ᠬᠢᠷᠠᠭᠤ ᠤᠨᠠᠬᠤ ᠦᠶ᠎ᠡ ᠶᠢᠨ ᠲᠠᠷᠢᠶᠠᠯᠠᠩ ᠤᠨ ᠶᠠᠪᠤᠳᠠᠯ ᠤᠨ ᠵᠦᠭᠯᠡᠭᠦᠷ
ᠨᠡᠶᠢᠲᠡᠯᠡᠭᠰᠡᠨ ᠴᠠᠭ᠄
2023/11/10
      ᠬᠢᠷᠠᠭᠤ ᠤᠨᠠᠬᠤ ᠪᠣᠯ ᠬᠤᠷᠢᠨ ᠳᠥᠷᠪᠡᠨ ᠴᠠᠭ ᠤᠯᠠᠷᠢᠯ ᠤᠨ ᠨᠢᠭᠡ ᠪᠣᠯᠣᠨ᠎ᠠ᠂ ᠬᠢᠷᠠᠭᠤ ᠤᠨᠠᠭᠰᠠᠭᠠᠷ ᠠᠭᠤᠷ ᠠᠮᠢᠰᠬᠤᠯ ᠠᠭᠠᠵᠢᠮ ᠢᠶᠠᠷ ᠬᠦᠢᠲᠡᠷᠡᠵᠦ᠂ ᠬᠢᠷᠠᠭᠤ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠂ ᠡᠨᠡ ᠦᠶ᠎ᠡ ᠳᠤ ᠳᠤᠮᠳᠠᠳᠤ ᠤᠯᠤᠰ ᠤᠨ ᠰᠠᠪᠠ ᠭᠠᠵᠠᠷ ᠤᠨ ᠣᠷᠴᠢᠮ ᠳᠤ ᠠᠩᠬᠠᠨ ᠤ ᠬᠢᠷᠠᠭᠤ ᠤᠨᠠᠵᠤ᠂ ᠶᠡᠬᠡᠩᠬᠢ ᠬᠡᠰᠡᠭ ᠭᠠᠵᠠᠷ ᠲᠤ ᠭᠤᠷᠪᠠᠳᠠᠬᠢ ᠪᠤᠭᠤᠳᠠᠢ ᠶᠢᠨ ᠲᠠᠷᠢᠮᠠᠯ ᠳᠠᠷᠢᠬᠤ ᠪᠠᠷ ᠶᠠᠭᠠᠷᠠᠯᠳᠤᠵᠤ ᠪᠠᠶᠢᠳᠠᠭ᠃ ᠬᠢᠷᠠᠭᠤ ᠤᠨᠠᠬᠤ ᠦᠶ᠎ᠡ ᠶᠢᠨ ᠲᠠᠷᠢᠶᠠᠯᠠᠩ ᠤᠨ ᠶᠠᠪᠤᠳᠠᠯ ᠤᠨ ᠬᠠᠮᠢᠶᠠᠷᠤᠯᠲᠠ ᠪᠣᠯ ᠲᠤᠶᠢᠯ ᠤᠨ ᠴᠢᠬᠤᠯᠠ ᠶᠤᠮ᠂ ᠳᠣᠣᠷ᠎ᠠ ᠤᠯᠠᠨ ᠳᠤ ᠬᠢᠷᠠᠭᠤ ᠤᠨᠠᠬᠤ ᠴᠠᠭ ᠤᠯᠠᠷᠢᠯ ᠤᠨ ᠲᠠᠷᠢᠶᠠᠯᠠᠩ ᠤᠨ ᠶᠠᠪᠤᠳᠠᠯ ᠤᠨ ᠠᠵᠢᠯᠯᠠᠭ᠎ᠠ ᠶᠢᠨ ᠵᠦᠭᠯᠡᠭᠦᠷ ᠢ ᠲᠠᠨᠢᠯᠴᠠᠭᠤᠯᠤᠶ᠎ᠠ᠂ ᠪᠢᠳᠡ ᠬᠠᠮᠲᠤ ᠪᠠᠷ ᠦᠵᠡᠶ᠎ᠡ᠃      ᠢᠳᠡᠰᠢᠨ ᠨᠣᠭᠤᠭ᠎ᠠ ᠶᠢᠨ ᠬᠠᠮᠢᠶᠠᠷᠤᠯᠲᠠ      1.ᠲᠠᠷᠢᠶᠠᠨ ᠭᠠᠵᠠᠷ ᠤᠨ ᠡᠰᠢ ᠰᠦᠷᠡᠯ ᠢ ᠴᠡᠪᠡᠷᠯᠡᠵᠦ᠂ ᠬᠥᠷᠥᠰᠥ ᠶᠢ ᠭᠦᠨ ᠤᠷᠪᠠᠭᠤᠯᠵᠤ᠂ ᠡᠪᠡᠳᠴᠢᠨ ᠬᠤᠷᠣᠬᠠᠢ ᠶᠢᠨ ᠭᠠᠮᠰᠢᠭ ᠡᠭᠦᠰᠬᠦ ᠶᠢ ᠪᠠᠭᠠᠰᠬᠠᠨ᠎ᠠ᠃ ᠴᠤᠭᠤᠷ ᠨᠣᠭᠤᠭ᠎ᠠ᠂ ᠬᠥᠬᠡ ᠨᠣᠭᠤᠭ᠎ᠠ᠂ ᠯᠤᠤᠪᠠᠩ ᠵᠡᠷᠭᠡ ᠬᠦᠢᠲᠡᠨ ᠳᠤ ᠲᠡᠰᠪᠦᠷᠢᠲᠡᠢ ᠢᠳᠡᠰᠢᠨ ᠨᠣᠭᠤᠭ᠎ᠠ ᠶᠢ ᠤᠰᠤᠯᠠᠬᠤ᠂ ᠬᠤᠷᠣᠬᠠᠶᠢᠲᠤᠬᠤ ᠶᠢ ᠰᠡᠷᠭᠡᠶᠢᠯᠡᠬᠦ ᠵᠡᠷᠭᠡ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ᠃      2.ᠬᠦᠯᠡᠮᠵᠢ ᠶᠢᠨ ᠲᠥᠪᠡᠳ ᠬᠠᠰᠢ᠂ ᠥᠷᠭᠡᠰᠦᠲᠦ ᠬᠡᠮᠬᠡ᠂ ᠬᠠᠰᠢ᠂ ᠯᠠᠵᠤᠤ ᠵᠡᠷᠭᠡ ᠳᠤᠯᠠᠭᠠᠨᠰᠠᠭ ᠲᠠᠷᠢᠮᠠᠯ ᠤᠨ ᠳᠤᠯᠠᠭᠠᠨ ᠢ ᠬᠠᠮᠠᠭᠠᠯᠠᠵᠤ ᠬᠦᠢᠲᠡᠨ ᠢ ᠰᠡᠷᠭᠡᠶᠢᠯᠡᠬᠦ ᠶᠢ ᠴᠢᠩᠭᠠᠳᠬᠠᠬᠤ ᠶᠢᠨ ᠬᠠᠮᠲᠤ ᠵᠣᠬᠢᠬᠤ ᠴᠠᠭ ᠳᠤᠨᠢ ᠤᠰᠤᠯᠠᠬᠤ ᠪᠠ ᠴᠠᠭ ᠲᠤᠬᠠᠢ ᠳᠤᠨᠢ ᠲᠡᠭᠦᠵᠦ ᠬᠤᠷᠢᠶᠠᠬᠤ ᠬᠡᠷᠡᠭᠲᠡᠢ᠃ ᠬᠦᠯᠡᠮᠵᠢ ᠶᠢᠨ ᠳᠣᠲᠣᠷᠠᠬᠢ ᠳᠤᠯᠠᠭᠠᠨ ᠴᠢᠬᠢᠭ ᠤᠨ ᠬᠡᠮᠵᠢᠶ᠎ᠡ ᠶᠢ ᠡᠵᠡᠮᠳᠡᠵᠦ᠂ ᠬᠥᠭᠡᠴᠦ ᠶᠢᠨ ᠡᠪᠡᠳᠴᠢᠨ᠂ ᠴᠠᠭᠠᠨ ᠬᠥᠭᠡᠴᠦ ᠶᠢᠨ ᠡᠪᠡᠳᠴᠢᠨ᠂ ᠬᠢᠵᠢᠭ ᠡᠪᠡᠳᠴᠢᠨ ᠵᠡᠷᠭᠡ ᠡᠪᠡᠳᠴᠢᠨ ᠤ ᠬᠥᠨᠥᠭᠡᠯ ᠢ ᠤᠷᠢᠳᠴᠢᠯᠠᠨ ᠰᠡᠷᠭᠡᠶᠢᠯᠡᠬᠦ ᠬᠡᠷᠡᠭᠲᠡᠢ᠃      3.