ ᠪᠣᠯᠤᠨ᠎ᠠ᠃ 
8.jpg
9.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号