ᠦᠷ᠎ᠡ ᠨᠢ ᠡᠪᠦᠯ ᠤᠨ ᠤᠯᠠᠷᠢᠯ ᠳᠤ ᠬᠠᠳᠠᠭᠠᠯᠠᠬᠤ ᠶᠠᠪᠤᠴᠠ ᠳᠤ ᠲᠤᠶᠢᠯ ᠤᠨ ᠴᠢᠬᠤᠯᠠ ᠪᠠᠶᠢᠳᠠᠭ᠂ ᠬᠡᠷᠪᠡ | ᠦᠷ᠎ᠡ ᠶᠢᠨ ᠲᠤᠰ ᠪᠡᠶ᠎ᠡ ᠶᠢᠨ ᠬᠢᠨᠢ ᠤᠰᠤᠨ ᠤ ᠠᠭᠤᠯᠤᠭᠳᠠᠴᠠ ᠥᠨᠳᠥᠷ᠂ ᠡᠪᠦᠯ ᠤᠨ ᠤᠯᠠᠷᠢᠯ ᠤᠨ ᠨᠡᠯᠢᠶᠡᠳ | ᠳᠣᠣᠷ᠎ᠠ ᠳᠤᠯᠠᠭᠠᠨ ᠤ ᠬᠡᠮᠵᠢᠶᠡᠨ ᠳᠤ ᠠᠮᠠᠷᠬᠠᠨ ᠬᠥᠯᠳᠡᠵᠦ ᠰᠢᠷᠬᠠᠲᠤᠬᠤ ᠪᠤᠶᠤ ᠴᠢᠨᠠᠭᠰᠢᠯᠠᠪᠠᠯ ᠰᠣᠶᠣᠭᠠᠯᠠᠬᠤ | ᠴᠢᠳᠠᠪᠤᠷᠢ ᠪᠠᠨ ᠠᠯᠳᠠᠵᠤ᠂ ᠲᠠᠷᠠᠭ᠎ᠠ ᠵᠢᠯ ᠤᠨ ᠬᠢᠨᠢ ᠴᠢᠬᠢᠯᠡᠬᠦ ᠶᠢ ᠨᠥᠯᠥᠭᠡᠯᠡᠨ᠎ᠡ᠃ ᠡᠪᠦᠯ ᠤᠨ ᠤᠯᠠᠷᠢᠯ ᠳᠤ ᠦᠷ᠎ᠡ | ᠬᠠᠳᠠᠭᠠᠯᠠᠬᠤ ᠳᠠᠭᠠᠨ ᠠᠷᠭ᠎ᠠ ᠶᠢ ᠡᠷᠬᠢᠮᠯᠡᠵᠦ᠂ ᠡᠷᠬᠡᠪᠰᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠬᠠᠮᠲᠤ ᠪᠠᠷ ᠬᠡᠷᠡᠭᠯᠡᠵᠦ᠂ ᠦᠷ᠎ᠡ ᠶᠢᠨ ᠠᠶᠤᠯᠭᠦᠢ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠨᠢᠭᠡ᠂ ᠡᠷᠳᠡᠨᠢ ᠰᠢᠰᠢ ᠶᠢᠨ ᠦᠷ᠎ᠡ ᠶᠢᠨ ᠭᠤᠷᠪᠠᠨ ᠪᠣᠭᠤᠮᠲᠠ ᠶᠢ ᠰᠠᠶᠢᠲᠤᠷ ᠠᠳᠬᠤᠵᠤ᠂ ᠠᠶᠤᠯᠭᠦᠢ ᠡᠪᠦᠯᠵᠢᠬᠦ | ᠬᠡᠷᠡᠭᠲᠡᠢ | 1.