ᠥᠪᠥᠷ ᠮᠣᠩᠭᠤᠯ ᠤᠨ ᠰᠢᠷ᠎ᠠ ᠪᠤᠷᠴᠠᠭ ᠤᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ ᠬᠠᠷᠪᠢᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2023/11/16
      11 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠰᠢᠷ᠎ᠠ ᠪᠤᠷᠴᠠᠭ ᠤᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ ᠬᠠᠷᠪᠢᠨ ᠳᠤ ᠬᠤᠷᠠᠯᠳᠤᠪᠠ᠂ ᠡᠨᠡ ᠨᠢ ᠮᠠᠨ ᠤ ᠣᠷᠣᠨ ᠤ ᠰᠢᠷ᠎ᠠ ᠪᠤᠷᠴᠠᠭ ᠤᠨ ᠠᠵᠤ ᠦᠢᠯᠡᠰ ᠤᠨ ᠲᠠᠰ ᠳᠡᠪᠰᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠥᠯᠥᠭᠡ ᠶᠤᠮ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠦ᠋ ᠰᠢᠶᠣᠣ ᠯᠢᠩ᠂ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠳᠡᠳ᠋ ᠳᠠᠷᠤᠭ᠎ᠠ ᠯᠢᠦᠢ ᠰᠢᠸ ᠲᠤᠸ᠂ ᠵᠠᠬ᠎ᠠ ᠳᠡᠯᠭᠡᠭᠦᠷ ᠬᠢᠭᠡᠳ ᠮᠡᠳᠡᠭᠡ ᠵᠠᠩᠭᠢᠵᠢᠯᠲᠠ ᠶᠢᠨ ᠵᠤᠷᠭᠠᠨ ᠤ ᠳᠡᠳ᠋ ᠳᠠᠷᠤᠭ᠎ᠠ ᠯᠢᠦ ᠬᠠᠨ ᠬᠤᠷᠠᠯ ᠳᠤ ᠣᠷᠣᠯᠴᠠᠭᠰᠠᠨ ᠪᠥᠭᠡᠳ ᠰᠢᠷ᠎ᠠ ᠪᠤᠷᠴᠠᠭ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠯᠤᠭᠤᠳᠬᠤ ᠰᠠᠨᠠᠯ ᠳᠤᠷᠠᠳᠴᠠᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ 
图片1.jpg
       ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ᠂ ᠣᠷᠴᠣᠨ ᠤ ᠦᠪᠡᠷᠲᠡᠭᠡᠨ ᠵᠠᠰᠠᠬᠤ ᠬᠤᠰᠢᠭᠤ᠂ ᠠᠷᠤᠨ ᠬᠤᠰᠢᠭᠤ᠂ ᠵᠠᠯᠠᠨ ᠠᠶᠢᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ 5 ᠳᠠᠪᠠᠭᠤᠯᠢᠭ ᠭᠤᠣᠯ ᠭᠠᠷᠤᠯᠲᠠ ᠶᠢᠨ ᠬᠤᠰᠢᠭᠤ ᠰᠢᠶᠠᠨ ᠪᠣᠯᠣᠨ ᠬᠥᠯᠥᠨ ᠪᠤᠶᠢᠷ ᠬᠤᠳᠠ᠂ ᠬᠢᠩᠭᠠᠨ ᠠᠶᠢᠮᠠᠭ ᠤᠨ 2 ᠭᠤᠣᠯ ᠭᠠᠷᠤᠯᠲᠠ ᠶᠢᠨ ᠠᠶᠢᠮᠠᠭ ᠬᠤᠳᠠ ᠨᠤᠭᠤᠳ ᠰᠢᠷ᠎ᠠ ᠪᠤᠷᠴᠠᠭ ᠤᠨ ᠦᠷ᠎ᠡ ᠪᠣᠶᠢᠵᠢᠭᠤᠯᠬᠤ᠂ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠵᠡᠷᠭᠡ ᠶᠢᠨ ᠲᠣᠭᠤᠷᠢᠨ ᠳᠤ ᠬᠤᠳᠠᠯᠳᠤᠭᠠᠴᠢᠨ ᠤᠷᠢᠵᠤ ᠲᠠᠨᠢᠯᠴᠠᠭᠤᠯᠵᠠᠢ᠃ ᠬᠠᠷᠠᠮᠥ᠋ᠷᠡᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠷ᠎ᠠ ᠪᠤᠷᠴᠠᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠤᠰᠬᠠᠢ ᠮᠡᠷᠭᠡᠵᠢᠯᠲᠡᠨ ᠯᠠᠢ ᠶᠦᠩ ᠼᠠᠢ ᠪᠣᠯᠣᠨ ᠤᠯᠤᠰ ᠤᠨ ᠳᠣᠲᠣᠭᠠᠳᠤ ᠶᠢᠨ 5 ᠲᠣᠮᠣ ᠬᠡᠯᠪᠡᠷᠢ ᠶᠢᠨ ᠪᠣᠯᠪᠠᠰᠤᠷᠠᠭᠤᠯᠬᠤ᠂ ᠦᠷ᠎ᠡ ᠶᠢᠨ ᠦᠢᠯᠡᠰ᠂ ᠬᠤᠳᠠᠯᠳᠤᠨ ᠠᠪᠴᠤ ᠬᠠᠳᠠᠭᠠᠯᠠᠬᠤ ᠠᠵᠤ ᠠᠬᠤᠶᠢᠯᠠᠯᠲᠠᠨ ᠤ ᠲᠥᠯᠥᠭᠡᠯᠡᠭᠴᠢ ᠭᠤᠶᠢᠳᠠ ᠰᠠᠶᠢᠬᠠᠨ ᠶᠠᠷᠢᠶ᠎ᠠ ᠲᠠᠯᠪᠢᠵᠠᠢ᠃      ᠬᠤᠷᠠᠯ ᠠᠴᠠ᠂ ᠥᠪᠥᠷ ᠮᠣᠩᠭᠤᠯ ᠪᠣᠯ ᠤᠯᠤᠰ ᠤᠨ ᠴᠢᠬᠤᠯᠠ ᠴᠢᠨᠠᠷ ᠰᠠᠶᠢᠲᠠᠢ ᠰᠢᠷ᠎ᠠ ᠪᠤᠷᠴᠠᠭ ᠤᠨ ᠭᠤᠣᠯ ᠭᠠᠷᠤᠯᠲᠠ ᠶᠢᠨ ᠣᠷᠣᠨ ᠪᠣᠯᠣᠨ᠎ᠠ᠂ ᠪᠦᠬᠦ ᠣᠷᠣᠨ ᠤ ᠰᠢᠷ᠎ᠠ ᠪᠤᠷᠴᠠᠭ ᠲᠠᠷᠢᠬᠤ ᠲᠠᠯᠠᠪᠠᠢ 1830 ᠭᠠᠷᠤᠢ ᠲᠦᠮᠡᠨ ᠮᠦ ᠳᠤ ᠬᠦᠷᠴᠦ᠂ ᠶᠡᠷᠦᠩᠬᠡᠢ ᠭᠠᠷᠤᠯᠲᠠ 245 ᠲᠦᠮᠡᠨ ᠲᠣᠨ ᠳᠤ ᠬᠦᠷᠴᠦ᠂ ᠪᠦᠬᠦ ᠤᠯᠤᠰ ᠤᠨ ᠬᠤᠶᠠᠳᠤᠭᠠᠷ ᠲᠤ ᠣᠷᠣᠪᠠ᠃ ᠣᠶᠢᠷ᠎ᠠ ᠶᠢᠨ ᠵᠢᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠰᠢᠷ᠎ᠠ ᠪᠤᠷᠴᠠᠭ ᠤᠨ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠯᠠᠪᠠᠢ ᠶᠢ ᠲᠣᠭᠲᠠᠪᠤᠷᠢᠵᠢᠭᠤᠯᠬᠤ᠂ ᠲᠠᠯᠠᠪᠠᠢ ᠨᠢᠭᠡᠴᠡ ᠶᠢᠨ ᠤᠨᠠᠯᠲᠠ ᠶᠢ ᠨᠡᠮᠡᠭᠳᠡᠭᠦᠯᠬᠦ᠂ ᠬᠡᠯᠬᠢᠶ᠎ᠡ ᠶᠢ ᠴᠢᠩᠭᠠᠳᠬᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠢᠷ᠎ᠠ ᠪᠤᠷᠴᠠᠭ ᠤᠨ ᠠᠵᠤ ᠦᠢᠯᠡᠰ ᠲᠦᠷᠭᠡᠨ ᠬᠥᠭᠵᠢᠯᠲᠡ ᠲᠠᠢ ᠪᠣᠯᠵᠠᠢ᠃ ᠮᠠᠨ ᠤ ᠣᠷᠣᠨ ᠤ ᠰᠢᠷ᠎ᠠ ᠪᠤᠷᠴᠠᠭ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠨᠢᠭᠡᠨᠲᠡ 112 ᠡᠭᠦᠯᠳᠡᠷ ᠢ ᠪᠣᠶᠢᠵᠢᠭᠤᠯᠵᠤ᠂ ᠮᠧᠩ ᠳ᠋ᠸᠦ 1137 ᠪᠣᠯᠣᠨ ᠳ᠋ᠧᠩ ᠺᠧ 5 ᠳ᠋ᠤᠭᠠᠷ ᠨᠣᠮᠧᠷ 2023 ᠣᠨ ᠤ ᠤᠯᠤᠰ ᠤᠨ ᠭᠤᠣᠯᠯᠠᠬᠤ ᠡᠭᠦᠯᠳᠡᠷ ᠲᠤ ᠰᠣᠩᠭᠤᠭᠳᠠᠨ ᠣᠷᠣᠵᠤ᠂ ᠵᠢᠯ ᠤᠨ ᠦᠷ᠎ᠡ ᠦᠢᠯᠡᠳᠪᠦᠷᠢᠯᠡᠬᠦ ᠲᠠᠯᠠᠪᠠᠶ ᠨᠢ ᠪᠥᠬᠦ ᠤᠯᠤᠰ ᠤᠨ ᠭᠤᠷᠪᠠᠳᠤᠭᠠᠷ ᠲᠤ ᠣᠷᠣᠵᠤ᠂ ᠬᠥᠯᠥᠨ ᠪᠤᠶᠢᠷ ᠬᠤᠳᠠ ᠶᠢᠨ ᠲᠠᠷᠢᠶᠠᠯᠠᠩ ᠤᠨ ᠰᠤᠳᠤᠯᠭᠠᠨ ᠤ ᠭᠠᠵᠠᠷ ᠪᠣᠯᠣᠨ ᠬᠢᠩᠭᠠᠨ ᠠᠶᠢᠮᠠᠭ ᠤᠨ ᠲᠠᠷᠢᠶᠠᠯᠠᠩ ᠤᠨ ᠰᠤᠳᠤᠯᠭᠠᠨ ᠤ ᠭᠠᠵᠠᠷ ᠲᠤ ᠲᠣᠰ ᠲᠣᠰ ᠰᠢᠷ᠎ᠠ ᠪᠤᠷᠴᠠᠭ ᠤᠨ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠪᠣᠯᠣᠨ ᠰᠢᠷ᠎ᠠ ᠪᠤᠷᠴᠠᠭ ᠤᠨ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠲᠥᠪ ᠢ ᠡᠭᠦᠳᠦᠨ ᠪᠠᠶᠢᠭᠤᠯᠪᠠ᠃ ᠪᠥᠬᠦ ᠣᠷᠣᠨ ᠤ ᠰᠢᠷ᠎ᠠ ᠪᠤᠷᠴᠠᠭ ᠤᠨ ᠵᠢᠯ ᠤᠨ ᠪᠣᠯᠪᠠᠰᠤᠷᠠᠭᠤᠯᠬᠤ ᠴᠢᠳᠠᠪᠤᠷᠢ 125 ᠲᠦᠮᠡᠨ ᠲᠣᠨ ᠪᠠᠶᠢᠵᠤ᠂ ᠪᠣᠯᠪᠠᠰᠤᠷᠠᠭᠤᠯᠤᠨ ᠬᠤᠪᠢᠷᠠᠭᠤᠯᠬᠤ ᠨᠣᠷᠮ᠎ᠠ 25% ᠪᠠᠶᠢᠵᠤ᠂ ᠪᠥᠬᠦ ᠤᠯᠤᠰ ᠤᠨ ᠭᠤᠣᠯ ᠭᠠᠷᠤᠯᠲᠠ ᠶᠢᠨ ᠮᠤᠵᠢ ᠶᠢᠨ ᠲᠠᠪᠤᠳᠤᠭᠠᠷ ᠲᠤ ᠣᠷᠣᠪᠠ᠃ ᠪᠥᠬᠦ ᠣᠷᠣᠨ ᠳᠤ ᠨᠡᠶᠢᠲᠡ 22 ᠰᠢᠷ᠎ᠠ ᠪᠤᠷᠴᠠᠭ ᠵᠢᠴᠢ ᠰᠢᠷ᠎ᠠ ᠪᠤᠷᠴᠠᠭ ᠤᠨ ᠪᠦᠲᠦᠭᠡᠭᠳᠡᠬᠦᠨ ᠤ ᠪᠣᠬᠢᠷᠲᠤᠯ ᠦᠭᠡᠢ ᠢᠳᠡᠭᠡᠨ᠂ 127 ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠭᠡᠷᠡᠴᠢᠯᠡᠵᠦ᠂ ᠥᠪᠥᠷ ᠮᠣᠩᠭᠤᠯ ᠤᠨ ᠰᠢᠷ᠎ᠠ ᠪᠤᠷᠴᠠᠭ ᠨᠢᠭᠡᠨᠲᠡ ᠭᠤᠶᠢᠳᠠ ᠰᠠᠶᠢᠬᠠᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ 
