ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢᠨ ᠶᠠᠷᠢᠶᠠᠨ ᠤ ᠲᠠᠪᠴᠠᠩ ᠵᠢᠴᠢ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠦᠵᠡᠭᠦᠯᠭᠡ ᠶᠢᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/11/15
      11 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠳᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢᠨ ᠶᠠᠷᠢᠶᠠᠨ ᠤ ᠲᠠᠪᠴᠠᠩ ᠵᠢᠴᠢ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠦᠵᠡᠭᠦᠯᠭᠡ ᠶᠢᠨ ᠪᠣᠯᠪᠠᠰᠤᠷᠠᠯ ᠤᠨ ᠠᠩᠭᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠰᠤᠷᠤᠯᠴᠠᠨ ᠰᠣᠯᠢᠯᠴᠠᠵᠤ ᠳ᠋ᠦᠩᠨᠡᠵᠦ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢᠨ ᠬᠦᠷᠢᠶ᠎ᠡ ᠴᠠᠷᠠᠭ᠎ᠠ ᠶᠢᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠶᠦᠩ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃
1.jpg
       ᠶᠠᠷᠢᠶᠠᠨ ᠤ ᠲᠠᠪᠴᠠᠩ ᠳᠡᠭᠡᠷ᠎ᠡ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠦᠷᠦ ᠶᠢᠨ ᠪᠣᠳᠣᠯᠭ᠎ᠠ ᠪᠣᠯᠣᠨ ᠥᠭᠡᠷᠡᠴᠢᠯᠡᠯᠲᠡ ᠶᠢᠨ ᠵᠤᠷᠭᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠢᠦᠢ ᠺᠦᠢ ︽ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢ ᠬᠥᠭᠵᠢᠭᠦᠯᠵᠦ ᠂ ᠬᠥᠳᠡᠭᠡ ᠲᠣᠰᠬᠤᠨ ᠤ ᠬᠦᠭᠵᠢᠯ ᠮᠠᠨᠳᠤᠯᠲᠠ ᠶᠢ ᠠᠬᠢᠭᠤᠯᠤᠶ᠎ᠠ ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠵᠤ ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠳᠤ ᠴᠤ᠋ ᠰᠢᠨ᠎ᠡ ᠰᠡᠳᠬᠢᠴᠡ ᠶᠢ ᠬᠠᠩᠭᠠᠵᠠᠢ ᠃ ᠤᠯᠠᠭᠠᠨᠬᠠᠳᠠ ᠬᠤᠳᠠ ᠂ ᠣᠷᠳᠣᠰ ᠬᠤᠳᠠ ᠶᠢᠨ ᠦᠦᠰᠢᠨ ᠬᠤᠰᠢᠭᠤ ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠰᠢᠶᠠ ᠵᠢᠶᠠ ᠳ᠋ᠢᠶᠠᠨ ᠰᠢᠶᠠᠩ ᠤᠨ  ᠬᠢᠨ ᠨᠡᠶᠢᠲᠡᠯᠢᠭ ᠶᠠᠷᠢᠶ᠎ᠠ ᠲᠠᠯᠪᠢᠪᠠ ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠣᠩᠨᠢᠭᠤᠳ ᠬᠤᠰᠢᠭᠤᠨ ᠤ ᠤᠳᠠ ᠶᠢᠨ ᠲᠣᠬᠤᠢ ᠪᠠᠯᠭᠠᠰᠤᠨ ᠤ ᠰᠠᠨ ᠱᠢ ᠵᠢᠶᠠ ᠽᠢ ᠲᠣᠰᠬᠤᠨ᠂ ᠮᠣᠣ ᠱᠠᠨ ᠳ᠋ᠦᠩ ᠰᠢᠶᠠᠩ ᠤᠨ ᠹᠠᠩ ᠱᠧᠨ ᠭᠧᠦ ᠲᠣᠰᠬᠤᠨ᠂  ᠪᠤᠷᠤᠬᠤᠳᠠ ᠪᠠᠯᠭᠠᠰᠤᠨ ᠤ ᠷᠠᠰᠢᠶᠠᠨ ᠭᠠᠴᠠᠭ᠎ᠠ᠂ ᠽᠢ ᠴᠧᠩ ᠵᠡᠭᠡᠯᠢ ᠭᠤᠳᠤᠮᠵᠢ ᠶᠢᠨ ᠳᠠᠷᠠᠰᠤ ᠳᠤ ᠬᠦᠷᠴᠦ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ ᠤᠨ ᠠᠰᠢᠭᠯᠠᠯᠲᠠ᠂ ᠳᠠᠭᠠᠭᠠᠴᠢᠯᠠᠯᠲᠠ ᠶᠢᠨ ᠭᠠᠵᠠᠷ ᠤᠨ ᠨᠠᠷᠢᠯᠢᠭ ᠬᠥᠭᠵᠢᠯᠲᠡ ᠶᠢᠨ ᠬᠡᠪᠴᠢᠶᠡᠲᠦ ᠡᠵᠡᠩᠨᠡᠯᠲᠡ ᠶᠢᠨ ᠰᠢᠢᠳᠪᠦᠷᠢᠯᠡᠯᠲᠡ ᠂ ᠬᠠᠮᠲᠤ ᠶᠢᠨ ᠠᠵᠤ ᠠᠬᠤᠢ ᠶᠢᠨ ᠬᠦᠭᠵᠢᠭᠦᠯᠦᠯᠲᠡ ᠪᠠ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ ᠤᠨ ᠠᠮᠢᠳᠤᠯᠢᠭ ᠠᠰᠢᠭᠯᠠᠯᠲᠠ ᠶᠢᠨ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠭᠰᠠᠨ ᠪᠠᠶᠢᠨ᠎ᠠ᠃
2.jpg
       ᠬᠤᠷᠠᠯ ᠠᠴᠠ ᠂ ︽ ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠪᠣᠯ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠰᠢᠢᠳᠪᠦᠷᠢᠯᠡᠬᠦ ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢᠨ ᠬᠤᠪᠢᠰᠤᠯᠲᠠ ᠶᠢ ᠬᠥᠲᠥᠯᠥᠨ ᠳᠠᠭᠠᠭᠤᠯᠬᠤ ᠂ ᠮᠠᠯᠵᠢᠬᠤ ᠲᠠᠷᠢᠶᠠᠯᠠᠬᠤ ᠣᠷᠣᠨ ᠤ ︽  ᠲᠤᠭᠵᠢᠷᠠᠮᠠᠯ ︾ ᠡᠬᠢ ᠪᠠᠶᠠᠯᠢᠭ ᠂ ᠡᠳ᠋ ᠬᠥᠷᠥᠩᠭᠡ ᠶᠢ ᠠᠮᠢᠯᠠᠭᠤᠯᠬᠤ ᠪᠣᠳᠠᠲᠤ ᠬᠡᠷᠡᠭᠴᠡᠭᠡ ᠮᠥᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠰᠠᠶᠢᠨ ᠠᠷᠭ᠎ᠠ ᠪᠣᠳᠣᠯᠭ᠎ᠠ ᠮᠥᠨ ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ︽ ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
