ᠮᠠᠨ ᠤ ᠣᠷᠣᠨ ᠱᠧᠨᠵᠧᠨ ᠳᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠢ ᠵᠣᠯᠭᠠᠭᠤᠯᠬᠤ ᠲᠤᠰᠬᠠᠢ ᠬᠤᠷᠠᠯ ᠬᠢᠪᠡ
ᠨᠡᠶᠢᠲᠡᠯᠡᠭᠰᠡᠨ ᠴᠠᠭ᠄
2023/11/13
      ᠬᠢᠩᠭᠠᠨ ᠤ ᠲᠤᠲᠤᠷᠭ᠎ᠠ ᠂ ᠰᠢᠯᠢ ᠶᠢᠨ ᠭᠤᠣᠯ ᠤᠨ ᠴᠠᠭᠠᠨ ᠢᠳᠡᠭᠡᠨ᠂ ᠤᠯᠠᠭᠠᠨᠴᠠᠪ ᠤᠨ ᠲᠥᠮᠥᠰᠥ᠂ ᠣᠷᠳᠣᠰ ᠤᠨ ᠠᠷᠪᠠᠰ ᠤᠨ ᠢᠮᠠᠭᠠᠨ ᠮᠢᠬ᠎ᠠ ᠁ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠠᠵᠤ ᠠᠬᠤᠶᠢᠯᠠᠯ ᠢᠶᠠᠷ ᠳᠠᠮᠵᠢᠨ ᠱᠧᠨᠵᠧᠨ ᠳᠤ ᠭᠦᠷᠦᠯ᠎ᠠ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠵᠣᠯᠭᠠᠭᠤᠯᠬᠤ ᠲᠤᠰᠬᠠᠢ ᠬᠤᠷᠠᠯ 10 ᠰᠠᠷ᠎ᠠ ᠶᠢᠨ 20 ᠤ ᠡᠳᠦᠷ ᠱᠧᠨᠵᠧᠨ ᠳᠤ ᠶᠠᠪᠤᠭᠳᠠᠵᠤ ᠂ 41 ᠠᠵᠤ ᠠᠬᠤᠶᠢᠯᠠᠯ ᠤᠨ 100 ᠭᠠᠷᠤᠢ ᠵᠦᠢᠯ ᠤᠨ ᠴᠢᠨᠠᠷ ᠰᠠᠶᠢᠲᠠᠢ  ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠪᠡ᠃      ︽ᠲᠤᠰ ᠤᠳᠠᠭ᠎ᠠ ᠶᠢᠨ ᠵᠣᠯᠭᠠᠭᠤᠯᠬᠤ ᠬᠤᠷᠠᠯ ᠳᠤ ᠥᠪᠥᠷ ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠣᠩᠭᠤᠵᠤ ᠂ ᠬᠤᠶᠠᠷ ᠲᠠᠯ᠎ᠠ ᠶᠢᠨ ᠠᠵᠤ ᠠᠬᠤᠶᠢᠯᠠᠯ ᠤᠨ ᠨᠡᠪᠲᠡᠷᠡᠯᠴᠡᠭᠡ ᠵᠣᠯᠭᠠᠯᠴᠠᠭ᠎ᠠ ᠪᠠᠷ ᠳᠠᠮᠵᠢᠨ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠵᠠᠬ᠎ᠠ ᠳᠡᠯᠭᠡᠭᠦᠷ ᠢ ᠨᠡᠭᠡᠭᠡᠭᠰᠡᠨ ᠪᠠᠶᠢᠨ᠎ᠠ ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠶᠠᠩ ᠵᠧᠩ ᠮᠣᠣ ᠲᠠᠨᠢᠯᠴᠠᠭᠤᠯᠪᠠ ᠃ ᠵᠣᠯᠭᠠᠭᠤᠯᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠪᠣᠯᠣᠨ ᠱᠧᠨᠵᠧᠨ ᠤ ᠢ ᠷᠦᠢ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠤᠮᠫᠠᠨᠢ ᠴᠢᠨᠠᠭᠰᠢᠳᠠ ᠬᠠᠮᠲᠤᠷᠠᠯᠴᠠᠬᠤ ᠰᠠᠨᠠᠮᠵᠢ ᠶᠢᠨ ᠪᠢᠴᠢᠭ ᠲᠣᠭᠲᠠᠵᠤ᠂ ᠢ ᠷᠦᠢ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠤᠮᠫᠠᠨᠢ ᠨᠢ ᠱᠧᠨᠵᠧᠨ ᠤ ᠣᠯᠠᠨ ᠤᠯᠤᠰ ᠤᠨ ᠢᠳᠡᠭᠡᠨ ᠤ ᠬᠥᠨᠳᠡᠢ ᠶᠢᠨ ᠵᠠᠭᠪᠤᠷ   ᠢᠶᠠᠷ ᠯᠠᠪᠯᠠᠯᠲᠠ ᠪᠤᠯᠭᠠᠵᠤ ᠥᠪᠥᠷ ᠮᠣᠩᠭᠤᠯ  ᠳᠤ ᠪᠡᠯᠡ ᠣᠷᠣᠭᠤᠯᠤᠨ ︽ ᠤᠮᠠᠷᠠᠲᠤ ᠶᠢᠨ ᠮᠠᠯ ᠠᠵᠤ ᠠᠬᠤᠢ ᠲᠠᠷᠢᠶᠠᠯᠠᠩ ᠤᠨ ᠬᠥᠨᠳᠡᠢ ︾  ᠶᠢ ᠪᠦᠲᠦᠭᠡᠨ ᠪᠠᠶᠢᠭᠤᠯᠬᠤ ᠪᠠᠷ ᠲᠣᠭᠲᠠᠪᠠ᠃ ᠲᠥᠷᠥᠯ ᠵᠦᠢᠯ  ᠪᠠᠶᠢᠭᠤᠯᠤᠭᠳᠠᠭᠰᠠᠨ ᠤ ᠳᠠᠷᠠᠭ᠎ᠠ ︽ᠤᠮᠠᠷᠠᠲᠤ ᠶᠢᠨ ᠮᠠᠯ ᠠᠵᠤ ᠠᠬᠤᠢ ᠲᠠᠷᠢᠶᠠᠯᠠᠩ ᠤᠨ ᠬᠥᠨᠳᠡᠢ︾ ᠶᠢ ᠤᠯᠤᠰ ᠤᠨ ᠳᠣᠲᠣᠭᠠᠳᠤ ᠶᠢᠨ ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠳᠠᠬᠢ ᠬᠤᠰᠢᠭᠤᠴᠢ ᠮᠡᠷᠭᠡᠵᠢᠯ᠂ ᠭᠤᠣᠯᠯᠠᠬᠤ ᠦᠢᠯᠡᠳᠬᠦᠨ ᠂ ᠰᠢᠨ᠎ᠡ ᠪᠠᠷ ᠮᠠᠨᠳᠤᠬᠤ ᠠᠵᠤ ᠦᠢᠯᠡᠰ ᠤᠨ ᠲᠡᠷᠢᠭᠦᠨ ᠤ ᠵᠢᠱᠢᠶ᠎ᠡ ᠦᠵᠡᠭᠦᠯᠭᠦ ᠣᠷᠣᠨ ᠪᠣᠯᠭᠠᠨ ᠴᠣᠭᠴᠠᠯᠠᠬᠤ ᠪᠣᠯᠣᠨ᠎ᠠ᠃      ᠮᠠᠨ ᠤ ᠣᠷᠣᠨ ᠣᠶᠢᠷ᠎ᠠ ᠶᠢᠨ ᠵᠢᠯ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ  ᠪᠣᠷᠤᠯᠠᠭᠤᠯᠭ᠎ᠠ ᠶᠢᠨ ᠠᠷᠭ᠎ᠠ ᠵᠠᠮ ᠢ ᠴᠢᠷᠮᠠᠶᠢᠨ ᠥᠷᠭᠡᠳᠬᠡᠵᠦ᠂ ᠬᠤᠯᠪᠣᠭᠳᠠᠯ ᠪᠦᠬᠦᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠰᠠᠨᠠᠭᠠᠴᠢᠯᠠᠭ᠎ᠠ ᠠᠴᠠ ᠪᠠᠨ ᠤᠯᠤᠰ ᠤᠨ ᠳᠣᠲᠣᠭᠠᠳᠤ ᠶᠢᠨ ᠡᠯ᠎ᠡ ᠲᠣᠮᠣ ᠬᠤᠲᠠ ᠲᠠᠢ ᠵᠣᠯᠭᠠᠭᠤᠯᠵᠤ ᠂ ᠭᠤᠸᠠᠩᠳᠦ᠋ᠩ ᠮᠤᠵᠢ ᠶᠢᠨ ᠬᠤᠸᠠ ᠷᠦᠨ ᠸᠠᠨ ᠵᠢᠶᠠ ᠠᠮᠢᠳᠤᠷᠠᠯ ᠤᠨ ᠬᠡᠷᠡᠭᠰᠡᠯ ᠤᠨ ᠬᠠᠮ ᠳᠡᠯᠭᠡᠭᠦᠷ ︵ᠭᠤᠸᠠᠩᠵᠧᠦ︶ ᠤᠨ ᠬᠢᠵᠠᠭᠠᠷᠲᠤ ᠺᠤᠮᠫᠠᠨᠢ ᠵᠡᠷᠭᠡ 20 ᠭᠠᠷᠤᠢ ᠠᠵᠤ ᠠᠬᠤᠶᠢᠯᠠᠯ ᠲᠠᠢ ᠢᠳᠡᠪᠬᠢᠲᠡᠢ ᠬᠠᠷᠢᠴᠠᠵᠤ ᠪᠠᠶᠢᠭᠠᠳ ᠬᠤᠶᠠᠷ ᠮᠤᠵᠢ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ  ᠪᠣᠷᠣᠯᠠᠭᠤᠯᠬᠤ ᠵᠡᠷᠭᠡ ᠲᠠᠯ᠎ᠠ  ᠶᠢᠨ ᠬᠠᠮᠲᠤᠷᠠᠯᠴᠠᠭ᠎ᠠ ᠶᠢ ᠬᠦᠴᠦᠲᠡᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号