ᠡᠪᠦᠯ ᠣᠷᠣᠬᠤ ᠠᠴᠠ ᠡᠮᠦᠨ᠎ᠡ ᠭᠦᠨ ᠤᠷᠪᠠᠭᠤᠯᠪᠠᠯ ᠭᠠᠵᠠᠷ ᠰᠢᠷᠣᠢ ᠶᠢᠨ ᠦᠢᠯᠡᠳᠪᠦᠷᠢᠯᠡᠯ ᠤᠨ ᠬᠦᠴᠦᠨ ᠢ | ᠪᠦᠲᠦᠮᠵᠢᠲᠡᠶ ᠳᠡᠭᠡᠭᠰᠢᠯᠡᠭᠦᠯᠭᠦ ᠪᠣᠯᠬᠤᠷ ᠬᠦᠷᠢᠶ᠎ᠡ ᠬᠤᠰᠢᠭᠤᠨ ᠤ ᠬᠦᠷᠢᠶ᠎ᠡ ᠪᠠᠯᠭᠠᠰᠤᠨ ᠤ ᠬᠠᠳᠠ ᠭᠠᠴᠠᠭᠠᠨ ᠤ ᠸᠠᠩ | ᠴᠢᠨ ᠡᠷᠲᠡ ᠪᠣᠰᠣᠮᠠᠭᠴᠠ ᠲᠠᠷᠢᠶᠠᠯᠠᠩ ᠤᠨ ᠮᠠᠰᠢᠨ ᠤ ᠬᠢᠨ ᠲᠠᠢ ᠲᠠᠷᠢᠶᠠᠨ ᠭᠠᠵᠠᠷ ᠢᠶᠠᠨ ᠭᠦᠨ ᠤᠷᠪᠠᠭᠤᠯᠬᠤ ᠪᠠᠷ | ᠬᠤᠯᠪᠤᠭ᠎ᠠ ᠠᠪᠤᠪᠠ᠃ ᠲᠣᠮᠣ ᠭᠡᠯᠪᠡᠷᠢ ᠶᠢᠨ ᠮᠠᠰᠢᠨ ᠳᠡᠳᠡᠨ ᠤ ᠬᠢᠨ ᠤ ᠲᠠᠷᠢᠶᠠᠨ ᠳᠤ ᠨᠠᠭᠠᠰᠢ ᠴᠠᠭᠠᠰᠢ ᠰᠦᠯᠵᠢᠯᠳᠦᠨ᠂ | ᠤᠳᠠᠯ ᠦᠭᠡᠢ ᠠᠷᠪᠠᠨ ᠬᠡᠳᠦᠨ ᠮᠦ ᠭᠠᠵᠠᠷ ᠢ ᠨᠢ ᠤᠷᠪᠠᠭᠤᠯᠵᠤ ᠳᠠᠭᠤᠰᠬᠠᠵᠠᠢ᠃ ︽ᠮᠠᠨ ᠤ ᠬᠢᠨ 80 ᠮᠦ | ᠲᠠᠷᠢᠶᠠᠨ ᠭᠠᠵᠠᠷ ᠲᠠᠢ᠂ ᠡᠨᠡ ᠵᠢᠯ ᠵᠠᠰᠠᠭ ᠤᠨ ᠣᠷᠳᠣᠨ ᠠᠴᠠ ᠦᠨ᠎ᠡ ᠲᠥᠯᠥᠪᠦᠷᠢ ᠦᠭᠡᠢ ᠪᠠᠷ ᠭᠠᠵᠠᠷ ᠢ | ᠤᠷᠪᠠᠭᠤᠯᠵᠤ ᠥᠭᠭᠦᠯ᠎ᠡ᠂ ᠲᠠᠷᠢᠶᠠᠨ ᠭᠠᠵᠠᠷ ᠢ ᠭᠦᠨ ᠤᠷᠪᠠᠭᠤᠯᠵᠤ ᠲᠡᠭᠰᠢᠯᠡᠬᠦ ᠨᠢ ᠬᠥᠷᠥᠰᠥ ᠶᠢ ᠨᠡᠩ | ᠰᠢᠮᠡᠵᠢᠭᠦᠯᠦᠨ᠎ᠡ︾ ᠭᠡᠵᠦ ᠸᠠᠩ ᠴᠢᠨ ᠬᠡᠯᠡᠨ᠎ᠡ᠃ | | | | | ᠣᠶᠢᠯᠠᠭᠠᠭᠰᠠᠨ ᠢᠶᠠᠷ᠂ ᠲᠠᠷᠢᠶᠠᠨ ᠭᠠᠵᠠᠷ ᠢ ᠭᠦᠨ ᠤᠷᠪᠠᠭᠤᠯᠬᠤ ᠨᠢ ᠬᠥᠷᠥᠰᠥᠨ ᠤ ᠳᠣᠣᠷ᠎ᠠ ᠳᠠᠪᠬᠤᠷᠭ᠎ᠠ ᠶᠢ | ᠤᠷᠪᠠᠭᠤᠯᠤᠨ᠂ ᠤᠰᠤ ᠬᠠᠳᠠᠭᠠᠯᠠᠵᠤ ᠠᠭᠠᠷ ᠨᠡᠪᠲᠡᠷᠡᠬᠦ ᠴᠢᠳᠠᠮᠵᠢ ᠶᠢ ᠨᠢ ᠳᠡᠭᠡᠭᠰᠢᠯᠡᠭᠦᠯᠭᠦ ᠪᠠᠷ ᠳᠡᠮᠵᠢᠨ᠂ ᠲᠠᠷᠢᠮᠠᠯ ᠤᠨ | ᠥᠰᠦᠯᠲᠡ ᠪᠤᠶᠢᠵᠢᠯᠲᠠ ᠶᠢ ᠠᠬᠢᠭᠤᠯᠵᠤ᠂ ᠲᠠᠷᠢᠮᠠᠯ ᠤᠨ ᠦᠨᠳᠦᠰᠦᠨ ᠰᠢᠰᠲ᠋ᠧᠮ ᠢ ᠭᠦᠨ ᠬᠠᠳᠬᠤᠬᠤ ᠳᠤ ᠠᠰᠢᠭᠲᠠᠢ | ᠪᠤᠯᠭᠠᠵᠤ᠂ ᠤᠨᠠᠯᠲᠠ ᠶᠢ 10% ᠠᠴᠠ ᠳᠡᠭᠡᠭᠰᠢ ᠨᠡᠮᠡᠭᠳᠡᠭᠦᠯᠬᠦ ᠮᠥᠷᠲᠡᠭᠡᠨ 2 ︱ 3 ᠵᠢᠯ ᠳᠠᠷᠠᠭᠠᠯᠠᠨ | ᠨᠡᠮᠡᠭᠳᠡᠭᠦᠯᠦᠨ᠎ᠡ᠃ ᠬᠦᠷᠢᠶ᠎ᠡ ᠬᠤᠰᠢᠭᠤᠨ ᠤ ᠮᠤᠤᠹᠧᠩ ᠲᠠᠷᠢᠶᠠᠯᠠᠩ ᠤᠨ ᠮᠠᠰᠢᠨ ᠪᠠ ᠲᠠᠷᠢᠮᠠᠯ ᠤᠨ ᠬᠤᠷᠰᠢᠶᠠᠨ ᠤ | ᠬᠠᠷᠢᠭᠤᠴᠠᠯᠭᠠᠲᠠᠨ ᠭᠦ᠋ ᠶᠦᠩ ᠵᠢᠢ᠄ ︽ᠵᠢᠯ ᠪᠦᠷᠢ ᠶᠢᠨ ᠬᠠᠪᠤᠷ ᠲᠠᠷᠢᠶᠠᠴᠢᠳ ᠪᠠᠷᠤᠭ 10 ᠰᠠᠨᠲ᠋ᠢᠮᠧᠲᠷ ᠠᠴᠠ 20 | ᠰᠠᠨᠲ᠋ᠢᠮᠧᠲᠷ ᠣᠷᠴᠢᠮ ᠭᠦᠨ ᠳᠤ ᠲᠠᠷᠢᠶᠠᠨ ᠭᠠᠵᠠᠷ ᠢᠶᠠᠨ ᠤᠷᠪᠠᠭᠤᠯᠳᠠᠭ᠂ ᠬᠠᠷᠢᠨ ᠡᠨᠡ ᠬᠦ ᠭᠦᠨ ᠤᠷᠪᠠᠭᠤᠯᠬᠤ ᠨᠢ | 20 ᠰᠠᠨᠲ᠋ᠢᠮᠧᠲᠷ ᠠᠴᠠ 30 ᠰᠠᠨᠲ᠋ᠢᠮᠧᠲᠷ ᠣᠷᠴᠢᠮ ᠭᠦᠨ ᠤᠷᠪᠠᠭᠤᠯᠵᠤ᠂ ᠭᠤᠣᠯᠳᠠᠭᠤ ᠳᠣᠣᠷ᠎ᠠ ᠳᠠᠪᠬᠤᠷᠭ᠎ᠠ ᠶᠢᠨ | ᠬᠥᠷᠥᠰᠥ ᠰᠢᠷᠣᠢ ᠶᠢ ᠤᠷᠪᠠᠭᠤᠯᠤᠭᠰᠠᠨ ᠤ ᠳᠠᠷᠠᠭ᠎ᠠ ᠰᠢᠮ᠎ᠡ ᠲᠡᠵᠢᠭᠡᠯ ᠤᠰᠤ ᠨᠢ ᠠᠯᠳᠠᠭᠳᠠᠬᠤ ᠦᠭᠡᠢ ᠪᠣᠯᠵᠤ᠂ | ᠬᠤᠷᠠᠮᠠᠯ ᠴᠠᠰᠤ ᠪᠠᠰᠠ ᠬᠥᠷᠥᠰᠥ ᠰᠢᠷᠣᠢ ᠳᠣᠲᠣᠷᠠᠬᠢ ᠬᠤᠷᠣᠬᠠᠢ ᠶᠢ ᠬᠥᠯᠳᠡᠭᠡᠵᠦ᠂ ᠭᠡᠮᠲᠦᠯ ᠬᠤᠷᠣᠬᠠᠶᠢᠲᠤᠯ ᠠᠴᠠ | ᠰᠡᠷᠭᠡᠶᠢᠯᠡᠨ᠎ᠡ︾ ᠭᠡᠵᠦ ᠲᠠᠨᠢᠯᠴᠠᠭᠤᠯᠵᠤ ᠪᠠᠶᠢᠯ᠎ᠠ᠃ | 10 ᠰᠠᠷ᠎ᠠ ᠶᠢᠨ ᠰᠡᠭᠦᠯᠴᠢ ᠠᠴᠠ ᠨᠠᠭᠠᠰᠢ᠂ ᠬᠦᠷᠢᠶ᠎ᠡ ᠬᠤᠰᠢᠭᠤ ᠲᠠᠷᠢᠶᠠᠨ ᠭᠠᠵᠠᠷ ᠢ ᠭᠦᠨ ᠤᠷᠪᠠᠭᠤᠯᠬᠤ | ᠠᠵᠢᠯ ᠢ ᠪᠦᠭᠦ ᠲᠠᠯ᠎ᠠ ᠪᠠᠷ ᠡᠬᠢᠯᠡᠭᠦᠯᠵᠦ᠂ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ ᠶᠢ ᠵᠣᠬᠢᠶᠠᠨ | ᠪᠠᠶᠢᠭᠤᠯᠤᠭᠠᠳ᠂ ᠡᠯ᠎ᠡ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ᠂ ᠲᠠᠷᠢᠶᠠᠨ ᠭᠠᠵᠠᠷ ᠢ ᠭᠦᠨ ᠤᠷᠪᠠᠭᠤᠯᠬᠤ | ᠲᠥᠷᠥᠯ ᠵᠦᠢᠯ ᠢ ᠬᠡᠷᠡᠭᠵᠢᠭᠦᠯᠵᠦ᠂ ᠡᠳ᠋ ᠤᠨ ᠵᠠᠰᠠᠭ ᠠᠴᠠ ᠮᠦ ᠪᠦᠷᠢ ᠳᠤ 25 ᠲᠥᠭᠦᠷᠢᠭ ᠤᠨ ᠪᠠᠷᠢᠮᠵᠢᠶ᠎ᠠ ᠪᠠᠷ | ᠲᠠᠷᠢᠶᠠᠯᠠᠩ ᠤᠨ ᠮᠠᠰᠢᠨ ᠳᠤ ᠰᠢᠭᠤᠳ ᠨᠥᠬᠦᠪᠦᠷᠢ ᠥᠭᠴᠦ᠂ ᠲᠠᠷᠢᠶᠠᠴᠢᠳ ᠲᠤ ᠦᠨ᠎ᠡ ᠲᠥᠯᠥᠪᠦᠷᠢ ᠦᠭᠡᠢ ᠭᠦᠨ | ᠤᠷᠪᠠᠭᠤᠯᠬᠤ ᠬᠠᠷᠠᠭᠠᠯᠵᠠᠯ ᠢ ᠡᠳ᠋ᠯᠡᠭᠦᠯᠪᠡ᠃ ︽ᠡᠨᠡ ᠵᠢᠯ ᠮᠠᠨ ᠤ ᠬᠤᠷᠰᠢᠶ᠎ᠠ 3600 ᠮᠦ ᠭᠠᠵᠠᠷ ᠢ ᠤᠷᠪᠠᠭᠤᠯᠬᠤ | ᠡᠭᠦᠷᠭᠡ ᠲᠠᠢ᠂ 10 ᠰᠠᠷ᠎ᠠ ᠶᠢᠨ 30 ᠤ ᠡᠳᠦᠷ ᠠᠴᠠ ᠡᠬᠢᠯᠡᠵᠦ ᠠᠵᠢᠯᠯᠠᠭᠰᠠᠨ ᠠᠴᠠ ᠣᠳᠣ ᠪᠤᠯᠲᠠᠯ᠎ᠠ 2900 | ᠭᠠᠷᠤᠢ ᠮᠦ ᠶᠢ ᠤᠷᠪᠠᠭᠤᠯᠴᠢᠬᠠᠵᠠᠢ︾ ᠭᠡᠵᠦ ᠭᠦ᠋ ᠶᠦᠩ ᠵᠢᠢ ᠬᠡᠯᠡᠵᠦ ᠪᠠᠶᠢᠯ᠎ᠠ᠃ | 2017 ᠣᠨ ᠠᠴᠠ ᠡᠬᠢᠯᠡᠨ᠂ ᠬᠦᠷᠢᠶ᠎ᠡ ᠬᠤᠰᠢᠭᠤ ᠲᠠᠷᠢᠶᠠᠨ ᠭᠠᠵᠠᠷ ᠢ ᠭᠦᠨ ᠤᠷᠪᠠᠭᠤᠯᠬᠤ ᠲᠥᠷᠥᠯ | ᠵᠦᠢᠯ ᠢ ᠥᠷᠨᠢᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠭᠦ ᠲᠠᠯ᠎ᠠ ᠪᠠᠷ ᠰᠠᠶᠢᠵᠢᠷᠠᠭᠤᠯᠤᠨ᠂ | ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠪᠦᠭᠦ ᠬᠤᠰᠢᠭᠤᠨ ᠤ ᠲᠠᠷᠢᠶᠠᠯᠠᠩ ᠤᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠦᠷᠭᠦᠯᠵᠢᠯᠡᠬᠦᠶᠢᠴᠡ ᠬᠥᠭᠵᠢᠯᠲᠡ ᠶᠢ | ᠠᠬᠢᠭᠤᠯᠪᠠ᠃ ︽ᠮᠠᠨ ᠤ ᠬᠤᠰᠢᠭᠤ ᠲᠠᠷᠢᠶᠠᠨ ᠭᠠᠵᠠᠷ ᠢ ᠭᠦᠨ ᠤᠷᠪᠠᠭᠤᠯᠬᠤ ᠲᠥᠷᠥᠯ ᠵᠦᠢᠯ ᠢ ᠥᠷᠨᠢᠭᠦᠯᠦᠭᠡᠳ | ᠨᠢᠭᠡᠨᠲᠡ 7 ᠵᠢᠯ ᠪᠣᠯᠵᠤ ᠪᠠᠶᠢᠨ᠎ᠠ᠂ ᠵᠢᠯ ᠪᠦᠷᠢ ᠮᠦ ᠪᠦᠷᠢ ᠶᠢᠨ ᠤᠨᠠᠯᠲᠠ ᠶᠢ 100 ᠺᠢᠯᠣᠭ᠍ᠷᠠᠮ ᠣᠷᠴᠢᠮ | ᠨᠡᠮᠡᠭᠳᠡᠭᠦᠯᠵᠦ᠂ ᠨᠡᠶᠢᠲᠡ 60 ᠭᠠᠷᠤᠢ ᠲᠦᠮᠡᠨ ᠮᠦ ᠲᠠᠷᠢᠶᠠᠨ ᠭᠠᠵᠠᠷ ᠢ ᠤᠷᠪᠠᠭᠤᠯᠵᠠᠢ᠂ ᠬᠤᠯᠪᠣᠭᠳᠠᠭᠰᠠᠨ ᠨᠥᠬᠦᠪᠦᠷᠢ | ᠮᠥᠩᠭᠦ ᠨᠢ 1600 ᠭᠠᠷᠤᠢ ᠲᠦᠮᠡᠨ ᠲᠥᠭᠦᠷᠢᠭ ᠲᠤ ᠬᠦᠷᠴᠦ᠂ ᠠᠰᠢᠭ ᠭᠥᠷᠳᠡᠭᠰᠡᠨ ᠲᠠᠷᠢᠶᠠᠴᠢᠨ ᠡᠷᠦᠭᠡ 2 | ᠲᠦᠮᠡ ᠰᠢᠬᠠᠮ ᠡᠷᠦᠭᠡ ᠳᠤ ᠬᠦᠷᠴᠡᠢ︾ ᠭᠡᠵᠦ ᠬᠦᠷᠢᠶ᠎ᠡ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠣᠯᠣᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠲᠠᠷᠢᠮᠠᠯ ᠤᠨ ᠦᠢᠯᠡᠰ ᠤᠨ ᠳᠡᠳ᠋ ᠳᠠᠷᠤᠭ᠎ᠠ ᠰᠢᠦᠢ | ᠾᠧᠦ ᠨᠢᠩ ᠲᠠᠨᠢᠯᠴᠠᠭᠤᠯᠵᠤ ᠪᠠᠶᠢᠯ᠎ᠠ᠃ |