3.jpg
       ᠬᠤᠷᠠᠯ ᠠᠴᠠ ᠂ ᠬᠠᠮᠲᠤ ᠪᠣᠯᠣᠨ ᠲᠠᠷᠢᠶᠠᠴᠢᠨ ᠡᠷᠦᠬᠡ ᠶᠢᠨ ᠡᠯ᠎ᠡ ᠲᠦᠷᠦᠯ ᠤᠨ ᠬᠤᠪᠢᠷᠠᠬᠤᠶᠢᠴᠠ ᠡᠬᠢ ᠪᠠᠶᠠᠯᠢᠭ ᠢ ᠭᠦᠢᠴᠡᠳ ᠠᠰᠢᠭᠯᠠᠵᠤ ᠂ ᠲᠠᠷᠢᠶᠠᠴᠢᠨ ᠡᠷᠦᠬᠡ ᠶᠢᠨ ᠰᠠᠶᠢᠨ ᠳᠤᠷ᠎ᠠ ᠠᠴᠠ ᠪᠠᠨ ᠣᠷᠣᠯᠴᠠᠭᠰᠠᠨ ᠰᠢᠨ᠎ᠡ ᠬᠡᠯᠪᠡᠷᠢ ᠶᠢᠨ ᠬᠤᠪᠢ ᠣᠷᠣᠭᠤᠯᠬᠤ ᠳᠦᠷᠢᠮ ᠤᠨ ᠬᠠᠮᠲᠤᠷᠠᠯᠴᠠᠭ᠎ᠠ ᠶᠢ ᠶᠡᠬᠡᠪᠡᠷ ᠬᠥᠭᠵᠢᠭᠦᠯᠵᠦ ᠂ ᠬᠠᠮᠲᠤ ᠶᠢᠨ ᠰᠤᠯᠠ ᠪᠠᠶᠢᠭ᠎ᠠ ᠡᠳ᠋ ᠬᠥᠷᠥᠩᠭᠡ ᠶᠢ ᠠᠮᠢᠯᠠᠭᠤᠯᠵᠤ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠯᠪᠠᠰᠤᠷᠠᠭᠤᠯᠤᠯᠲᠠ᠂ ᠡᠯᠧᠺᠲᠷᠣᠨ ᠬᠤᠳᠠᠯᠳᠤᠭ᠎ᠠ ᠂ ᠪᠣᠷᠤᠯᠠᠭᠤᠯᠭ᠎ᠠ ᠂ ᠠᠮᠢᠳᠤᠷᠠᠯ ᠤᠨ ᠦᠢᠯᠡᠴᠢᠯᠡᠭᠡ ᠵᠡᠷᠭᠡ ᠨᠢᠭᠡ ᠬᠤᠶᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ ᠲᠦᠷᠦᠯ ᠵᠦᠢᠯ ᠢ ᠬᠥᠭᠵᠢᠭᠦᠯᠵᠦ ᠂ ᠬᠠᠮᠲᠤ ᠶᠢᠨ ᠡᠳ᠋ ᠬᠥᠷᠥᠩᠭᠡ ᠶᠢᠨ ᠡᠵᠡᠩᠨᠡᠯᠲᠡ ᠶᠢᠨ ᠴᠢᠳᠠᠪᠤᠷᠢ ᠶᠢ ᠴᠢᠩᠭᠠᠳᠬᠠᠵᠤ ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠠᠵᠢᠯ ᠣᠯᠬᠤ ᠶᠢ ᠳᠠᠶᠢᠴᠢᠯᠠᠬᠤ ᠬᠡᠷᠡᠭᠲᠡᠢ ᠃ ᠮᠠᠯᠴᠢᠨ ᠲᠠᠷᠢᠶᠠᠴᠢᠨ ᠤ ᠭᠤᠣᠯ ᠴᠣᠭᠴᠠ ᠶᠢᠨ ᠦᠢᠯᠡᠳᠦᠯ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠵᠠᠭᠤᠴᠢᠯᠠᠭ᠎ᠠ ᠶᠢᠨ ᠦᠢᠯᠡᠴᠢᠯᠡᠭᠡᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠦᠬᠦᠯᠢ ᠬᠡᠰᠡᠭ᠂ ᠪᠦᠬᠦᠯᠢ ᠲᠣᠰᠬᠤᠨ ᠢᠶᠠᠷ ᠬᠡᠪᠴᠢᠶᠡᠵᠢᠭᠦᠯᠦᠨ ᠡᠷᠭᠢᠯᠳᠦᠭᠦᠯᠵᠦ᠂ ᠡᠵᠡᠩᠨᠡᠯᠲᠡ ᠶᠢᠨ ᠭᠤᠣᠯ ᠴᠣᠭᠴᠠ ᠲᠡᠶᠢᠰᠢ ᠲᠥᠪᠯᠡᠷᠡᠭᠦᠯᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠪᠦᠬᠦ ᠭᠠᠴᠠᠭ᠎ᠠ ᠂ ᠪᠦᠬᠦ ᠰᠤᠮᠤ ᠪᠠᠷ ᠢᠶᠠᠨ ᠲᠥᠪᠯᠡᠷᠡᠨ ᠵᠠᠯᠭᠠᠯᠳᠤᠭᠰᠠᠨ ᠪᠦᠬᠦ ᠶᠠᠪᠤᠴᠠ ᠶᠢ ᠨᠠᠶᠢᠳᠠᠨ ᠬᠠᠮᠢᠶᠠᠷᠤᠭᠤᠯᠬᠤ ᠪᠠᠷ ᠭᠤᠣᠯ ᠪᠣᠯᠭᠠᠭᠰᠠᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ ᠳᠡᠮᠵᠢᠵᠦ ᠂ ᠬᠡᠪᠴᠢᠶᠡᠲᠦ ᠡᠵᠡᠩᠨᠡᠯᠲᠡ ᠶᠢ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠪᠠ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠦᠷᠦᠭᠦᠸ ᠪᠦᠯᠦᠭ ᠤᠨ 1000 ᠭᠠᠴᠠᠭ᠎ᠠ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢ ᠰᠠᠶᠢᠲᠤᠷ ᠥᠷᠨᠢᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ᠂ ᠠᠯᠬᠤᠮ ᠠᠯᠬᠤᠮ ᠢᠶᠠᠷ ᠳᠡᠯᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠥᠨᠳᠥᠷ ᠪᠦᠲᠦᠮᠵᠢᠲᠡᠢ ᠪᠠᠷ ᠠᠰᠢᠭᠯᠠᠬᠤ ᠂ ᠭᠠᠵᠠᠷ ᠰᠢᠷᠣᠢ ᠶᠢ ᠤᠷᠲᠤᠳᠬᠠᠨ ᠳᠠᠭᠠᠭᠠᠴᠢᠯᠠᠭᠤᠯᠬᠤ ᠲᠤᠷᠰᠢᠯᠲᠠ ᠶᠢᠨ ᠴᠡᠭ ᠢ ᠰᠠᠶᠢᠲᠤᠷ ᠠᠳᠬᠤᠬᠤ ᠂ ᠰᠤᠯᠠ ᠪᠠᠶᠢᠬᠤ ᠣᠷᠣᠨ ᠰᠠᠭᠤᠴᠠ ᠶᠢᠨ ᠭᠠᠵᠠᠷ ᠢ ᠠᠮᠢᠳᠤᠯᠢᠭᠵᠢᠭᠤᠯᠤᠨ ᠠᠰᠢᠭᠯᠠᠬᠤ ᠂ ᠳᠠᠭᠠᠭᠠᠴᠢᠯᠠᠭᠰᠠᠨ ᠭᠠᠵᠠᠷ ᠢ ᠨᠠᠷᠢᠰᠬᠠᠨ ᠬᠥᠭᠵᠢᠭᠦᠯᠬᠦ ᠬᠡᠪᠴᠢᠶᠡᠲᠦ ᠡᠵᠡᠩᠨᠡᠯᠲᠡ ᠶᠢ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃
4.jpg
       ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ᠂ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠲᠣᠪᠴᠢᠶᠠᠨ ᠳᠠᠷᠤᠭ᠎ᠠ᠂ ᠬᠠᠮᠢᠶ᠎ᠠ ᠪᠦᠬᠦᠢ ᠰᠠᠯᠠᠭ᠎ᠠ ᠲᠠᠰᠤᠭ᠂ ᠨᠢᠭᠡᠴᠢ ᠶᠢᠨ ᠬᠠᠷᠢᠭᠤᠴᠠᠯᠭᠠᠲᠠᠨ ᠶᠠᠷᠢᠶᠠᠨ ᠤ ᠲᠠᠪᠴᠠᠩ ᠵᠢᠴᠢ ᠪᠣᠯᠪᠠᠰᠤᠷᠠᠯ ᠳᠤ ᠣᠷᠤᠯᠴᠠᠪᠠ ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号