ᠭᠦᠶᠠᠩ ᠰᠢᠶᠠᠨ ᠪᠣᠯ ᠨᠡᠶᠢᠲᠡᠯᠢᠭ ᠬᠠᠭᠤᠷᠠᠢ ᠭᠠᠵᠠᠷ ᠤᠨ ᠲᠠᠷᠢᠶᠠᠯᠠᠩ ᠤᠨ ᠣᠷᠣᠨ ᠳᠤ ᠬᠠᠷᠢᠶᠠᠯᠠᠭᠳᠠᠵᠤ᠂ | ᠰᠢᠯᠢᠮᠳᠡᠭ ᠤᠨ ᠲᠠᠯᠠᠪᠠᠶ ᠨᠢᠭᠡᠴᠢ ᠶᠢᠨ ᠤᠨᠠᠯᠲᠠ ᠨᠢ ᠳᠣᠣᠷ᠎ᠠ ᠮᠥᠷᠲᠡᠭᠡᠨ ᠲᠣᠭᠲᠠᠭᠤᠨ ᠪᠤᠰᠤ ᠪᠠᠶᠢᠳᠠᠭ᠃ ᠡᠲᠡᠭᠡᠷ | ᠠᠰᠠᠭᠤᠳᠠᠯ ᠳᠤ ᠴᠢᠭᠯᠡᠭᠦᠯᠦᠨ᠂ ᠪᠤᠭᠤᠲᠤ ᠬᠤᠲᠠ ᠶᠢᠨ ᠬᠢᠨ ︽ ᠲᠤᠯᠠᠭᠠᠨ ᠢ ᠳᠡᠭᠡᠭᠰᠢᠯᠡᠭᠦᠯᠬᠦ᠂ ᠴᠢᠬᠢᠭ ᠢ | ᠬᠠᠮᠠᠭᠠᠯᠠᠬᠤ᠂ ᠪᠣᠷᠣᠭᠠᠨ ᠢ ᠬᠤᠷᠠᠭᠤᠯᠬᠤ ᠂ ᠳᠠᠷᠢᠬᠤ ᠬᠤᠭᠤᠴᠠᠭ᠎ᠠ ᠶᠢ ᠲᠣᠬᠢᠷᠠᠭᠤᠯᠬᠤ᠂ ᠥᠪᠡᠷ ᠤᠨ ᠥᠷᠲᠡᠭ ᠢ | ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ︾ ᠲᠠᠪᠤᠨ ᠵᠦᠢᠯ ᠤᠨ ᠠᠷᠭ᠎ᠠ ᠬᠡᠮᠵᠢᠶ᠎ᠡ ᠳᠤ ᠰᠠᠭᠤᠷᠢᠯᠠᠨ᠂ | ᠰᠢᠯᠢᠮᠳᠡᠭ ᠤᠨ ᠥᠷᠭᠡᠨ ᠪᠦᠷᠬᠦᠪᠴᠢᠳᠤ ᠭᠤᠸ ᠳᠠᠷᠢᠵᠤ ᠤᠷᠭᠤᠭᠤᠯᠬᠤ ᠮᠡᠷᠭᠡᠵᠢᠯ ᠢ ᠲᠥᠪᠯᠡᠷᠡᠭᠦᠯᠦᠨ ᠳᠡᠯᠭᠡᠷᠡᠭᠦᠯᠵᠦ᠂ | ᠭᠠᠩ ᠬᠠᠭᠰᠠᠷᠠᠭᠠᠨ ᠲᠠᠢ ᠲᠡᠮᠡᠴᠡᠬᠦ᠂ ᠭᠠᠷᠤᠯᠲᠠ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠰᠠᠶᠢᠨ ᠦᠷ᠎ᠡ | ᠪᠦᠲᠦᠮᠵᠢ ᠶᠢ ᠪᠡᠶᠡᠯᠡᠭᠦᠯᠪᠡ᠃ | | | | | | ᠭᠤᠣᠯ ᠠᠷᠭ᠎ᠠ ᠪᠠᠷᠢᠯ ᠄ ᠨᠢᠭᠡ ᠳᠤ ᠴᠡᠭ ᠢᠶᠠᠷ ᠵᠢᠱᠢᠶ᠎ᠡ ᠦᠵᠡᠭᠦᠯᠵᠦ ᠂ ᠨᠡᠶᠢᠳᠡᠮ ᠳᠤ ᠨᠢ ᠳᠡᠯᠭᠡᠷᠡᠭᠦᠯᠪᠡ᠃ | 2021 ᠣᠨ ᠠᠴᠠ ᠡᠬᠢᠯᠡᠨ ᠲᠠᠰᠤᠷᠠᠯᠲᠠ ᠦᠭᠡᠢ ᠲᠤᠷᠰᠢᠨ ᠰᠢᠨᠡᠳᠬᠡᠨ ᠰᠠᠶᠢᠵᠢᠷᠠᠭᠤᠯᠵᠤ᠂ 2022 ᠣᠨ ᠳᠤ | ᠬᠠᠪᠤᠷ ᠤᠨ ᠰᠢᠯᠢᠮᠳᠡᠭ ᠤᠨ ᠲᠠᠯᠠᠪᠠᠶ ᠨᠢᠭᠡᠴᠢ ᠶᠢᠨ ᠤᠨᠠᠯᠲᠠ ᠶᠢ 36% ᠪᠠᠷ ᠨᠡᠮᠡᠭᠳᠡᠭᠦᠯᠦᠨ᠂ 2023 ᠣᠨ ᠳᠤ | ᠰᠢᠯᠢᠮᠳᠡᠭ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ | ᠠᠵᠢᠯᠯᠠᠭ᠎ᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠲᠡᠮᠡᠴᠡᠨ ᠣᠯᠵᠤ᠂ ᠲᠤᠷᠰᠢᠯᠲᠠ ᠶᠢᠨ ᠵᠢᠱᠢᠶ᠎ᠡ ᠦᠵᠡᠭᠦᠯᠬᠦ | ᠹᠢᠯᠢᠮ ᠢ ᠦᠷᠭᠦᠯᠵᠢᠯᠡᠨ ᠡᠭᠦᠳᠦᠨ ᠪᠠᠶᠢᠭᠤᠯᠵᠤ᠂ ᠬᠡᠷᠡᠭᠯᠡᠭᠡᠨ ᠤ ᠲᠠᠯᠠᠪᠠᠶ ᠶᠢ 2.5 ᠲᠦᠮᠡᠨ ᠮᠦ ᠳᠤ ᠬᠦᠷᠦᠭᠦᠯᠪᠡ ᠃ | ᠬᠤᠶᠠᠷ ᠲᠤ ᠲᠤᠷᠰᠢᠯᠭ᠎ᠠ ᠪᠠᠨ ᠳ᠋ᠦᠩᠨᠡᠵᠦ ᠂ ᠦᠷ᠎ᠡ ᠪᠦᠲᠦᠭᠡᠯ ᠢᠶᠠᠨ ᠬᠤᠪᠢᠰᠬᠠᠪᠠ ᠃ ᠥᠷᠭᠡᠨ ᠪᠦᠷᠬᠦᠪᠴᠢᠳᠤ | ᠭᠤᠤ ᠪᠠᠷ ᠲᠠᠷᠢᠬᠤ ᠮᠠᠰᠢᠨ ᠳᠤ ︽ ᠨᠢᠭᠡ ᠵᠦᠢᠯ ᠤᠨ ᠥᠷᠭᠡᠨ ᠪᠦᠷᠬᠦᠪᠴᠢᠳᠤ ᠭᠤᠤ ᠪᠠᠷ ᠲᠠᠷᠢᠬᠤ ᠮᠠᠰᠢᠨ ︾ ᠤ | ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ ᠪᠣᠯᠣᠨ ︽ ᠨᠢᠭᠡ ᠵᠦᠢᠯ ᠤᠨ ᠬᠦᠢᠲᠡᠨ ᠰᠡᠷᠢᠭᠦᠨ ᠭᠠᠩ | ᠬᠠᠭᠤᠷᠠᠢ ᠭᠠᠵᠠᠷ ᠣᠷᠣᠨ ᠳᠤ ᠲᠣᠬᠢᠷᠠᠬᠤ ᠥᠷᠭᠡᠨ ᠪᠦᠷᠬᠦᠪᠴᠢᠳᠤ ᠭᠤᠤ ᠪᠠᠷ ᠲᠠᠷᠢᠬᠤ ᠠᠷᠭ᠎ᠠ ︾ ᠶᠢᠨ | ᠡᠭᠦᠳᠦᠯᠲᠡ ᠶᠢᠨ ᠲᠤᠰᠬᠠᠢ ᠠᠰᠢᠭ ᠵᠢᠴᠢ ︽ ᠬᠦᠢᠲᠡᠨ ᠰᠡᠷᠢᠭᠦᠨ ᠭᠠᠩ ᠬᠠᠭᠤᠷᠠᠢ ᠭᠠᠵᠠᠷ ᠣᠷᠣᠨ ᠤ ᠰᠢᠯᠢᠮᠳᠡᠭ ᠤᠨ | ᠥᠷᠭᠡᠨ ᠪᠦᠷᠬᠦᠪᠴᠢᠳᠦ ᠭᠤᠤ ᠪᠠᠷ ᠲᠠᠷᠢᠬᠤ ᠮᠡᠷᠭᠡᠵᠢᠯ ᠤᠨ ᠳᠦᠷᠢᠮ ︾ ᠤᠨ ᠣᠷᠣᠨ ᠨᠤᠲᠤᠭ ᠤᠨ ᠪᠠᠷᠢᠮᠵᠢᠶ᠎ᠠ ᠶᠢ | ᠲᠣᠭᠲᠠᠭᠠᠭᠰᠠᠨ ᠪᠠᠶᠢᠨ᠎ᠠ ᠃ ᠭᠤᠷᠪᠠ ᠳᠤ ᠰᠢᠶᠠᠩ ᠪᠠᠯᠭᠠᠰᠤᠨ ᠳᠤ ᠴᠡᠭ ᠪᠠᠶᠢᠷᠢᠯᠠᠭᠤᠯᠵᠤ ᠂ ᠰᠦᠯᠵᠢᠶ᠎ᠡ ᠶᠢ | ᠬᠤᠯᠪᠤᠯᠳᠤᠭᠤᠯᠪᠠ᠃ ᠰᠢᠶᠠᠩ ᠪᠠᠯᠭᠠᠰᠤ ᠪᠠᠷ ᠨᠢᠭᠡᠴᠢ ᠪᠣᠯᠭᠠᠨ ᠴᠡᠭ ᠪᠠᠶᠢᠷᠢᠯᠠᠭᠤᠯᠵᠤ ᠂ ᠴᠡᠭ ᠠᠴᠠ ᠪᠦᠬᠦ | ᠲᠠᠯ᠎ᠠ ᠳᠤ ᠬᠦᠷᠬᠦ ᠲᠣᠣᠷᠯᠢᠭ ᠬᠡᠯᠪᠡᠷᠢ ᠶᠢᠨ ᠬᠤᠯᠪᠤᠭᠠᠯᠠᠨ ᠬᠥᠳᠡᠯᠦᠯᠴᠡᠬᠦ ᠰᠢᠰᠲ᠋ᠧᠮ ᠢ ᠪᠦᠷᠢᠯᠳᠦᠭᠦᠯᠵᠦ ᠂ | ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠵᠢᠯ ᠢ ᠨᠢᠭᠡᠳᠬᠡᠬᠦ ᠪᠠ ᠪᠠᠷᠢᠮᠵᠢᠶᠠᠵᠢᠭᠤᠯᠬᠤ ᠶᠢ ᠪᠡᠶᠡᠯᠡᠭᠦᠯᠬᠦ ᠳᠤ | ᠬᠠᠪᠰᠤᠷᠤᠮᠵᠢ ᠦᠵᠡᠭᠦᠯᠵᠦ ᠂ ᠡᠯ᠎ᠡ ᠵᠦᠢᠯ ᠤᠨ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠪᠠ᠃ | | | | | | ᠮᠡᠷᠭᠡᠵᠢᠯ ᠤᠨ ᠣᠨᠴᠠᠯᠢᠭ᠄ ᠨᠢᠭᠡ ᠳᠤ ᠰᠤᠪᠠᠭ ᠲᠠᠲᠠᠵᠤ ᠴᠢᠬᠢᠭ ᠢ ᠬᠠᠶᠢᠵᠤ᠂ ᠨᠠᠷᠢᠯᠢᠭ ᠣᠨᠣᠴᠠᠲᠠᠢ ᠪᠠᠷ | ᠲᠠᠷᠢᠪᠠ ᠃ ᠭᠤᠤ ᠭᠠᠷᠭᠠᠬᠤ ᠮᠠᠰᠢᠨ ᠢᠶᠠᠷ ᠲᠠᠷᠢᠬᠤ ᠪᠠᠶᠢᠷᠢᠨ ᠳᠤ ᠬᠦᠷᠲᠡᠯ᠎ᠡ ᠭᠤᠤ ᠭᠠᠷᠭᠠᠬᠤ ᠨᠢ ᠨᠣᠶᠢᠲᠠᠨ | ᠬᠥᠷᠥᠰᠥᠨ ᠤ ᠳᠠᠪᠬᠤᠷᠭ᠎ᠠ ᠶᠢᠨ ᠴᠢᠭᠢᠭ ᠤᠨ ᠪᠠᠶᠢᠳᠠᠯ ᠨᠢ ᠰᠠᠶᠢᠨ ᠂ ᠴᠢᠬᠢᠯᠡᠬᠦ ᠳᠤ ᠠᠰᠢᠭᠲᠠᠢ ᠃ ᠬᠤᠶᠠᠷ ᠲᠤ | ᠤᠰᠤ ᠶᠢ ᠬᠤᠷᠠᠮᠳᠤᠭᠤᠯᠤᠨ ᠴᠢᠬᠢᠭ ᠢ ᠬᠠᠮᠠᠭᠠᠯᠠᠵᠤ᠂ ᠥᠨᠳᠥᠷ ᠦᠷ᠎ᠡ ᠠᠰᠢᠭ ᠲᠠᠢ ᠪᠠᠷ ᠤᠰᠤ ᠠᠷᠪᠢᠯᠠᠪᠠ ᠃ ᠭᠤᠤ | ᠭᠠᠷᠭᠠᠭᠰᠠᠨ ᠪᠠ ᠭᠤᠤ ᠭᠠᠷᠭᠠᠭᠰᠠᠨ ᠦᠭᠡᠢ ᠭᠠᠵᠠᠷ ᠂ ᠨᠦᠬᠡᠯᠡᠨ ᠲᠠᠷᠢᠬᠤ ᠪᠠᠶᠢᠷᠢ ᠪᠠ ᠨᠦᠬᠡᠯᠡᠨ ᠲᠠᠷᠢᠬᠤ ᠪᠤᠰᠤ | ᠪᠠᠶᠢᠷᠢ ᠶᠢᠨ ᠥᠨᠳᠥᠷ ᠤᠨ ᠵᠥᠷᠢᠶ᠎ᠡ ᠶᠢ ᠪᠤᠢ ᠪᠣᠯᠭᠠᠵᠤ ᠂ ᠬᠤᠶᠠᠳᠠᠬᠢ ᠥᠨᠳᠥᠷ ᠤᠨ ᠵᠥᠷᠢᠶ᠎ᠡ ᠨᠢ ᠪᠦᠷᠬᠦᠪᠴᠢ ᠳᠤ | ᠤᠨᠠᠭᠰᠠᠨ ᠪᠠᠶᠢᠭᠠᠯᠢ ᠶᠢᠨ ᠲᠤᠨᠳᠠᠰᠤ ᠶᠢ ᠴᠤᠭᠯᠠᠷᠠᠭᠤᠯᠬᠤ ᠶᠢᠨ ᠬᠠᠮᠲᠤ ᠨᠦᠬᠡᠨ ᠳᠤ ᠣᠷᠣᠭᠤᠯᠵᠤ ᠂ ᠭᠤᠤ ᠪᠤᠰᠤ | ᠨᠦᠬᠡᠨ ᠳᠤ ᠲᠠᠷᠢᠬᠤ ᠲᠠᠢ ᠬᠠᠷᠢᠴᠠᠭᠤᠯᠪᠠᠯ ᠂ ᠪᠠᠶᠢᠭᠠᠯᠢ ᠶᠢᠨ ᠲᠤᠨᠳᠠᠰᠤᠨ ᠤ ᠠᠰᠢᠭᠯᠠᠮᠵᠢ ᠶᠢᠨ ᠨᠤᠷᠮ᠎ᠠ ᠶᠢ 3 | ᠳᠠᠬᠢᠨ ᠢᠶᠠᠷ ᠳᠡᠭᠡᠭᠰᠢᠯᠡᠭᠦᠯᠪᠡ᠃ ᠭᠤᠷᠪᠠ ᠳᠤ᠂ ᠢᠯᠴᠢ ᠶᠢ ᠰᠢᠩᠭᠡᠭᠡᠵᠦ ᠳᠤᠯᠠᠭᠠᠨ ᠢ ᠬᠠᠮᠠᠭᠠᠯᠠᠵᠤ᠂ ᠪᠤᠬᠢᠷᠳᠤᠯ | ᠦᠭᠡᠢ ᠪᠠᠷ ᠬᠤᠭ ᠡᠪᠡᠰᠦ ᠶᠢ ᠠᠷᠢᠯᠭᠠᠪᠠ ᠃ ᠬᠠᠷ᠎ᠠ ᠥᠩᠭᠡᠲᠡᠢ ᠥᠷᠭᠡᠨ ᠪᠦᠷᠭᠦᠬᠦᠯ ᠨᠢ ᠨᠡᠷᠡᠨ ᠤ ᠭᠡᠷᠡᠯ ᠤᠨ | ᠢᠯᠴᠢ ᠶᠢ ᠪᠦᠲᠦᠮᠵᠢᠲᠡᠶ ᠰᠢᠩᠭᠡᠭᠡᠵᠦ ᠂ ᠭᠠᠵᠠᠷ ᠤᠨ ᠳᠤᠯᠠᠭᠠᠨ ᠢ ᠳᠡᠭᠡᠭᠰᠢᠯᠡᠭᠦᠯᠵᠦ ᠦᠷ᠎ᠡ ᠶᠢᠨ ᠨᠠᠬᠢᠶᠠᠯᠠᠬᠤ | ᠨᠤᠷᠮ᠎ᠠ ᠶᠢ ᠨᠡᠮᠡᠭᠳᠡᠭᠦᠯᠦᠨ ᠂ ᠲᠠᠷᠢᠮᠠᠯ ᠤᠨ ᠤᠷᠭᠤᠯᠲᠠ ᠳᠤ ᠬᠡᠷᠡᠭᠰᠡᠬᠦ ᠢᠯᠴᠢ ᠶᠢᠨ ᠡᠨᠧᠷᠭᠢ ᠶᠢ ᠪᠠᠲᠤᠯᠠᠪᠠ᠃ | ᠳᠥᠷᠪᠡ ᠳᠤ᠂ ᠤᠷᠢᠳᠴᠢᠯᠠᠨ ᠳᠠᠷᠢᠵᠤ᠂ ᠴᠢᠭᠢᠭ ᠤᠨ ᠪᠠᠶᠢᠳᠠᠯ ᠢ ᠵᠠᠪᠳᠤᠨ ᠡᠵᠡᠮᠳᠡᠪᠡ ᠃ ᠬᠠᠷ᠎ᠠ ᠪᠦᠷᠬᠦᠭᠦᠯ ᠢᠶᠠᠷ | ᠢᠯᠴᠢ ᠰᠢᠩᠭᠡᠭᠡᠬᠦ ᠪᠠᠷ ᠳᠠᠮᠵᠢᠨ ᠬᠥᠷᠥᠰᠥᠨ ᠳᠠᠪᠬᠤᠷᠭ᠎ᠠ ᠶᠢᠨ ᠬᠥᠷᠥᠰᠥᠨ ᠤ ᠬᠠᠯᠠᠭᠤᠨ ᠢ ᠳᠡᠭᠡᠭᠰᠢᠯᠡᠭᠦᠯᠵᠦ | ᠨᠠᠬᠢᠶᠠᠯᠠᠬᠤ ᠳᠤᠯᠠᠭᠠᠴᠠ ᠳᠤ ᠬᠦᠷᠭᠡᠵᠦ ᠂ ᠤᠷᠢᠳᠴᠢᠯᠠᠨ ᠲᠠᠷᠢᠪᠠᠯ ᠴᠢᠭᠢᠭ ᠤᠨ ᠪᠠᠶᠢᠳᠠᠯ ᠢ ᠪᠦᠲᠦᠮᠵᠢᠲᠡᠶ ᠡᠵᠡᠯᠡᠨ᠎ᠡ ᠂ | ᠳᠠᠷᠠᠭ᠎ᠠ ᠨᠢ ᠴᠠᠭ ᠢ ᠵᠥᠷᠢᠭᠦᠯᠦᠨ ᠲᠠᠷᠢᠪᠠᠯ ᠪᠠᠰᠠ ᠴᠢᠬᠢ ᠬᠠᠮᠠᠭᠠᠯᠠᠬᠤ ᠤᠰᠤᠨ ᠤ ᠤᠰᠤᠯᠠᠯᠲᠠ ᠶᠢᠨ ᠳᠠᠷᠤᠯᠲᠠ ᠶᠢ | ᠪᠦᠲᠦᠮᠵᠢᠲᠡᠶ ᠬᠥᠩᠭᠡᠷᠡᠭᠦᠯᠦᠨ᠎ᠡ ᠃ | ᠭᠦᠶᠠᠩ ᠰᠢᠶᠠᠨ ᠤ 2022 ᠣᠨ ᠤ ᠰᠢᠯᠢᠮᠳᠡᠭ ᠤᠨ ᠥᠷᠭᠡᠨ ᠪᠦᠷᠬᠦᠪᠴᠢᠳᠤ ᠭᠤᠤ ᠪᠠᠷ ᠲᠠᠷᠢᠬᠤ | ᠲᠤᠷᠰᠢᠯᠲᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠠᠯᠠᠪᠠᠶ ᠨᠢᠭᠡᠴᠢ ᠶᠢᠨ ᠤᠨᠠᠯᠲᠠ ᠨᠢ | 187kg/ᠮᠦ ᠠᠴᠠ ᠳᠡᠭᠡᠭᠰᠢ ᠳᠤ ᠬᠦᠷᠴᠦ᠂ ᠲᠠᠷᠢᠶᠠᠴᠢᠨ ᠡᠷᠦᠬᠡ ᠶᠢᠨ ᠤᠯᠠᠮᠵᠢᠯᠠᠯᠲᠤ ᠳᠠᠷᠢᠬᠤ ᠠᠷᠭ᠎ᠠ ᠠᠴᠠ | 36% ᠪᠠᠷ ᠨᠡᠮᠡᠭᠳᠡᠵᠦ᠂ 2023 ᠣᠨ ᠤ ᠰᠢᠯᠢᠮᠳᠡᠭ ᠤᠨ ᠥᠷᠭᠡᠨ ᠪᠦᠷᠬᠦᠪᠴᠢᠳᠦ ᠭᠤᠤ ᠪᠠᠷ ᠳᠠᠷᠢᠬᠤ | ᠲᠤᠷᠰᠢᠯᠲᠠ ᠶᠢᠨ ᠵᠢᠱᠢᠶ᠎ᠡ ᠦᠵᠡᠭᠦᠯᠬᠦ ᠲᠠᠯᠠᠪᠠᠶ ᠨᠢᠭᠡᠴᠢ ᠶᠢᠨ ᠤᠨᠠᠯᠲᠠ ᠵᠢᠱᠢᠯᠲᠡ ᠪᠠᠷ 150kg/ᠮᠦ ᠠᠴᠠ | ᠳᠡᠭᠡᠭᠰᠢ ᠳᠤ ᠬᠦᠷᠴᠦ᠂ ᠲᠠᠷᠢᠶᠠᠴᠢᠨ ᠡᠷᠦᠬᠡ ᠶᠢᠨ ᠤᠯᠠᠮᠵᠢᠯᠠᠯᠲᠤ ᠳᠠᠷᠢᠬᠤ ᠠᠷᠭ᠎ᠠ ᠠᠴᠠ 42% ᠢᠶᠠᠷ ᠨᠡᠮᠡᠭᠳᠡᠵᠦ᠂ | ᠬᠤᠷᠢᠶᠠᠯᠲᠠ ᠨᠡᠮᠡᠭᠳᠡᠭᠡᠳ 220 ᠲᠥᠭᠦᠷᠢᠭ/ᠮᠦ ᠳᠤ ᠬᠦᠷᠴᠡᠢ᠃ ᠲᠣᠰ ᠵᠠᠭᠪᠤᠷ ᠨᠢ ᠬᠠᠭᠤᠷᠠᠢ ᠭᠠᠵᠠᠷ ᠤᠨ | ᠲᠠᠷᠢᠮᠠᠯ ᠤᠨ ᠲᠠᠷᠢᠶᠠᠯᠠᠩ ᠤᠨ ᠬᠤᠷ᠎ᠠ ᠲᠤᠨᠤᠳᠠᠰᠤ ᠶᠢᠨ ᠠᠰᠢᠭᠯᠠᠯᠲᠠ ᠶᠢᠨ ᠨᠣᠷᠮ᠎ᠠ ᠳᠣᠣᠷ᠎ᠠ᠂ ᠠᠰᠢᠭᠲᠤ ᠬᠤᠷᠠᠮᠳᠤᠯ | ᠳᠤᠯᠠᠭᠠᠨ ᠳᠣᠣᠷ᠎ᠠ᠂ ᠰᠣᠩᠭᠤᠵᠤ ᠪᠣᠯᠬᠤ ᠲᠠᠷᠢᠮᠠᠯ ᠤᠨ ᠲᠥᠷᠥᠯ ᠵᠦᠢᠯ ᠴᠥᠭᠡᠨ ᠪᠠᠶᠢᠬᠤ ᠬᠦᠴᠢᠷ ᠠᠰᠠᠭᠤᠳᠠᠯ ᠢ | ᠰᠢᠢᠳᠪᠦᠷᠢᠯᠡᠵᠦ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠳᠤ ᠠᠰᠢᠭᠲᠠᠢ᠂ | ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠬᠡᠷᠡᠭᠵᠢᠭᠦᠯᠬᠦ ᠳᠤ ᠠᠰᠢᠭᠲᠠᠢ ᠪᠠᠶᠢᠵᠤ᠂ ᠪᠦᠲᠦᠮᠵᠢᠲᠡᠶ ᠤᠰᠤ | ᠠᠷᠪᠢᠯᠠᠬᠤ ᠬᠡᠮᠵᠢᠶ᠎ᠡ ᠨᠢ 30%᠂ ᠪᠣᠷᠳᠣᠭᠤᠷ ᠠᠷᠪᠢᠯᠠᠬᠤ ᠬᠡᠮᠵᠢᠶ᠎ᠡ ᠨᠢ 10%᠂ ᠡᠮ ᠠᠷᠪᠢᠯᠠᠬᠤ ᠬᠡᠮᠵᠢᠶ᠎ᠡ ᠨᠢ | 30% ᠪᠣᠯᠣᠨ᠎ᠠ᠃ | ᠥᠷᠭᠡᠨ ᠪᠦᠷᠬᠦᠪᠴᠢᠳᠤ ᠭᠤᠤ ᠪᠠᠷ ᠲᠠᠷᠢᠬᠤ ᠵᠠᠭᠪᠤᠷ ᠢ ᠪᠤᠭᠤᠲᠤ ᠬᠤᠲᠠ ᠶᠢᠨ ᠭᠦᠶᠠᠩ ᠰᠢᠶᠠᠨ ᠳᠤ ᠶᠡᠭᠡ | ᠬᠡᠪᠴᠢᠶ᠎ᠡ ᠪᠠᠷ ᠳᠡᠯᠭᠡᠷᠡᠭᠦᠯᠬᠦ ᠶᠢᠨ ᠵᠡᠷᠭᠡ ᠳᠤ ᠪᠤᠭᠤᠲᠤ ᠬᠤᠲᠠ ᠶᠢᠨ ᠬᠢᠨ ᠴᠦ ᠥᠷᠭᠡᠨ ᠪᠦᠷᠬᠦᠪᠴᠢᠳᠦ ᠭᠤᠤ ᠪᠠᠷ | ᠳᠠᠷᠢᠵᠤ ᠤᠷᠭᠤᠭᠤᠯᠬᠤ ᠵᠠᠭᠪᠤᠷ ᠢ ᠰᠢᠰᠢ᠂ ᠡᠷᠳᠡᠨᠢ ᠰᠢᠰᠢ᠂ ᠨᠠᠷᠢᠮᠤ᠂ ᠰᠢᠷ᠎ᠠ ᠪᠤᠷᠴᠠᠭ᠂ ᠨᠡᠷᠡᠨ ᠬᠤᠸᠠᠷ ᠵᠡᠷᠭᠡ | ᠲᠠᠷᠢᠮᠠᠯ ᠳᠤ ᠬᠡᠷᠡᠭᠯᠡᠵᠦ᠂ ᠭᠠᠷᠤᠯᠲᠠ ᠢᠯᠡᠳᠲᠡ ᠨᠡᠮᠡᠭᠳᠡᠭᠰᠡᠨ ᠪᠠᠶᠢᠨ᠎ᠠ᠃ | |