图片2.jpg
       ᠬᠤᠷᠠᠯ ᠠᠴᠠ᠂ ᠥᠪᠥᠷ ᠮᠣᠩᠭᠤᠯ ᠤᠨ ᠰᠢᠷ᠎ᠠ ᠪᠤᠷᠴᠠᠭ ᠤᠨ ᠠᠵᠤ ᠦᠢᠯᠡᠰ ᠤᠨ ᠳᠠᠪᠠᠭᠤᠯᠢᠭ ᠲᠣᠪᠣᠶᠢᠮ᠎ᠠ᠂ ᠳᠠᠯᠳᠠ ᠬᠦᠴᠦᠨ ᠯᠤᠲᠤ ᠶᠡᠭᠡ ᠪᠠᠶᠢᠨ᠎ᠠ᠃ ᠬᠡᠷᠬᠢᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠭᠤᠣᠯᠳᠠᠯᠭ᠎ᠠ ᠨᠢ ᠡᠭᠦᠯᠳᠡᠷ ᠲᠤ ᠪᠤᠢ᠂ ᠵᠠᠩᠭᠢᠯᠠᠭ᠎ᠠ ᠨᠢ ᠤᠨᠠᠯᠲᠠ ᠪᠠᠨ ᠨᠡᠮᠡᠭᠳᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠳᠤ ᠪᠤᠢ᠂ ᠭᠠᠷᠬᠤ ᠵᠠᠮ ᠨᠢ ᠨᠠᠷᠢᠯᠢᠭ ᠪᠣᠯᠪᠠᠰᠤᠷᠠᠭᠤᠯᠬᠤ ᠳᠤ ᠪᠤᠢ᠃ ᠣᠳᠣᠬᠠᠨ ᠳᠤ᠂ ᠬᠤᠳᠠᠯᠳᠤᠨ ᠠᠪᠴᠤ ᠨᠥᠭᠡᠴᠡᠯᠡᠬᠦ ᠠᠵᠢᠯ  ᠢ ᠰᠠᠶᠢᠲᠤᠷ ᠬᠢᠵᠦ᠂ ᠲᠠᠷᠢᠶᠠᠴᠢᠨ ᠡᠷᠦᠬᠡ ᠶᠢᠨ ᠠᠰᠢᠭ ᠣᠷᠣᠯᠭ᠎ᠠ   ᠶᠢ ᠦᠨᠡᠨᠬᠦ ᠪᠠᠲᠤᠯᠠᠬᠤ ᠪᠣᠯ ᠲᠤᠯᠭᠠᠮ᠎ᠠ ᠡᠭᠦᠷᠭᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠲᠥᠷᠥ ᠶᠢᠨ ᠪᠣᠳᠣᠯᠭ᠎ᠠ᠂ ᠳᠠᠷᠢᠬᠤ᠂ ᠡᠭᠦᠯᠳᠡᠷ ᠪᠣᠶᠢᠵᠢᠭᠤᠯᠬᠤ᠂ ᠨᠠᠷᠢᠯᠢᠭ ᠪᠣᠯᠪᠠᠰᠤᠷᠠᠭᠤᠯᠬᠤ ᠵᠡᠷᠭᠡ ᠲᠠᠯ᠎ᠠ ᠶᠢᠨ ᠳᠠᠯᠳᠠ ᠬᠦᠴᠦᠨ ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠰᠢᠷ᠎ᠠ ᠪᠤᠷᠴᠠᠭ ᠤᠨ ᠠᠵᠤ ᠦᠢᠯᠡᠰ ᠢ ᠬᠥᠭᠵᠢᠭᠦᠯᠬᠦ᠂ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠰᠢᠷ᠎ᠠ ᠪᠤᠷᠴᠠᠭ ᠢ ᠬᠠᠮᠲᠤᠷᠠᠨ ᠦᠷ᠎ᠡ ᠪᠣᠶᠢᠵᠢᠭᠤᠯᠬᠤ ᠪᠣᠭᠤᠮᠲᠠ ᠰᠢᠪᠲᠤᠯᠬᠤ ᠪᠠ ︽ᠵᠠᠷᠯᠠᠨ ᠮᠠᠩᠯᠠᠶᠢᠯᠠᠭᠤᠯᠬᠤ︾᠂ ᠦᠷ᠎ᠡ ᠦᠢᠯᠡᠳᠪᠦᠷᠢᠯᠡᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂ ᠲᠣᠰᠣ ᠶᠡᠬᠡᠲᠡᠢ ᠥᠨᠳᠥᠷ ᠤᠨᠠᠯᠲᠠ ᠲᠠᠢ ᠡᠭᠦᠯᠳᠡᠷ ᠢ ᠳᠡᠯᠭᠡᠷᠡᠭᠦᠯᠬᠦ᠂ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠵᠡᠷᠭᠡ ᠲᠠᠯ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠷ᠎ᠠ ᠪᠤᠷᠴᠠᠭ ᠤᠨ ᠭᠤᠣᠯ ᠭᠠᠷᠤᠯᠲᠠ ᠶᠢᠨ ᠣᠷᠣᠨ ᠳᠤ ᠨᠢᠭᠡ ᠪᠦᠯᠦᠭ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠲᠡᠳᠬᠦᠨ ᠳᠡᠮᠵᠢᠵᠦ᠂ 2024 ᠣᠨ ᠳᠤ ᠬᠤᠶᠠᠳᠤᠭᠠᠷ ᠬᠤᠭᠤᠴᠠᠭᠠᠨ ᠤ ᠰᠢᠷ᠎ᠠ ᠪᠤᠷᠴᠠᠭ ᠤᠨ ᠠᠵᠤ ᠦᠢᠯᠡᠰ ᠤᠨ ᠰᠦᠷᠦᠭᠵᠢᠯ ᠢ ᠡᠭᠦᠳᠦᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠪᠦᠬᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ  ᠨᠢ ᠰᠠᠶᠢᠨ ︽ᠦᠢᠯᠡᠴᠢᠯᠡᠭᠴᠢ︾ ᠪᠣᠯᠵᠤ᠂ ᠲᠦᠷᠦ ᠶᠢᠨ ᠪᠣᠳᠣᠯᠭ᠎ᠠ ᠶᠢᠨ ᠳᠠᠪᠠᠭᠤᠯᠢᠭ᠂ ᠠᠮᠢ ᠠᠬᠤᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠠᠰᠢᠭᠯᠠᠵᠤ ᠭᠦᠢᠴᠡᠳ ᠠᠰᠢᠭᠯᠠᠵᠤ᠂ ᠪᠦᠬᠦ ᠤᠯᠤᠰ ᠤᠨ ᠠᠵᠤ ᠠᠬᠤᠶᠢᠯᠠᠯᠲᠠᠳ ᠤᠨ ᠥᠪᠥᠷ ᠮᠣᠩᠭᠤᠯ ᠳᠤ ᠬᠦᠷᠴᠦ ᠦᠢᠯᠡᠳᠪᠦᠷᠢ ᠪᠠᠶᠢᠭᠤᠯᠬᠤ᠂ ᠬᠤᠳᠠᠯᠳᠤᠨ ᠠᠪᠴᠤ ᠨᠥᠭᠡᠴᠡᠯᠡᠬᠦ᠂ ᠠᠷᠠᠯᠵᠢᠶ᠎ᠠ ᠪᠠᠨ ᠥᠷᠭᠡᠳᠬᠡᠬᠦ ᠶᠢ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ᠂ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠭᠤᠣᠯ ᠭᠠᠷᠤᠯᠲᠠ ᠶᠢᠨ ᠣᠷᠣᠨ ᠤ ᠲᠥᠯᠥᠭᠡᠯᠡᠭᠴᠢ᠂ ᠣᠷᠣᠨ ᠤ ᠳᠣᠲᠣᠷ᠎ᠠ ᠭᠠᠳᠠᠨᠠᠬᠢ 50 ᠭᠠᠷᠤᠢ ᠠᠵᠤ ᠠᠬᠤᠶᠢᠯᠠᠯ ᠶᠠᠷᠢᠯᠴᠠᠬᠤ ᠬᠤᠷᠠᠯ ᠳᠤ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号