ᠱᠠᠨᠳᠦ᠋ᠩ ᠥᠪᠥᠷ ᠮᠣᠩᠭᠤᠯ ᠭᠠᠷ ᠬᠤᠯᠪᠤᠵᠦ ᠰᠢᠨ᠎ᠡ ᠠᠶᠠᠨ ᠳᠤ ᠬᠠᠮᠲᠤ ᠪᠠᠷ ᠮᠣᠷᠳᠠᠮᠤᠢ︱ᠥᠪᠥᠷ ᠮᠣᠩᠭᠤᠯ ᠤᠨ ᠰᠢᠯᠢᠳᠡᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠱᠠᠨᠳᠦ᠋ᠩ ᠮᠤᠵᠢ ᠶᠢᠨ ᠡᠵᠡᠩᠨᠡᠨ ᠪᠣᠷᠣᠯᠠᠭᠤᠯᠬᠤ ᠲᠥᠪ ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2023/11/11
      11 ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠭᠤᠣᠯᠯᠠᠨ ᠡᠷᠭᠢᠯᠡᠵᠦ᠂ ᠱᠠᠨᠳᠦ᠋ᠩ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠠᠴᠠ ᠳᠠᠭᠠᠭᠠᠴᠢᠯᠠᠨ ᠡᠷᠭᠢᠯᠡᠭᠰᠡᠨ ︽ᠱᠠᠨᠳᠦ᠋ᠩ ᠥᠪᠥᠷ ᠮᠣᠩᠭᠤᠯ ᠭᠠᠷ ᠬᠤᠯᠪᠤᠵᠦ ᠰᠢᠨ᠎ᠡ ᠠᠶᠠᠨ ᠵᠠᠮ ᠳᠤ ᠮᠣᠷᠳᠠᠮᠤᠢ︱ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠱᠠᠨᠳᠦ᠋ᠩ ᠮᠤᠵᠢ ᠶᠢᠨ ᠡᠵᠡᠩᠨᠡᠨ ᠪᠣᠷᠣᠯᠠᠭᠤᠯᠬᠤ ᠲᠥᠪ︾ ᠤᠨ ᠡᠬᠢᠯᠡᠯᠲᠡ ᠶᠢᠨ ᠶᠡᠭᠡ ᠬᠤᠷᠠᠯ ᠱᠠᠨᠳᠦ᠋ᠩ ᠮᠤᠵᠢ ᠶᠢᠨ ᠴᠢᠩᠳᠣᠣ ᠬᠤᠲᠠ ᠳᠤ ᠠᠮᠵᠢᠯᠲᠠ ᠲᠠᠢ ᠶᠠᠪᠤᠭᠳᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ᠂ ᠱᠠᠨᠳᠦ᠋ᠩ ᠮᠤᠵᠢ ᠶᠢᠨ ᠲᠠᠷᠢᠶᠠᠯᠠᠩ ᠬᠥᠳᠡᠭᠡ ᠲᠣᠰᠬᠤᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠰᠦᠨ ᠮᠢᠩ ᠾᠧ ᠠᠵᠢᠯᠯᠠᠭ᠎ᠠ ᠳᠤ ᠣᠷᠣᠯᠴᠠᠵᠠᠢ᠃
1.jpg
       ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠡᠯ᠎ᠡ ᠮᠤᠵᠢ ᠬᠤᠲᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ᠂ ᠨᠥᠬᠦᠷᠰᠡᠭ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠵᠢᠴᠢ ᠱᠠᠨᠳᠦ᠋ᠩ ᠥᠪᠥᠷ ᠮᠣᠩᠭᠤᠯ ᠬᠤᠶᠠᠷ ᠭᠠᠵᠠᠷ ᠤᠨ ᠰᠢᠯᠢᠳᠡᠭ ᠠᠵᠤ ᠠᠬᠤᠶᠢᠯᠠᠯᠲᠠᠨ ᠤ ᠲᠥᠯᠥᠭᠡᠯᠡᠭᠴᠢᠳ ᠲᠠᠢ ᠬᠠᠮᠲᠤ ᠡᠵᠡᠩᠨᠡᠨ ᠪᠣᠷᠣᠯᠠᠭᠤᠯᠬᠤ ᠲᠥᠪ ᠤᠨ ᠦᠵᠡᠭᠦᠯᠭᠡ ᠶᠢᠨ ᠲᠢᠩᠬᠢᠮ ᠪᠠ ᠪᠠᠷᠠᠭᠠᠨ ᠤ ᠭᠦᠢᠯᠭᠡᠭᠡᠨ ᠤ ᠬᠥᠮᠥᠷᠭᠡ ᠶᠢ ᠲᠣᠭᠤᠷᠢᠨ ᠦᠵᠡᠭᠰᠡᠨ ᠪᠥᠭᠡᠳ ᠶᠠᠷᠢᠯᠴᠠᠨ ᠰᠣᠯᠢᠯᠴᠠᠪᠠ᠃
2.jpg
 
3.jpg
      ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠱᠠᠨᠳᠦ᠋ᠩ ᠮᠤᠵᠢ ᠶᠢᠨ ᠡᠵᠡᠩᠨᠡᠨ ᠪᠣᠷᠣᠯᠠᠭᠤᠯᠬᠤ ᠲᠥᠪ ᠨᠢ ᠠᠩᠬᠠᠳᠠᠭᠴᠢ ᠣᠷᠣᠨ ᠤ ᠭᠠᠳᠠᠨᠠᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠮᠤᠵᠢ ᠶᠢᠨ ᠲᠠᠰ ᠤᠨ ᠡᠵᠡᠩᠨᠡᠨ ᠪᠣᠷᠣᠯᠠᠭᠤᠯᠬᠤ ᠲᠥᠪ ᠪᠣᠯᠤᠭᠰᠠᠨ ᠤ ᠬᠤᠪᠢ ᠳᠤ᠂ ᠱᠠᠨᠳᠦ᠋ᠩ ᠮᠤᠵᠢ ᠳᠤ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠬᠦ ᠴᠣᠩᠬᠤ ᠪᠣᠯᠬᠤ ᠮᠥᠷᠲᠡᠭᠡᠨ ᠪᠠᠰᠠ ᠥᠪᠥᠷ ᠮᠣᠩᠭᠤᠯ ᠤᠨ ᠱᠠᠨᠳᠦ᠋ᠩ ᠳᠠᠬᠢ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠠᠴᠢᠶᠠᠯᠠᠪᠤᠷᠢ ᠪᠣᠯᠣᠨ᠎ᠠ᠃ ᠡᠵᠡᠩᠨᠡᠨ ᠪᠣᠷᠣᠯᠠᠭᠤᠯᠬᠤ ᠲᠥᠪ ᠨᠢ ︽ᠨᠡᠬᠡᠭᠡᠬᠦ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠡᠳ᠋ᠯᠡᠬᠦ︾ ᠪᠠᠷ ᠣᠨᠣᠯᠵᠢᠬᠤᠨ ᠪᠣᠯᠭᠠᠵᠤ᠂ ᠨᠢᠭᠡ ᠴᠣᠭᠴᠠᠵᠢᠭᠰᠠᠨ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠬᠥᠭᠵᠢᠯᠲᠡ ᠳᠤ ᠬᠦᠴᠦᠨ ᠨᠡᠮᠡᠷᠢᠯᠡᠨ᠎ᠡ᠃
4.jpg
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠪᠠ ᠪᠣᠷᠣᠯᠠᠭᠤᠯᠬᠤ ᠡᠴᠦᠰ ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠡᠨᠡ ᠵᠢᠯ ᠠᠴᠠ ᠨᠠᠭᠠᠰᠢ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ ᠵᠡᠷᠭᠡᠪᠡᠷ ᠬᠦᠴᠦᠯᠡᠵᠦ᠂ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠰᠦᠯᠵᠢᠶᠡᠨ ᠠᠴᠠ ᠭᠠᠳᠠᠨᠠᠬᠢ ᠶᠢᠨ ᠪᠣᠷᠤᠯᠠᠭᠤᠯᠭ᠎ᠠ ᠶᠢᠨ ᠴᠣᠩᠬᠤ ᠶᠢ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠶᠢᠯᠠᠯ ᠢ ᠬᠠᠪᠰᠤᠷᠤᠨ ᠣᠷᠣᠨ ᠤ ᠭᠠᠳᠠᠨᠠᠬᠢ ᠢᠳᠡᠭᠡᠨ ᠤᠮᠳᠠᠭᠠᠨ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠬᠡᠳᠦ ᠳᠡᠯᠭᠡᠭᠦᠷ᠂ ᠰᠢᠨ᠎ᠡ ᠵᠢᠵᠢᠭᠯᠡᠨ ᠬᠤᠳᠠᠯᠳᠤᠭ᠎ᠠ ᠵᠡᠷᠭᠡ ᠡᠯ᠎ᠡ ᠲᠦᠷᠦᠯ ᠤᠨ ᠠᠷᠭ᠎ᠠ ᠵᠠᠮ ᠤᠨ ᠡᠬᠢ ᠪᠠᠶᠠᠯᠢᠭ ᠲᠠᠢ ᠵᠣᠯᠭᠠᠭᠤᠯᠵᠠᠢ᠃ ᠠᠵᠤ ᠠᠬᠤᠶᠢᠯᠠᠯ ᠤᠨ ᠲᠦᠷᠦᠭᠦᠯᠡᠬᠦ ᠶᠢ ᠵᠣᠷᠢᠭᠵᠢᠭᠤᠯᠵᠤ᠂ ᠵᠠᠬ᠎ᠠ ᠳᠡᠯᠭᠡᠭᠦᠷᠴᠢᠯᠡᠬᠦ ᠰᠡᠳᠬᠢᠬᠦᠢ ᠶᠢ ᠪᠠᠷᠢᠮᠲᠠᠯᠠᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠵᠣᠷᠢᠭᠲᠠᠢ ᠪᠠᠷ ᠬᠢᠬᠦ᠂ ᠵᠣᠷᠢᠭᠲᠠᠢ ᠪᠠᠷ ᠰᠢᠪᠲᠤᠯᠬᠤ᠂ ᠵᠣᠷᠢᠭᠲᠠᠢ ᠪᠠᠷ ᠠᠵᠢᠯᠯᠠᠬᠤ᠂ ᠵᠣᠷᠢᠭᠲᠠᠢ ᠪᠠᠷ ᠡᠭᠦᠳᠦᠨ ᠪᠦᠲᠦᠭᠡᠬᠦ᠂ ᠦᠨᠡᠨ ᠢ ᠪᠠᠷᠢᠮᠲᠠᠯᠠᠬᠤ᠂ ᠦᠷ᠎ᠡ ᠠᠰᠢᠭ ᠢ ᠡᠷᠬᠢᠮᠯᠡᠬᠦ᠂ ᠲᠦᠷᠭᠡᠨ ᠢ ᠡᠷᠬᠢᠮᠯᠡᠬᠦ ᠶᠢ ᠳᠡᠮᠵᠢᠵᠦ᠂ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢ ᠲᠤᠩ ᠲᠦᠮᠡᠨ ᠡᠷᠦᠬᠡ ᠳᠤ ᠬᠦᠷᠭᠡᠪᠡ᠃
5.jpg
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠢᠶᠠᠨ᠂ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠳᠠᠯᠳᠤᠭᠠᠨ ᠤ ᠨᠡᠶᠢᠭᠡᠮᠯᠢᠭ ᠤᠨ ᠲᠥᠯᠥᠭᠡᠯᠡᠭᠴᠢ᠂ ᠱᠠᠨᠳᠦ᠋ᠩ ᠥᠪᠥᠷ ᠮᠣᠩᠭᠤᠯ ᠤᠨ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠤᠨ 400 ᠰᠢᠬᠠᠮ ᠬᠥᠮᠥᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号