ᠠᠯᠠᠰᠢᠨ ᠦᠬᠡᠷ ᠢ ᠪᠣᠷᠳᠣᠵᠤ ᠲᠠᠷᠭᠤᠯᠠᠭᠤᠯᠬᠤ ᠶᠢᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2023/11/13
      ᠠᠷᠠᠳ ᠲᠦᠮᠡᠨ ᠤ ᠣᠷᠣᠯᠭ᠎ᠠ ᠶᠢᠨ ᠬᠡᠮᠵᠢᠶ᠎ᠡ ᠶᠢᠨ ᠳᠡᠭᠡᠭᠰᠢᠯᠡᠬᠦ ᠪᠠ ᠠᠷᠠᠳ ᠲᠦᠮᠡᠨ ᠤ ᠬᠤᠭᠤᠯᠠ ᠤᠮᠳᠠ ᠶᠢᠨ ᠪᠦᠲᠦᠴᠡ ᠶᠢᠨ ᠬᠤᠪᠢᠷᠠᠬᠤ ᠶᠢ ᠳᠠᠭᠠᠯᠳᠤᠨ᠂ ᠦᠬᠡᠷ ᠤᠨ ᠮᠢᠬ᠎ᠠ ᠶᠢ ᠬᠡᠷᠡᠭᠰᠡᠬᠦ ᠬᠡᠮᠵᠢᠶ᠎ᠡ ᠤᠯᠠᠮ  ᠢᠶᠠᠷ ᠳᠡᠭᠡᠭᠰᠢᠯᠡᠵᠦ᠂ ᠦᠬᠡᠷ ᠤᠨ ᠮᠢᠬᠠᠨ ᠤ ᠬᠠᠩᠭᠠᠯᠭ᠎ᠠ ᠪᠠ ᠬᠡᠷᠡᠭᠯᠡᠭᠡᠨ ᠤ ᠬᠤᠭᠤᠷᠣᠨᠳᠣᠬᠢ ᠳᠤᠲᠠᠭᠤᠳᠠᠯ ᠤᠯᠠᠮ ᠨᠢᠭᠡ ᠠᠯᠬᠤᠮ ᠶᠡᠬᠡᠳᠪᠡ᠃ ᠠᠯᠠᠰᠢᠨ ᠦᠬᠡᠷ ᠤᠨ ᠦᠢᠯᠡᠰ ᠪᠣᠯ ᠮᠠᠨ ᠤ ᠤᠯᠤᠰ ᠤᠨ ᠮᠠᠯ ᠠᠵᠤ ᠠᠬᠤᠢ ᠶᠢᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠠᠮᠢ ᠠᠬᠤᠢ ᠶᠢᠨ ᠲᠠᠷᠢᠶᠠᠯᠠᠩ ᠤᠨ ᠬᠥᠭᠵᠢᠯᠲᠡ ᠵᠢᠴᠢ ᠠᠷᠠᠳ ᠤᠨ ᠢᠳᠡᠰᠢ ᠶᠢᠨ ᠪᠦᠲᠦᠴᠡ ᠶᠢᠨ ᠰᠠᠶᠢᠵᠢᠷᠠᠯᠲᠠ ᠵᠡᠷᠭᠡ ᠲᠠᠯ᠎ᠠ  ᠪᠠᠷ ᠪᠦᠷ ᠢᠳᠡᠪᠬᠢᠲᠡᠢ ᠦᠢᠯᠡᠳᠦᠯ  ᠦᠵᠡᠭᠦᠯᠵᠦ ᠪᠠᠶᠢᠳᠠᠭ ᠃ ᠣᠶᠢᠷ᠎ᠠ ᠶᠢᠨ ᠵᠢᠯ ᠳᠤ ᠦᠷᠭᠦᠯᠵᠢᠯᠡᠨ ᠴᠢᠩᠭᠠᠷᠠᠵᠦ ᠪᠠᠶᠢᠭ᠎ᠠ ᠲᠡᠵᠢᠭᠡᠨ ᠦᠷᠡᠵᠢᠭᠦᠯᠬᠦ ᠣᠷᠴᠢᠨ ᠠᠬᠤᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠠᠴᠠ ᠦᠵᠡᠪᠡᠯ᠂ ᠢᠷᠡᠭᠡᠳᠦᠢ ᠳᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠴᠣ᠋ ᠰᠢᠨ᠎ᠡ ᠱᠠᠲᠤᠨ ᠳᠤ ᠣᠷᠣᠬᠤ ᠪᠣᠯᠣᠨ᠎ᠠ᠃      1.ᠦᠬᠡᠷ ᠤᠨ ᠲᠠᠯᠠᠪᠠᠢ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠪᠠᠶᠢᠭᠤᠯᠬᠤ ᠪᠣᠯ ᠠᠯᠠᠰᠢᠨ ᠦᠬᠡᠷ ᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠶᠢ ᠪᠠᠲᠤᠯᠠᠬᠤ ᠶᠢᠨ ᠲᠦᠷᠦᠭᠦᠦ ᠠᠯᠬᠤᠮ ᠪᠣᠯᠣᠨ᠎ᠠ᠄ ᠭᠠᠵᠠᠷ ᠤᠨ ᠪᠠᠶᠢᠴᠠ ᠨᠢ ᠲᠡᠭᠰᠢᠬᠡᠨ᠂ ᠭᠠᠩ ᠬᠠᠭᠤᠷᠠᠢ᠂ ᠵᠠᠮ ᠬᠠᠷᠢᠯᠴᠠᠭ᠎ᠠ ᠳᠥᠭᠦᠮ ᠳᠥᠲᠡ᠂ ᠰᠠᠯᠬᠢ  ᠤᠷᠤᠭᠤᠳᠠᠵᠤ ᠨᠡᠷᠡᠨ ᠵᠦᠭ ᠬᠠᠨᠳᠤᠭᠰᠠᠨ᠂ ᠤᠰᠤ ᠵᠠᠯᠠᠬᠤ ᠳᠤ ᠰᠠᠶᠢᠨ ᠭᠠᠵᠠᠷ ᠢ ᠰᠣᠩᠭᠤᠬᠤ ᠬᠡᠷᠡᠭᠲᠡᠢ᠃ ᠡᠷᠬᠢᠨ ᠲᠣᠭᠤᠷᠢᠨ ᠤ ᠰᠤᠷᠭᠠᠭᠤᠯᠢ᠂ ᠰᠠᠭᠤᠭᠠᠯᠢ ᠠᠷᠠᠳ ᠤᠨ ᠲᠣᠭᠤᠷᠢᠭ᠂ ᠣᠯᠠᠨ ᠨᠡᠶᠢᠲᠡ ᠶᠢᠨ ᠲᠠᠯᠠᠪᠤᠷ ᠪᠣᠯᠣᠨ ᠰᠣᠯᠪᠢᠴᠠᠨ ᠬᠠᠯᠳᠠᠪᠤᠷᠢᠯᠠᠬᠤ ᠡᠪᠡᠳᠴᠢᠨ ᠡᠭᠦᠰᠬᠡᠵᠦ ᠮᠡᠳᠡᠬᠦ ᠮᠠᠯ ᠵᠢᠭᠦᠷᠲᠡᠨ ᠤ ᠲᠠᠯᠠᠪᠠᠶ ᠯᠤᠭ᠎ᠠ ᠶᠢᠨ ᠬᠤᠭᠤᠷᠣᠨᠳᠣᠬᠢ ᠵᠠᠢ ᠨᠢ 1000m ᠠᠴᠠ ᠳᠤᠲᠠᠭᠤ ᠪᠠᠶᠢᠵᠤ ᠪᠣᠯᠬᠤ ᠦᠭᠡᠢ᠃ ᠪᠣᠷᠳᠣᠵᠤ ᠲᠠᠷᠭᠤᠯᠠᠭᠤᠯᠬᠤ ᠲᠠᠯᠠᠪᠠᠢ ᠶᠢᠨ ᠡᠷᠬᠢᠨ ᠲᠣᠭᠤᠷᠢᠨ ᠤ 3000m ᠤᠨ ᠬᠡᠪᠴᠢᠶᠡᠨ ᠳᠣᠲᠣᠷ᠎ᠠ ᠲᠣᠮᠣ ᠬᠡᠯᠪᠡᠷᠢ ᠶᠢᠨ ᠬᠢᠮᠢ ᠶᠢᠨ ᠦᠢᠯᠡᠳᠪᠦᠷᠢ᠂ ᠠᠭᠤᠷᠬᠠᠢ ᠶᠢᠨ ᠣᠷᠣᠨ ᠪᠤᠶᠤ ᠪᠤᠰᠤᠳ ᠪᠣᠬᠢᠷᠲᠤᠯ ᠤᠨ ᠡᠬᠢ ᠰᠤᠷᠪᠤᠯᠵᠢ ᠪᠠᠶᠢᠬᠤ ᠦᠭᠡᠢ᠃ ᠵᠠᠮ ᠬᠠᠷᠢᠯᠴᠠᠭᠠᠨ ᠤ ᠭᠤᠣᠯ ᠱᠤᠭᠤᠮ ᠠᠴᠠ 500m ᠠᠴᠠ  ᠤᠶᠢᠷ᠎ᠠ ᠪᠠᠶᠢᠵᠤ ᠪᠣᠯᠬᠤ ᠦᠭᠡᠢ᠃ ᠠᠮᠢᠳᠤᠷᠠᠯ ᠤᠨ ᠤᠤᠭᠤᠬᠤ ᠤᠰᠤᠨ ᠤ ᠡᠬᠢ ᠰᠤᠷᠪᠤᠯᠵᠢ ᠲᠠᠢ ᠵᠣᠬᠢᠬᠤ ᠵᠠᠢ ᠲᠠᠢ ᠪᠠᠶᠢᠯᠭᠠᠵᠤ᠂ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠲᠠᠯᠠᠪᠠᠶ ᠶᠢᠨ ᠬᠠᠶᠠᠭᠳᠠᠮᠠᠯ ᠪᠣᠳᠠᠰ ᠤᠨ ᠭᠠᠵᠠᠷ ᠳᠣᠣᠷᠠᠬᠢ ᠤᠰᠤᠨ ᠤ ᠡᠬᠢ ᠰᠤᠷᠪᠤᠯᠵᠢ ᠪᠠ ᠭᠠᠵᠠᠷ ᠳᠡᠭᠡᠷᠡᠬᠢ ᠤᠰᠤᠨ ᠤ ᠡᠬᠢ ᠰᠤᠷᠪᠤᠯᠵᠢ ᠶᠢ ᠪᠣᠬᠢᠷᠲᠤᠭᠤᠯᠬᠤ ᠶᠢ ᠰᠡᠷᠭᠡᠶᠢᠯᠡᠬᠦ ᠬᠡᠷᠡᠭᠲᠡᠢ᠃ ᠨᠢᠭᠡ ᠪᠠᠷᠢᠮᠵᠢᠶᠠᠲᠤ ᠦᠬᠡᠷ ᠤᠨ ᠲᠠᠯᠠᠪᠠᠢ ᠳᠤ ᠲᠤᠰᠬᠠᠢ ᠬᠡᠷᠡᠭᠯᠡᠬᠦ ᠲᠡᠵᠢᠭᠡᠯ ᠪᠣᠷᠳᠣᠭᠠᠨ ᠤ ᠬᠥᠮᠥᠷᠭᠡ᠂ ᠡᠪᠡᠰᠦᠨ ᠣᠪᠣᠬᠠᠢ᠂ ᠨᠣᠭᠤᠭᠠᠨ  ᠲᠠᠷᠤᠰᠢ ᠶᠢᠨ ᠲᠠᠲᠠᠭᠠᠯ᠂ ᠮᠠᠯ ᠤᠨ ᠡᠮᠴᠢ ᠶᠢᠨ ᠲᠠᠰᠤᠭ ᠵᠢᠴᠢ ᠠᠵᠢᠯᠯᠠᠬᠤ ᠣᠷᠣᠨ ᠢ ᠲᠣᠬᠢᠷᠠᠭᠤᠯᠬᠤ ᠬᠡᠷᠡᠭᠲᠡᠢ ᠪᠥᠭᠡᠳ ᠡᠯ᠎ᠡ ᠣᠷᠣᠨ ᠤ ᠬᠤᠭᠤᠷᠣᠨᠳᠤ ᠪᠠᠨ ᠲᠣᠳᠣᠷᠬᠠᠢ ᠵᠠᠭᠠᠭᠯᠠᠬᠤ ᠵᠠᠭᠠᠭ ᠲᠠᠢ ᠪᠠᠶᠢᠬᠤ ᠬᠡᠷᠡᠭᠲᠡᠢ᠃ ᠦᠬᠡᠷ ᠤᠨ ᠰᠠᠷᠠᠪᠴᠢ   ᠶᠢᠨ ᠪᠦᠲᠦᠴᠡ ᠶᠢ ᠠᠭᠤᠷ ᠠᠮᠢᠰᠬᠤᠯ ᠵᠢᠴᠢ ᠲᠤᠬᠠᠢ   ᠶᠢᠨ ᠭᠠᠵᠠᠷ ᠤᠨ ᠪᠠᠷᠢᠯᠭ᠎ᠠ ᠶᠢᠨ ᠣᠨᠴᠠᠯᠢᠭ ᠢ ᠦᠨᠳᠦᠰᠦᠯᠡᠨ ᠪᠠᠶᠢᠭᠤᠯᠵᠤ ᠪᠣᠯᠣᠨ᠎ᠠ᠃ ᠡᠪᠦᠯ ᠤᠨ ᠤᠯᠠᠷᠢᠯ ᠳᠤ ᠬᠦᠢᠲᠡᠨ ᠢ ᠰᠡᠷᠭᠡᠶᠢᠯᠡᠵᠦ᠂ ᠵᠤᠨ ᠤ ᠤᠯᠠᠷᠢᠯ ᠳᠤ ᠨᠠᠷᠠᠰᠢᠬᠤ ᠶᠢ ᠰᠡᠷᠭᠡᠶᠢᠯᠡᠵᠦ᠂ ᠲᠡᠵᠢᠭᠡᠯ ᠪᠣᠷᠳᠤᠭ᠎ᠠ ᠲᠠᠯᠪᠢᠬᠤ ᠪᠠ ᠤᠰᠤ ᠤᠤᠭᠤᠬᠤ ᠳᠤ ᠳᠥᠭᠦᠮ᠂ ᠠᠯᠠᠰᠢᠨ ᠦᠬᠡᠷ ᠤᠨ ᠢᠳᠡᠰᠢᠯᠡᠬᠦ ᠳᠤ ᠳᠥᠭᠦᠮ ᠪᠠᠶᠢᠬᠤ   ᠶᠢ ᠱᠠᠭᠠᠷᠳᠠᠳᠠᠭ᠃      2.ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠲᠠᠯ᠎ᠠ ᠪᠠᠷ᠄ ᠠᠯᠠᠰᠢᠨ ᠦᠬᠡᠷ ᠢ ᠲᠡᠵᠢᠭᠡᠨ ᠦᠷᠡᠵᠢᠭᠦᠯᠬᠦ ᠶᠢᠨ ᠡᠷᠡᠭᠦᠯ ᠮᠡᠨᠳᠤ ᠪᠠ ᠠᠮᠤᠷ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠱᠠᠲᠤ ᠦᠶ᠎ᠡ  ᠬᠤᠪᠢᠶᠠᠨ ᠪᠣᠷᠳᠣᠵᠤ ᠲᠠᠷᠭᠤᠯᠠᠭᠤᠯᠬᠤ ᠮᠡᠷᠭᠡᠵᠢᠯ ᠢ ᠬᠡᠷᠡᠭᠯᠡᠵᠦ᠂  ᠠᠯᠠᠰᠢᠨ ᠦᠬᠡᠷ ᠢ ᠡᠳᠦᠷ ᠪᠦᠷᠢ 2 — 3 ᠤᠳᠠᠭ᠎ᠠ ᠲᠡᠵᠢᠭᠡᠨ᠎ᠡ︔ ᠴᠢᠯᠦᠭᠡᠲᠡᠢ ᠤᠰᠤ ᠤᠤᠭᠤᠯᠭᠠᠨ᠎ᠠ᠃ ᠪᠦᠬᠦᠯᠢ ᠰᠠᠭᠤᠷᠢ ᠡᠷᠳᠡᠨᠢ ᠰᠢᠰᠢ ᠪᠠᠷ ᠳᠠᠷᠤᠰᠢᠭᠤᠯᠤᠭᠰᠠᠨ ᠲᠡᠵᠢᠭᠡᠯ ᠪᠣᠷᠳᠤᠭ᠎ᠠ ᠬᠡᠷᠡᠭᠯᠡᠬᠦ ᠶᠢ ᠰᠠᠨᠠᠭᠠᠴᠢᠯᠠᠨ ᠵᠣᠷᠢᠭᠵᠢᠭᠤᠯᠤᠨ᠎ᠠ᠃ ᠬᠥᠬᠡ᠂ ᠪᠦᠳᠦᠭᠦᠯᠢᠭ ᠪᠣᠷᠳᠤᠭ᠎ᠠ ᠪᠠ ᠨᠠᠷᠢᠯᠢᠭ ᠪᠣᠷᠳᠤᠭ᠎ᠠ ᠶᠢ ᠵᠢᠭᠳᠡ ᠬᠤᠯᠢᠵᠤ ᠬᠤᠨᠤᠭ ᠤᠨ ᠠᠮᠤ ᠶᠢ ᠪᠦᠷᠢᠨ ᠬᠤᠯᠢᠬᠤ ᠠᠷᠭ᠎ᠠ ᠮᠠᠶ᠋ᠢᠭ ᠢᠶᠠᠷ ᠲᠡᠵᠢᠭᠡᠬᠦ ᠶᠢ ᠰᠠᠨᠠᠭᠠᠴᠢᠯᠠᠨ᠎ᠠ᠃ ᠡᠮ ᠨᠡᠮᠡᠬᠦ ᠪᠠ ᠡᠮ ᠥᠯᠥ ᠨᠡᠮᠡᠬᠦ ᠲᠡᠵᠢᠭᠡᠯ ᠪᠣᠷᠳᠤᠭ᠎ᠠ ᠶᠢᠨ ᠰᠣᠯᠪᠢᠴᠠᠨ ᠬᠠᠯᠳᠠᠪᠤᠷᠢᠯᠠᠬᠤ ᠶᠢ ᠪᠠᠭᠠᠰᠬᠠᠵᠤ᠂ ᠬᠤᠯᠢᠬᠤ᠂ ᠡᠳ᠋ᠰᠢᠭᠦᠯᠬᠦ ᠪᠠ ᠬᠠᠳᠠᠭᠠᠯᠠᠬᠤ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠤᠬᠢᠶᠠᠬᠤ ᠪᠤᠶᠤ ᠴᠡᠪᠡᠷᠯᠡᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠬᠤᠭᠤᠯᠠᠨ ᠤ ᠰᠠᠪᠠ᠂ ᠤᠰᠤᠨ ᠰᠠᠪᠠ ᠵᠡᠷᠭᠡ ᠬᠡᠷᠡᠭᠰᠡᠯ ᠢ ᠤᠬᠢᠶᠠᠨ ᠴᠡᠪᠡᠷᠯᠡᠵᠦ᠂ ᠦᠬᠡᠷ ᠤᠨ ᠰᠠᠷᠠᠪᠴᠢ ᠶᠢ ᠬᠠᠲᠠᠭᠠᠬᠤ ᠪᠠ ᠠᠷᠢᠭᠤᠨ ᠴᠡᠪᠡᠷ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠦᠬᠡᠷ ᠤᠨ ᠣᠷᠣ ᠪᠠ ᠲᠠᠮᠢᠷ ᠤᠨ ᠲᠠᠯᠠᠪᠠᠢ ᠶᠢᠨ  ᠢᠯᠭᠠᠳᠠᠰᠤ ᠶᠢ ᠲᠣᠭᠲᠠᠭᠰᠠᠨ ᠬᠤᠭᠤᠴᠠᠭ᠎ᠠ ᠲᠠᠢ ᠪᠠᠷ ᠴᠡᠪᠡᠷᠯᠡᠬᠦ ᠶᠢᠨ ᠬᠠᠮᠲᠤ ᠢᠯᠭᠠᠳᠠᠰᠤ ᠰᠢᠢᠳᠪᠦᠷᠢᠯᠡᠬᠦ ᠭᠠᠵᠠᠷ ᠲᠤ ᠬᠦᠷᠭᠡᠨ᠎ᠡ᠃ ᠢᠯᠭᠠᠳᠠᠰᠤ ᠶᠢ ᠰᠢᠢᠳᠪᠦᠷᠢᠯᠡᠬᠦ ᠳᠤ ᠠᠮᠢᠳᠤ ᠪᠣᠳᠠᠰ ᠤᠨ ᠢᠰᠬᠡᠯᠲᠡ ᠪᠤᠶᠤ  ᠤᠪᠤᠭᠠᠯᠠᠵᠦ ᠲᠠᠯᠪᠢᠪᠠᠯ ᠰᠠᠶᠢᠨ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号