ᠬᠢᠷᠠᠭᠤ ᠤᠨᠠᠬᠤ ᠦᠶ᠎ᠡ ᠳᠤ᠂ ᠤᠮᠠᠷᠠᠲᠤ ᠣᠷᠣᠨ ᠤ ᠶᠡᠬᠡᠩᠬᠢ ᠬᠡᠰᠡᠭ ᠭᠠᠵᠠᠷ ᠲᠤ ᠨᠢᠭᠡᠨᠲᠡ ᠨᠠᠮᠤᠷ ᠤᠨ ᠬᠤᠷᠢᠶᠠᠯᠲᠠ ᠶᠢᠨ ᠰᠡᠭᠦᠯ ᠳᠤ ᠣᠷᠣᠵᠤ᠂ ᠬᠦᠢᠲᠡᠨ ᠳᠤ ᠲᠡᠰᠪᠦᠷᠢᠲᠡᠢ ᠰᠣᠩᠭᠢᠨ᠎ᠠ ᠴᠤ ᠭᠡᠰᠡᠨ ᠳᠠᠬᠢᠨ ᠤᠷᠭᠤᠵᠤ ᠳᠡᠶᠢᠯᠬᠦ ᠦᠭᠡᠢ ᠪᠣᠯᠤᠭᠰᠠᠨ ᠲᠤᠯᠠ ᠴᠠᠭ ᠲᠤᠬᠠᠢ ᠳᠤᠨᠢ ᠲᠡᠭᠦᠵᠦ ᠬᠤᠷᠢᠶᠠᠬᠤ ᠬᠡᠷᠡᠭᠲᠡᠢ᠃ ᠤᠮᠠᠷᠠᠲᠤ ᠣᠷᠣᠨ ᠤ ᠴᠠᠭᠠᠨ ᠨᠣᠭᠤᠭ᠎ᠠ ᠤᠳᠠᠯ ᠦᠭᠡᠢ ᠬᠤᠷᠢᠶᠠᠬᠤ ᠭᠡᠵᠦ ᠪᠠᠶᠢᠨ᠎ᠠ᠂ ᠲᠠᠷᠢᠶᠠᠴᠢᠨ ᠡᠷᠤᠭᠡ ᠨᠦᠭᠦᠳ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ 
图片1.png
       ᠲᠠᠷᠢᠶᠠᠨ ᠭᠠᠵᠠᠷ ᠤᠨ ᠲᠠᠷᠢᠮᠠᠯ ᠤᠨ ᠬᠠᠮᠢᠶᠠᠷᠤᠯᠲᠠ      1.ᠰᠢᠨ᠎ᠡ ᠴᠠᠢ ᠶᠢᠨ ᠬᠦᠷᠢᠶᠡᠯᠡᠩ ᠢ ᠡᠬᠢᠯᠡᠨ ᠳᠠᠷᠢᠵᠤ᠂ ᠭᠦᠨ ᠭᠤᠤ ᠳᠤ ᠣᠷᠭᠠᠨᠢᠭ ᠪᠣᠷᠳᠣᠭᠤᠷ ᠭᠦᠢᠴᠡᠳ ᠣᠷᠣᠭᠤᠯᠵᠤ᠂ ᠡᠩ ᠤᠨ ᠮᠦ ᠪᠦᠷᠢ ᠳᠤ 1500︱2500 ᠺᠢᠯᠣᠭ᠍ᠷᠠᠮ ᠹᠣᠰᠹᠣᠷ ᠺᠠᠯᠢ ᠶᠢᠨ ᠪᠣᠷᠳᠣᠭᠤᠷ ᠬᠠᠪᠰᠤᠷᠭᠠᠨ ᠲᠠᠷᠢᠶᠠᠨ ᠪᠣᠷᠳᠣᠭᠤᠷ ᠣᠷᠣᠭᠤᠯᠵᠤ᠂ ᠰᠢᠨ᠎ᠡ ᠴᠠᠢ ᠶᠢᠨ ᠬᠦᠷᠢᠶᠡᠯᠡᠩ ᠤᠨ ᠳᠠᠷᠢᠬᠤ ᠪᠠᠷᠢᠮᠵᠢᠶ᠎ᠠ ᠪᠠᠷ ᠴᠠᠢ  ᠶᠢᠨ ᠴᠢᠬᠢ ᠶᠢ ᠳᠠᠷᠢᠵᠤ᠂ ᠦᠨᠳᠦᠰᠦ ᠶᠢ  ᠨᠢ ᠭᠦᠢᠴᠡᠳ ᠤᠰᠤᠯᠠᠵᠤ᠂ ᠴᠠᠢ ᠶᠢᠨ ᠴᠢᠬᠢ ᠶᠢᠨ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃      2.ᠡᠮᠦᠨᠡᠲᠦ ᠣᠷᠣᠨ ᠳᠤ᠂ ᠡᠨᠡ ᠦᠶ᠎ᠡ ᠳᠤ ︽ᠭᠤᠷᠪᠠᠨ ᠨᠠᠮᠤᠷ︾ ᠤᠨ ᠶᠡᠭᠡ ᠶᠠᠭᠠᠷᠠᠤ ᠴᠠᠭ ᠪᠣᠯᠣᠨ᠎ᠠ᠃ ᠳᠠᠩ ᠤᠯᠠᠷᠢᠯ ᠤᠨ ᠡᠷᠯᠢᠰᠡᠵᠢᠭᠦᠯᠦᠭᠰᠡᠨ ᠲᠤᠲᠤᠷᠭ᠎ᠠ᠂ ᠣᠷᠣᠢ ᠶᠢᠨ ᠲᠤᠲᠤᠷᠭ᠎ᠠ ᠶᠢ ᠰᠠᠶ᠋ᠢ ᠬᠠᠳᠤᠵᠤ ᠬᠤᠷᠢᠶᠠᠳᠠᠭ᠂ ᠡᠷᠲᠡ ᠶᠢᠨ ᠭᠤᠤᠷᠰᠤ ᠪᠤᠭᠤᠳᠠᠢ ᠲᠠᠷᠢᠵᠤ ᠂ ᠡᠷᠲᠡ ᠶᠢᠨ ᠭᠤᠤᠷᠰᠤ ᠰᠢᠯᠢᠮᠳᠡᠭ ᠵᠠᠶᠢᠯᠠᠵᠤ᠂ ᠬᠥᠪᠥᠩ ᠲᠡᠭᠦᠵᠦ᠂ ᠬᠥᠪᠥᠩ ᠤᠨ ᠰᠦᠷᠡᠯ ᠢ ᠨᠢ ᠦᠭᠲᠡᠭᠡᠵᠦ ᠬᠠᠶᠠᠭᠠᠳ ᠬᠠᠭᠠᠯᠪᠤᠷᠢᠯᠠᠨ ᠭᠠᠵᠠᠷ ᠲᠡᠭᠰᠢᠯᠡᠳᠡᠭ᠃      3.ᠬᠢᠷᠠᠭᠤ ᠤᠨᠠᠬᠤ ᠪᠣᠯ ᠨᠠᠮᠤᠷ ᠤᠨ ᠤᠯᠠᠷᠢᠯ ᠤᠨ ᠬᠠᠮᠤᠭ ᠤᠨ ᠰᠡᠭᠦᠯᠴᠢ ᠶᠢᠨ ᠴᠠᠭ ᠤᠯᠠᠷᠢᠯ ᠮᠥᠨ᠂ ᠡᠯ᠎ᠡ ᠭᠠᠵᠠᠷ ᠤᠨ ᠬᠢᠨ ᠠᠮᠲᠠᠲᠤ ᠲᠥᠮᠥᠰᠥ ᠶᠢ ᠵᠠᠯᠭᠠᠭ᠎ᠠ ᠪᠠᠷ ᠬᠤᠷᠢᠶᠠᠵᠤ᠂ ᠴᠠᠭ ᠲᠤᠨᠢ ᠲᠣᠬᠢᠷᠠᠭᠤᠯᠤᠨ ᠮᠠᠯᠲᠠᠵᠤ ᠰᠢᠨᠵᠢᠯᠡᠬᠦ ᠤᠬᠠᠭᠠᠨᠴᠢ ᠪᠠᠷ ᠬᠠᠳᠠᠭᠠᠯᠠᠬᠤ ᠨᠢ ᠲᠤᠶᠢᠯ ᠤᠨ ᠴᠢᠬᠤᠯᠠ ᠶᠤᠮ᠃ ᠡᠭᠦᠨ ᠤ ᠬᠠᠮᠲᠤ ᠨᠠᠮᠤᠷ ᠡᠪᠦᠯ ᠤᠨ ᠠᠮᠤ ᠪᠤᠳᠠᠭ᠎ᠠ ᠢᠳᠡᠰᠢᠨ ᠲᠤᠰᠤᠨ ᠤ ᠲᠠᠷᠢᠮᠠᠯ ᠢ ᠴᠠᠭ ᠲᠤᠨᠢ ᠲᠣᠬᠢᠷᠠᠭᠤᠯᠤᠨ ᠲᠠᠷᠢᠬᠤ ᠪᠠ ᠲᠠᠷᠢᠮᠠᠯ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢ ᠰᠠᠶᠢᠲᠤᠷ ᠠᠳᠬᠤᠬᠤ ᠬᠡᠷᠡᠭᠲᠡᠢ᠃      4.ᠬᠢᠷᠠᠭᠤ ᠤᠨᠠᠬᠤ ᠬᠤᠭᠤᠴᠠᠭᠠᠨ ᠳᠤ᠂ ᠶᠠᠭ ᠰᠠᠶᠢᠬᠠᠨ ᠲᠠᠷᠢᠮᠠᠯ ᠤᠨ ᠬᠤᠷᠢᠶᠠᠯᠲᠠ ᠶᠢᠨ ᠴᠠᠭ ᠪᠠᠶᠢᠵᠤ᠂ ᠠᠮᠠᠷᠬᠠᠨ ᠬᠢᠷᠠᠭᠤ ᠤᠨᠠᠬᠤ ᠭᠠᠮᠰᠢᠭ ᠭᠠᠷᠳᠠᠭ᠃ ᠢᠯᠠᠩᠭᠤᠶ᠎ᠠ ᠠᠩᠬᠠᠨ ᠤ ᠬᠢᠷᠠᠭᠤ ᠶᠢᠨ ᠴᠠᠭ ᠨᠢ ᠤᠷᠢᠳᠴᠢᠯᠠᠪᠠᠯ ᠲᠠᠷᠢᠮᠠᠯ ᠳᠤ ᠨᠡᠩ ᠶᠡᠭᠡ ᠬᠤᠣᠷ ᠬᠥᠨᠥᠭᠡᠯ ᠤᠴᠠᠷᠠᠭᠤᠯᠳᠠᠭ᠂ ᠡᠶᠢᠮᠦ ᠠᠴᠠ ᠴᠠᠭ ᠲᠤᠬᠠᠢ ᠳᠤᠨᠢ ᠪᠦᠷᠬᠦᠪᠴᠢ ᠪᠦᠷᠬᠦᠬᠦ᠂ ᠤᠰᠤᠯᠠᠬᠤ᠂ ᠤᠲᠤᠬᠤ ᠵᠡᠷᠭᠡ ᠠᠷᠭ᠎ᠠ ᠪᠠᠷ ᠰᠡᠷᠭᠡᠶᠢᠯᠡᠬᠦ ᠬᠡᠷᠡᠭᠲᠡᠢ᠃      5.ᠵᠧᠵᠢᠶᠠᠩ ᠤᠨ ᠨᠤᠭᠲᠤᠷᠤ ᠡᠪᠡᠰᠦ᠂ ᠬᠡᠯᠡᠭᠡᠢ ᠰᠠᠷᠠᠨ᠎ᠠ ᠶᠢᠨ ᠲᠠᠷᠢᠮᠠᠯ ᠤᠨ ᠰᠠᠭᠤᠷᠢᠨ ᠭᠠᠵᠠᠷ ᠲᠤ ᠭᠠᠵᠠᠷ ᠲᠡᠭᠰᠢᠯᠡᠨ᠂ ᠲᠠᠲᠠᠭᠠᠯ ᠭᠠᠷᠭᠠᠵᠤ᠂ ᠣᠷᠭᠠᠨᠢᠭ ᠪᠣᠷᠳᠣᠭᠤᠷ ᠣᠷᠣᠭᠤᠯᠤᠨ ᠰᠠᠭᠤᠷᠢ ᠪᠣᠷᠳᠣᠭᠤᠷ ᠪᠣᠯᠭᠠᠬᠤ ᠬᠡᠷᠡᠭᠲᠡᠢ᠃ ᠤᠳᠪᠠᠯᠠ ᠠᠮᠤ ᠲᠡᠭᠦᠬᠦ ᠮᠠᠰᠢᠨ ᠢᠶᠠᠷ ᠪᠠᠷᠢᠮᠵᠢᠶ᠎ᠠ ᠶᠣᠰᠣᠭᠠᠷ ᠴᠠᠭ ᠲᠤᠬᠠᠢ ᠳᠤᠨᠢ ᠬᠤᠷᠢᠶᠠᠵᠤ᠂ ᠴᠣᠮᠣᠷᠯᠢᠭ ᠳᠡᠯᠭᠡᠷᠡᠬᠦ ᠠᠴᠠ ᠵᠠᠶᠢᠯᠠᠰᠬᠢᠵᠦ᠂ ᠤᠳᠪᠠᠯᠠ ᠠᠮᠤ ᠶᠢᠨ ᠴᠢᠨᠠᠷ ᠴᠢᠨᠰᠠᠭ᠎ᠠ ᠶᠢ ᠨᠥᠯᠥᠭᠡᠯᠡᠨ᠎ᠡ᠃
图片2.png
       ᠵᠢᠮᠢᠰ ᠤᠨ ᠮᠣᠳᠣᠨ ᠤ ᠬᠠᠮᠢᠶᠠᠷᠤᠯᠲᠠ      1.ᠳᠤᠮᠳᠠ᠂ ᠣᠷᠣᠢ ᠪᠣᠯᠪᠠᠰᠤᠷᠠᠬᠤ ᠲᠣᠰᠢᠯᠤᠭ ᠤᠨ ᠲᠥᠷᠥᠯ ᠵᠦᠢᠯ ᠤᠨ  ᠶᠢᠨ ᠶᠠᠨ᠂ ᠶᠢᠨ ᠺᠦᠢ ᠪᠣᠯᠣᠨ ᠬᠤᠸᠠ ᠲᠧ ᠵᠡᠷᠭᠡ ᠶᠢ ᠲᠣᠬᠢᠷᠠᠮᠵᠢᠲᠠᠢ ᠦᠶ᠎ᠡ ᠳᠤ ᠲᠡᠭᠦᠵᠦ ᠬᠤᠷᠢᠶᠠᠬᠤ ᠬᠡᠷᠡᠭᠲᠡᠢ᠃ ᠲᠣᠰᠢᠯᠤᠭ ᠤᠨ ᠰᠢᠷᠬᠠᠯᠠᠭ᠎ᠠ ᠶᠢᠨ ᠡᠪᠡᠳᠴᠢᠨ ᠪᠠ ᠬᠦᠷᠡᠩ ᠲᠣᠯᠪᠣᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠲᠢᠶᠠᠲᠷ ᠤᠨ ᠪᠠᠺᠲ᠋ᠧᠷᠢ ᠶᠢᠨ ᠵᠡᠰ ᠪᠤᠶᠤ ᠲᠢᠶᠠᠽᠤᠯ ᠴᠠᠶᠢᠷ ᠤᠨ ᠳᠡᠭᠡᠷ᠎ᠡ ᠫᠢᠷᠢᠮᠢᠳᠢᠨ ᠪᠠᠺᠲ᠋ᠧᠷᠢ ᠶᠢᠨ ᠡᠰᠲ᠋ᠧᠷ ᠢ ᠰᠣᠩᠭᠤᠵᠤ ᠪᠣᠯᠣᠨ᠎ᠠ᠃      2.ᠦᠵᠦᠮ ᠪᠠ ᠨᠢᠭᠡᠨᠲᠡ ᠲᠡᠭᠦᠭᠰᠡᠨ ᠲᠣᠰᠢᠯᠤᠭ ᠲᠤ ᠰᠠᠭᠤᠷᠢ ᠪᠣᠷᠳᠣᠭᠤᠷ ᠣᠷᠣᠭᠤᠯᠵᠤ᠂ ᠬᠥᠷᠥᠰᠥᠨ ᠤ ᠪᠠᠶᠢᠳᠠᠯ ᠢ ᠦᠵᠡᠵᠦ ᠪᠠᠶᠢᠭᠠᠳ ᠨᠢᠭᠡ ᠤᠳᠠᠭ᠎ᠠ ᠤᠰᠤ ᠰᠦᠷᠴᠢᠨ᠎ᠡ᠃ ᠦᠵᠦᠮ ᠤᠨ ᠴᠠᠭᠠᠨ ᠬᠥᠭᠡᠴᠦ ᠶᠢᠨ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠨᠠᠮᠤᠷ ᠤᠨ ᠨᠠᠪᠴᠢ ᠶᠢ ᠰᠠᠶᠢᠲᠤᠷ ᠬᠠᠮᠠᠭᠠᠯᠠᠨ᠂ ᠠᠯᠺᠢᠯ ᠮᠤᠷᠹᠢᠨ ᠪᠤᠶᠤ ᠺᠤᠶᠢᠨᠣᠯᠢᠨ ᠵᠡᠰ ᠢᠶᠠᠷ ᠰᠡᠷᠭᠡᠶᠢᠯᠡᠨ ᠵᠠᠰᠠᠵᠤ ᠪᠣᠯᠣᠨ᠎ᠠ᠃
图片3.png
       ᠮᠠᠯ ᠠᠵᠤ ᠠᠬᠤᠢ ᠤᠰᠤᠨ ᠭᠠᠷᠤᠯᠲᠠ ᠶᠢᠨ ᠲᠠᠷᠢᠶᠠᠯᠠᠩ ᠤᠨ ᠶᠠᠪᠤᠳᠠᠯ      1.ᠨᠠᠮᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠶᠢ ᠴᠠᠭ ᠲᠤᠬᠠᠢ ᠳᠤᠨᠢ ᠳᠠᠷᠢᠵᠤ ᠰᠡᠷᠭᠡᠶᠢᠯᠡᠬᠦ ᠬᠡᠷᠡᠭᠲᠡᠢ᠃ ᠮᠠᠯ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠡᠭᠦᠰᠬᠦ ᠶᠢ ᠰᠡᠷᠭᠡᠶᠢᠯᠡᠵᠦ᠂ ᠴᠠᠭ ᠲᠤᠬᠠᠢ ᠳᠤᠨᠢ ᠰᠡᠷᠭᠡᠶᠢᠯᠡᠬᠦ ᠬᠡᠷᠡᠭᠲᠡᠢ᠃ ᠮᠠᠯ ᠠᠵᠤ ᠠᠬᠤᠢ ᠶᠢᠨ ᠲᠠᠯ᠎ᠠ ᠪᠠᠷ ᠲᠠᠷᠭᠤ ᠶᠢ ᠠᠩᠬᠠᠷᠴᠣ ᠠᠶᠤᠯᠭᠦᠢ ᠡᠪᠦᠯᠵᠢᠵᠦ᠂ ᠮᠠᠯ ᠤᠨᠤᠭ᠎ᠠ ᠶᠢᠨ ᠡᠪᠦᠯᠵᠢᠬᠦ ᠳᠤ ᠠᠮᠤ ᠬᠦᠨᠡᠰᠦ ᠶᠢ ᠰᠠᠶᠢᠲᠤᠷ ᠪᠡᠯᠡᠳᠬᠡᠬᠦ ᠬᠡᠷᠡᠭᠲᠡᠢ᠃      2.ᠬᠢᠷᠠᠭᠤ ᠤᠨᠠᠭᠰᠠᠨ ᠤ ᠳᠠᠷᠠᠭ᠎ᠠ᠂ ᠤᠰᠤᠨ ᠭᠠᠷᠤᠯᠲᠠ ᠶᠢᠨ ᠠᠮᠢᠲᠠᠨ ᠤᠳᠠᠯ ᠦᠭᠡᠢ ᠡᠪᠦᠯ ᠤᠨ ᠢᠴᠡᠭᠡᠯᠡᠯᠲᠡ ᠳᠤ ᠣᠷᠣᠵᠤ᠂ ᠪᠦᠲᠦᠭᠡᠭᠳᠡᠬᠦᠨ ᠨᠢ ᠠᠭᠠᠵᠢᠮ ᠢᠶᠠᠷ ᠵᠠᠬ᠎ᠠ ᠳᠡᠯᠭᠡᠭᠦᠷ ᠲᠤ ᠭᠠᠷᠴᠤ᠂ ᠵᠢᠯ ᠠᠯᠤᠰᠯᠠᠨ ᠲᠡᠵᠢᠭᠡᠨ ᠦᠷᠡᠵᠢᠭᠦᠯᠬᠦ ᠳᠤ ᠣᠷᠣᠭᠤᠯᠬᠤ ᠬᠡᠮᠵᠢᠶ᠎ᠡ ᠪᠠᠨ ᠤᠯᠠᠮ ᠨᠢᠭᠡ ᠠᠯᠬᠤᠮ ᠪᠠᠭᠠᠰᠬᠠᠵᠤ᠂ ᠴᠥᠭᠦᠷᠥᠮ ᠤᠨ ᠤᠰᠤ ᠶᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠢ᠃
图片4.png
       ᠳᠡᠭᠡᠷᠡᠬᠢ ᠪᠣᠯ ᠳᠠᠷᠤᠢ ᠬᠢᠷᠠᠭᠤ ᠤᠨᠠᠬᠤ ᠴᠠᠭ ᠤᠯᠠᠷᠢᠯ ᠤᠨ ᠲᠠᠷᠢᠶᠠᠯᠠᠩ ᠤᠨ ᠠᠵᠢᠯᠯᠠᠭ᠎ᠠ ᠶᠢᠨ ᠵᠦᠭᠯᠡᠭᠦᠷ ᠪᠣᠯᠣᠨ᠎ᠠ᠂ ᠬᠢᠷᠠᠭᠤ ᠤᠨᠠᠭᠰᠠᠨ ᠤ ᠳᠠᠷᠠᠭ᠎ᠠ ᠨᠠᠮᠤᠷ ᠤᠨ ᠰᠡᠭᠦᠯᠴᠢ ᠶᠢᠨ ᠦᠵᠡᠮᠵᠢ ᠢᠯᠡᠷᠭᠡᠢ᠂ ᠬᠦᠢᠲᠡᠨ ᠠᠭᠤᠷ ᠠᠮᠢᠰᠬᠤᠯ ᠤᠯᠠᠮ ᠢᠶᠠᠷ ᠣᠯᠠᠰᠢᠷᠠᠳᠠᠭ᠃ ᠲᠠᠷᠢᠶᠠᠯᠠᠩ ᠤᠨ ᠦᠢᠯᠡᠳᠪᠦᠷᠢᠯᠡᠯ ᠤᠨ ᠲᠠᠯ᠎ᠠ ᠪᠠᠷ᠂ ᠨᠢᠭᠡ ᠲᠠᠯ᠎ᠠ ᠪᠠᠷ ᠨᠠᠮᠤᠷ ᠤᠨ ᠠᠮᠤ ᠪᠤᠳᠠᠭ᠎ᠠ ᠬᠤᠷᠢᠶᠠᠬᠤ ᠠᠵᠢᠯ ᠢ ᠱᠠᠯᠠᠪᠳᠠᠨ ᠰᠠᠶᠢᠲᠤᠷ ᠬᠢᠵᠦ᠂ ᠨᠦᠭᠦᠭᠡ ᠲᠠᠯ᠎ᠠ ᠪᠠᠷ ᠨᠠᠮᠤᠷ ᠡᠪᠦᠯ ᠤᠨ ᠲᠠᠷᠢᠮᠠᠯ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠭᠠᠩ ᠬᠠᠭᠰᠠᠷᠠᠭᠠᠨ ᠲᠠᠢ ᠲᠡᠮᠡᠴᠡᠵᠦ ᠴᠢᠬᠢ ᠶᠢ ᠬᠠᠮᠠᠭᠠᠯᠠᠬᠤ᠂ ᠤᠰᠤᠨ ᠳᠤ ᠠᠷᠪᠢᠲᠠᠢ ᠤᠰᠤᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号