ᠦᠷ᠎ᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠠᠳᠠᠭᠠᠯᠠᠬᠤ ᠳᠠᠭᠠᠨ ᠦᠷ᠎ᠡ ᠶᠢᠨ ᠴᠡᠪᠡᠷ | ᠬᠡᠮᠵᠢᠶ᠎ᠡ ᠪᠠ ᠠᠷᠢᠭᠤᠨ ᠬᠡᠮᠵᠢᠶ᠎ᠡ ᠶᠢ ᠪᠠᠲᠤᠯᠠᠬᠤ ᠶᠢ ᠠᠩᠬᠠᠷᠴᠤ᠂ ᠳᠤᠯᠠᠭᠠᠨ ᠤ ᠬᠡᠮᠵᠢᠶ᠎ᠡ ᠶᠢ ᠴᠢᠩᠭ᠎ᠠ ᠬᠢᠵᠠᠭᠠᠷᠯᠠᠬᠤ | ᠬᠡᠷᠡᠭᠲᠡᠢ᠃ ᠬᠡᠷᠪᠡ ᠦᠷ᠎ᠡ ᠶᠢᠨ ᠤᠰᠦᠠ ᠤ ᠠᠭᠤᠯᠤᠭᠳᠠᠴᠠ ᠨᠢ ᠠᠶᠤᠯ ᠤᠶᠢᠭᠡᠢ ᠤᠰᠦᠠ ᠤ ᠱᠠᠭᠠᠷᠳᠠᠯᠭ᠎ᠠ ᠳᠤ | ᠬᠦᠷᠴᠦ᠂ ᠦᠷ᠎ᠡ ᠶᠢᠨ ᠪᠣᠯᠪᠠᠰᠤᠷᠠᠯᠲᠠ ᠶᠢᠨ ᠬᠡᠮᠵᠢᠶ᠎ᠡ ᠨᠢ ᠪᠠᠰᠠ ᠰᠠᠶᠢᠨ ᠪᠠᠶᠢᠪᠠᠯ᠂ ᠬᠠᠮᠤᠭ ᠳᠣᠣᠷ᠎ᠠ ᠳᠤᠯᠠᠭᠠᠨ ᠤ | ᠬᠡᠮᠵᠢᠶ᠎ᠡ ᠶᠢ ᠤᠷᠳᠦ ᠬᠤᠭᠤᠴᠠᠭ᠎ᠠ ᠪᠠᠷ ᠲᠡᠰᠪᠦᠷᠢᠯᠡᠵᠦ ᠲᠠᠶᠢᠯᠤᠨ᠎ᠠ᠂ ᠡᠶᠢᠮᠦᠷᠬᠦᠦ ᠦᠷ᠎ᠡ ᠶᠢ ᠬᠠᠭᠤᠷᠠᠢ ᠬᠦᠢᠲᠡᠨ | ᠬᠥᠮᠥᠷᠭᠡ ᠳᠤ ᠤᠷᠳᠦ ᠬᠤᠭᠤᠴᠠᠭ᠎ᠠ ᠪᠠᠷ ᠬᠠᠳᠠᠭᠠᠯᠠᠵᠤ ᠪᠣᠯᠬᠤ ᠪᠠᠷ ᠪᠠᠷᠠᠬᠤ ᠦᠭᠡᠢ ᠰᠣᠶᠣᠭᠠᠯᠠᠬᠤ ᠴᠢᠳᠠᠪᠤᠷᠢ ᠶᠢ | ᠨᠢ ᠨᠥᠯᠥᠭᠡᠯᠡᠬᠦ ᠦᠭᠡᠢ ᠶᠤᠮ᠃ ᠬᠡᠷᠪᠡ ᠡᠷᠳᠡᠨᠢ ᠰᠢᠰᠢ ᠶᠢᠨ ᠦᠷ᠎ᠡ ᠶᠢᠨ ᠤᠰᠤᠨ ᠤ ᠠᠭᠤᠯᠤᠭᠳᠠᠴᠠ ᠨᠢ | 14% ᠠᠴᠠ ᠳᠡᠭᠡᠭᠰᠢ ᠪᠠᠶᠢᠪᠠᠯ᠂ ᠪᠦᠲᠦᠮᠵᠢᠲᠡᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ᠂ | ᠡᠶᠢᠮᠦᠷᠬᠦᠦ ᠦᠷ᠎ᠡ ᠶᠢ ᠳᠤᠯᠠᠭᠠᠨ ᠤ ᠬᠡᠮᠵᠢᠶ᠎ᠡ ᠨᠢ 0℃ ᠠᠴᠠ ᠳᠡᠭᠡᠭᠰᠢ ᠪᠠᠶᠢᠬᠤ ᠣᠷᠴᠢᠨ ᠳᠤ ᠬᠠᠳᠠᠭᠠᠯᠠᠵᠤ᠂ ᠢᠷᠡᠬᠦ | ᠵᠢᠯ ᠲᠠᠷᠢᠬᠤ ᠪᠣᠯᠲᠠᠯ᠎ᠠ ᠳᠤᠯᠠᠭᠠᠨ ᠤ ᠬᠡᠮᠵᠢᠶ᠎ᠡ ᠶᠢ ᠨᠢ ᠴᠥᠮ 0℃ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ | 2.ᠰᠠᠯᠬᠢ ᠰᠠᠶᠢᠨ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠭᠡᠷ ᠳᠣᠲᠣᠷᠠᠬᠢ ᠦᠷ᠎ᠡ ᠳᠤ ᠬᠠᠭᠤᠷᠠᠢ ᠰᠠᠯᠬᠢ | ᠰᠠᠶᠢᠨ ᠨᠡᠪᠲᠡᠷᠡᠭᠦᠯᠬᠦ ᠶᠢ ᠪᠠᠷᠢᠮᠳᠠᠯᠠᠵᠤ᠂ ᠦᠷ᠎ᠡ ᠨᠢ ᠬᠠᠭᠤᠷᠠᠢ ᠪᠠᠶᠢᠳᠠᠯ ᠳᠤ ᠪᠠᠶᠢᠯ᠎ᠠ ᠴᠤ ᠭᠡᠰᠡᠨ ᠬᠥᠮᠥᠨ ᠤ | ᠬᠦᠴᠦ ᠪᠠᠷ ᠦᠷᠭᠦᠯᠵᠢ ᠰᠠᠯᠬᠢ ᠨᠡᠪᠲᠡᠷᠡᠭᠦᠯᠬᠦ ᠬᠡᠷᠡᠭᠲᠡᠢ᠃ ᠭᠡᠷ ᠤᠨ ᠭᠠᠳᠠᠨᠠᠬᠢ ᠦᠷ᠎ᠡ ᠶᠢ ᠪᠦᠲᠡᠭᠡᠯᠭᠡ ᠪᠠᠷ | ᠣᠷᠣᠢ ᠶᠢᠨ ᠬᠡᠰᠡᠭ ᠢ ᠨᠢ ᠴᠢᠩᠭ᠎ᠠ ᠪᠦᠲᠡᠭᠡᠵᠦ᠂ ᠰᠦᠯᠢᠶᠥᠦ ᠤᠭᠤᠲᠠᠨ ᠳᠤ ᠦᠷ᠎ᠡ ᠰᠠᠪᠠᠯᠠᠬᠤ ᠶᠢ ᠴᠢᠩᠭ᠎ᠠ | ᠴᠡᠭᠡᠷᠯᠡᠨ᠎ᠡ᠂ ᠤᠴᠢᠷ ᠨᠢ ᠰᠦᠯᠢᠶᠥᠦ ᠤᠭᠤᠲᠠᠨ ᠳᠤ ᠠᠭᠠᠷ ᠨᠡᠪᠲᠡᠷᠡᠬᠦ ᠦᠭᠡᠢ ᠪᠣᠯᠬᠤᠷ ᠦᠷ᠎ᠡ ᠶᠢ ᠠᠭᠠᠷ ᠠᠴᠠ | ᠲᠤᠰᠠᠭᠠᠷᠯᠠᠨ᠂ ᠦᠷ᠎ᠡ ᠨᠢ ᠠᠮᠢᠰᠬᠤᠵᠤ ᠳᠡᠶᠢᠯᠬᠦ ᠦᠭᠡᠢ ᠠᠴᠠ ᠪᠣᠯᠵᠤ ᠸᠠᠯᠠᠵᠤ ᠬᠤᠪᠢᠷᠠᠨ᠎ᠠ᠃ | 3.ᠬᠢᠮᠢ ᠶᠢᠨ ᠪᠣᠷᠳᠣᠭᠤᠷ ᠲᠠᠢ ᠬᠤᠳᠬᠤᠵᠤ ᠲᠠᠯᠪᠢᠵᠦ ᠪᠣᠯᠬᠤ ᠦᠭᠡᠢ᠃ ᠦᠷ᠎ᠡ ᠪᠣᠯᠣᠨ ᠬᠢᠮᠢ ᠶᠢᠨ | ᠪᠣᠷᠳᠣᠭᠤᠷ ᠢ ᠤᠷᠳᠤ ᠬᠤᠭᠤᠴᠠᠭ᠎ᠠ ᠪᠠᠷ ᠬᠠᠮᠲᠤ ᠲᠠᠯᠪᠢᠪᠠᠯ᠂ ᠦᠷ᠎ᠡ ᠶᠢᠨ ᠨᠠᠬᠢᠶᠠᠯᠠᠬᠤ ᠨᠤᠷᠮ᠎ᠠ ᠶᠢ ᠨᠥᠯᠥᠭᠡᠯᠡᠬᠦ ᠪᠠᠷ | ᠪᠠᠷᠠᠬᠤ ᠦᠭᠡᠢ ᠪᠠᠰᠠ ᠡᠷᠳᠡᠨᠢ ᠰᠢᠰᠢ ᠶᠢᠨ ᠦᠷ᠎ᠡ ᠶᠢᠨ ᠹᠢᠽᠢᠣᠯᠣᠭᠢ ᠶᠢᠨ ᠬᠤᠪᠢᠷᠠᠯᠲᠠ ᠶᠢ ᠡᠭᠦᠰᠭᠡᠵᠦ᠂ ᠲᠠᠷᠠᠭ᠎ᠠ | ᠵᠢᠯ ᠳᠤ ᠲᠠᠷᠢᠵᠦ ᠭᠠᠷᠭᠠᠭᠰᠠᠨ ᠡᠷᠯᠢᠰᠡᠵᠢᠭᠦᠯᠦᠭᠰᠡᠨ ᠦᠷ᠎ᠡ ᠳᠤ ᠪᠠᠰᠠ ᠬᠡᠪ ᠤᠨ ᠪᠤᠰᠤ ᠦᠵᠡᠭᠳᠡᠯ ᠭᠠᠷᠴᠤ ᠮᠡᠳᠡᠨ᠎ᠠ᠃ | ᠠᠽᠣᠲ ᠬᠢᠮᠢ ᠶᠢᠨ ᠪᠣᠷᠳᠣᠭᠤᠷ ᠪᠣᠯ ᠠᠮᠮᠤᠨᠢ ᠶᠢᠨ ᠲᠥᠯᠥᠪᠲᠦ ᠠᠽᠣᠲ ᠲᠤ ᠬᠠᠷᠢᠶᠠᠯᠠᠭᠳᠠᠨ᠎ᠠ᠂ ᠳᠡᠭᠳᠡᠮᠡᠬᠡᠢ | ᠴᠢᠨᠠᠷ ᠲᠠᠢ᠂ ᠳᠡᠭᠳᠡᠨ ᠭᠠᠷᠭᠠᠭᠰᠠᠨ ᠰᠢᠪᠲᠦᠷ ᠤᠨ ᠬᠡᠢ ᠨᠢ ᠮᠠᠰᠢ ᠴᠢᠩᠭ᠎ᠠ ᠢᠳᠡᠭᠳᠡᠭᠦᠯᠬᠦ ᠦᠢᠯᠡᠳᠦᠯ ᠲᠠᠢ᠃ | ᠰᠢᠪᠲᠦᠷ ᠤᠨ ᠥᠳᠬᠡᠴᠡ ᠨᠡᠯᠢᠶᠡᠳ ᠥᠨᠳᠥᠷ ᠦᠶ᠎ᠡ ᠳᠤ᠂ ᠦᠷ᠎ᠡ ᠶᠢᠨ ᠬᠦᠪᠦᠷᠡᠯ ᠢ ᠠᠯᠠᠵᠤ᠂ ᠦᠷ᠎ᠡ ᠶᠢᠨ | ᠠᠮᠢᠵᠢᠷᠠᠯ ᠤᠨ ᠬᠦᠴᠦᠨ ᠢ ᠠᠯᠳᠠᠭᠤᠯᠳᠠᠭ᠃ | ᠬᠤᠶᠠᠷ᠂ ᠢᠳᠡᠰᠢᠨ ᠨᠣᠭᠤᠭ᠎ᠠ ᠶᠢᠨ ᠦᠷ᠎ᠡ ᠶᠢᠨ ᠰᠠᠶᠢᠨ ᠦᠷ᠎ᠡ ᠶᠢ ᠰᠣᠩᠭᠤᠵᠤ᠂ ᠬᠠᠲᠠᠭᠠᠵᠤ ᠬᠠᠳᠠᠭᠠᠯᠠᠬᠤ | ᠬᠡᠷᠡᠭᠲᠡᠢ | 1.ᠨᠠᠷᠢᠯᠢᠭ ᠰᠣᠩᠭᠤᠬᠤ ᠬᠡᠷᠡᠭᠲᠡᠢ᠃ ᠲᠣᠬᠢᠷᠠᠮᠵᠢᠲᠠᠢ ᠬᠡᠯᠪᠡᠷᠢ ᠮᠠᠶ᠋ᠢᠭ ᠤᠨ ᠲᠣᠭᠤᠷᠢᠭ ᠨᠦᠬᠡ ᠪᠤᠶᠤ ᠤᠷᠲᠤ | ᠨᠦᠬᠡ ᠲᠠᠢ ᠡᠯᠬᠡᠭ ᠢ ᠰᠣᠩᠭᠤᠨ ᠡᠰᠢ ᠰᠦᠷᠡᠯ᠂ ᠰᠢᠪᠠᠷ ᠰᠢᠷᠣᠢ᠂ ᠬᠠᠮᠰᠢᠭᠠᠷ ᠮᠥᠬᠦᠯᠢᠭ ᠪᠠ ᠬᠤᠯᠢᠴᠠ ᠶᠢ ᠴᠡᠪᠡᠷᠯᠡᠨ | ᠠᠷᠢᠯᠭᠠᠨ᠎ᠠ︔ ᠳᠡᠪᠢᠭᠦᠷ ᠢᠶᠠᠷ ᠵᠢᠮᠢᠰ ᠤᠨ ᠬᠠᠯᠢᠰᠤ᠂ ᠨᠠᠪᠴᠢ ᠵᠢᠴᠢ ᠬᠥᠩᠭᠡᠨ ᠬᠠᠮᠰᠢᠭᠠᠷ ᠦᠷ᠎ᠡ ᠶᠢ ᠴᠡᠪᠡᠷᠯᠡᠨ᠎ᠡ᠃ | 2.ᠨᠡᠷᠡᠨ ᠳᠤ ᠡᠭᠡᠭᠡᠬᠦ ᠬᠡᠷᠡᠭᠲᠡᠢ᠃ ᠦᠷ᠎ᠡ ᠶᠢᠨ ᠤᠰᠤᠨ ᠤ ᠠᠭᠤᠯᠤᠭᠳᠠᠴᠠ ᠶᠢᠨ ᠶᠡᠭᠡ ᠪᠠᠭ᠎ᠠ ᠨᠢ ᠦᠷ᠎ᠡ ᠶᠢ | ᠬᠠᠳᠠᠭᠠᠯᠠᠵᠤ ᠪᠣᠯᠬᠤ ᠡᠰᠡᠬᠦ᠂ ᠬᠡᠷᠡᠭᠯᠡᠬᠦ ᠬᠤᠭᠤᠴᠠᠭ᠎ᠠ ᠶᠢ ᠤᠷᠲᠤᠳᠬᠠᠬᠤ ᠴᠢᠬᠤᠯᠠ ᠡᠯᠧᠮᠧᠨ᠋ᠲ ᠪᠣᠯᠣᠨ᠎ᠠ᠃ ᠰᠠᠶ᠋ᠢᠬᠠᠨ | ᠬᠤᠷᠢᠶᠠᠭᠰᠠᠨ ᠦᠷ᠎ᠡ ᠪᠠᠨ ᠰᠠᠯᠬᠢ ᠦᠭᠡᠢ ᠲᠤᠩᠭᠠᠯᠠᠭ ᠡᠳᠦᠷ ᠨᠡᠷᠡᠨ ᠳᠤ ᠡᠭᠡᠭᠡᠵᠦ᠂ ᠤᠰᠤᠨ ᠤ ᠠᠭᠤᠯᠤᠭᠳᠠᠴᠠ ᠶᠢ | ᠠᠶᠤᠯᠭᠦᠢ ᠬᠡᠪᠴᠢᠶᠡᠨ ᠠᠴᠠ ᠳᠣᠣᠷ᠎ᠠ ᠪᠠᠶᠢᠯᠭᠠᠬᠤ ᠬᠡᠷᠡᠭᠲᠡᠢ᠃ ᠦᠷ᠎ᠡ ᠶᠢ ᠨᠡᠷᠡᠨ ᠳᠤ ᠡᠭᠡᠭᠡᠬᠦ ᠳᠤ ᠠᠶᠠᠨᠳᠠᠭᠠᠨ | ᠬᠠᠳᠠᠭᠠᠬᠤ ᠠᠷᠭ᠎ᠠ ᠶᠢ ᠬᠡᠷᠡᠭᠯᠡᠵᠦ᠂ ᠲᠡᠭᠦᠭᠰᠡᠨ ᠤ ᠳᠠᠷᠠᠭᠠᠬᠢ ᠦᠷ᠎ᠡ ᠶᠢ ᠣᠷᠬᠢᠭᠤᠯ ᠪᠤᠶᠤ ᠰᠢᠷᠡᠭᠡᠨ ᠳᠡᠭᠡᠷ᠎ᠡ ᠳᠡᠯᠭᠡᠵᠦ | ᠬᠠᠲᠠᠭᠠᠨ᠂ ᠨᠢᠭᠡ ᠬᠤᠭᠤᠴᠠᠭ᠎ᠠ ᠠᠯᠤᠰᠯᠠᠬᠤ ᠪᠦᠷᠢ ᠨᠢᠭᠡ ᠤᠳᠠᠭ᠎ᠠ ᠤᠷᠪᠠᠭᠤᠯᠵᠤ᠂ ᠢᠩᠭᠢᠪᠡᠯ ᠤᠰᠤᠨ ᠤ | ᠠᠭᠤᠷᠰᠢᠯᠲᠠ ᠶᠢ ᠲᠦᠷᠭᠡᠳᠬᠡᠵᠦ᠂ ᠤᠰᠤ ᠶᠢ ᠠᠶᠤᠯ ᠦᠭᠡᠢ ᠬᠠᠳᠠᠭᠠᠯᠠᠬᠤ ᠳᠤ ᠬᠦᠷᠭᠡᠪᠡᠯ ᠪᠣᠯᠴᠢᠬᠠᠨ᠎ᠠ᠃ | 3.ᠬᠠᠳᠠᠭᠠᠯᠠᠬᠤ ᠬᠡᠷᠡᠭᠲᠡᠢ᠃ ᠬᠤᠩᠭᠤᠷᠴᠤᠭ ᠲᠠᠢ ᠪᠤᠶᠤ ᠪᠦᠬᠦᠯᠢ ᠰᠠᠯᠠᠭ᠎ᠠ ᠨᠠᠮᠠᠭ᠎ᠠ ᠪᠠᠷ ᠨᠢ ᠬᠠᠳᠠᠭᠠᠯᠠᠬᠤ᠄ | ᠬᠤᠷᠢᠶᠠᠵᠤ ᠠᠪᠤᠭᠰᠠᠨ ᠢᠳᠡᠰᠢᠨ ᠨᠣᠭᠤᠭ᠎ᠠ ᠶᠢᠨ ᠦᠷ᠎ᠡ ᠪᠠᠨ ᠪᠣᠭᠤᠭᠠᠳ ᠰᠡᠷᠢᠭᠦᠨ ᠵᠢᠪᠠᠷ ᠨᠡᠪᠲᠡᠷᠡᠬᠦ ᠭᠠᠵᠠᠷ ᠲᠤ | ᠡᠯᠭᠦᠵᠦ᠂ ᠬᠡᠷᠡᠭᠯᠡᠬᠦ ᠦᠶ᠎ᠡ ᠳᠡᠭᠡᠨ ᠲᠡᠭᠦᠵᠦ ᠮᠥᠯᠢᠳᠡᠭ᠃ ᠤᠭᠤᠲᠠᠨ ᠳᠤ ᠬᠢᠵᠦ ᠬᠠᠳᠠᠭᠠᠯᠠᠬᠤ ᠠᠷᠭ᠎ᠠ᠄ ᠬᠤᠷᠢᠶᠠᠵᠤ | ᠠᠪᠤᠭᠰᠠᠨ ᠢᠳᠡᠰᠢᠨ ᠨᠣᠭᠤᠭ᠎ᠠ ᠶᠢᠨ ᠦᠷ᠎ᠡ ᠶᠢ ᠦᠬᠡᠷ ᠤᠨ ᠠᠷᠠᠰᠤᠨ ᠴᠠᠭᠠᠰᠤᠨ ᠤᠭᠤᠲᠠ ᠪᠤᠶᠤ ᠪᠥᠰ | ᠤᠭᠤᠲᠠᠨ ᠳᠤ ᠬᠢᠵᠦ᠂ ᠬᠠᠭᠤᠷᠠᠢ ᠰᠠᠯᠬᠢ ᠨᠡᠪᠲᠡᠷᠡᠬᠦ ᠭᠠᠵᠠᠷ ᠲᠤ ᠲᠠᠯᠪᠢᠵᠤ᠂ ᠬᠡᠷᠡᠭᠯᠡᠬᠦ ᠦᠶ᠎ᠡ ᠳᠡᠭᠡᠨ ᠠᠪᠴᠤ | ᠭᠠᠷᠭᠠᠨ᠎ᠠ᠃ ᠥᠨᠳᠥᠷ ᠲᠤ ᠳᠡᠭᠦᠵᠢᠯᠡᠨ ᠬᠠᠳᠠᠭᠠᠯᠠᠬᠤ ᠠᠷᠭ᠎ᠠ᠄ ᠤᠷᠢᠳᠠᠪᠠᠷ ᠦᠷ᠎ᠡ ᠶᠢ ᠪᠦᠷᠢᠨ ᠬᠠᠳᠠᠭᠠᠭᠠᠳ ᠲᠠᠷᠠᠭ᠎ᠠ | ᠨᠢ ᠱᠠ ᠪᠥᠰ ᠢᠶᠠᠷ ᠵᠢᠵᠢᠭ ᠪᠥᠰ ᠤᠨ ᠤᠭᠤᠲᠠ ᠣᠶᠣᠵᠤ ᠰᠠᠪᠠᠯᠠᠭᠠᠳ ᠰᠠᠯᠬᠢ ᠵᠢᠪᠠᠷ ᠨᠡᠪᠲᠡᠷᠡᠬᠦ᠂ ᠰᠡᠷᠢᠭᠦᠨ | ᠭᠡᠷ ᠤᠨ ᠰᠠᠷᠠᠪᠴᠢᠨ ᠳᠣᠣᠷ᠎ᠠ ᠳᠡᠭᠦᠵᠢᠯᠡᠵᠦ ᠦᠷ᠎ᠡ ᠶᠢ ᠠᠮᠠᠷᠬᠠᠨ ᠴᠢᠭᠢᠭᠲᠦᠭᠦᠯᠬᠦ ᠦᠭᠡᠢ ᠪᠥᠭᠡᠳ ᠴᠢᠨᠠᠷ ᠨᠢ | ᠬᠤᠪᠢᠷᠠᠬᠤ ᠦᠭᠡᠢ ᠪᠠᠶᠢᠳᠠᠭ᠃ ᠳᠣᠣᠷ᠎ᠠ ᠳᠤᠯᠠᠭᠠᠨ᠂ ᠬᠠᠭᠤᠷᠠᠢ᠂ ᠠᠭᠠᠷ ᠦᠭᠡᠢ ᠨᠥᠬᠦᠴᠡᠯ ᠳᠣᠣᠷ᠎ᠠ ᠬᠠᠳᠠᠭᠠᠯᠠᠬᠤ᠄ | ᠢᠯᠵᠢᠷᠡᠬᠦ ᠶᠢ ᠰᠡᠷᠭᠡᠶᠢᠯᠡᠬᠦ ᠰᠢᠷ ᠲᠠᠢ ᠰᠦᠯᠢᠶᠥᠦ ᠴᠠᠭᠠᠰᠤᠨ ᠤᠭᠤᠲᠠᠨ ᠳᠤ ᠪᠤᠶᠤ ᠪᠢᠲᠡᠭᠦᠮᠵᠢᠲᠦ ᠴᠢᠨᠠᠷ ᠢᠶᠠᠷ | ᠨᠡᠯᠢᠶᠡᠳ ᠰᠠᠶᠢᠨ ᠸᠠᠭᠠᠷ ᠪᠣᠳᠣᠩ ᠳᠤ ᠬᠢᠵᠦ᠂ ᠳᠣᠲᠣᠷ᠎ᠠ ᠨᠢ ᠪᠠᠭ᠎ᠠ ᠬᠡᠮᠵᠢᠶᠡᠨ ᠤ ᠲᠦᠭᠦᠬᠡᠢ ᠴᠣᠬᠤᠢ ᠳᠡᠪᠢᠰᠪᠡᠯ | ᠴᠢᠭᠢᠭ ᠤᠨ ᠬᠡᠮᠵᠢᠶ᠎ᠡ ᠶᠢ ᠪᠠᠭᠤᠷᠠᠭᠤᠯᠬᠤ ᠮᠥᠷᠲᠡᠭᠡᠨ ᠪᠠᠰᠠ ᠦᠷ᠎ᠡ ᠳᠤ ᠬᠦᠴᠢᠯᠲᠥ᠋ᠷᠥᠭᠴᠢ ᠬᠡᠢ ᠬᠠᠩᠭᠠᠳᠠᠭ᠃ | ᠭᠤᠷᠪᠠ᠂ ᠬᠠᠳᠠᠭᠠᠯᠠᠬᠤ ᠠᠴᠠ ᠡᠮᠦᠨ᠎ᠡ ᠬᠥᠯᠳᠡᠭᠡᠵᠦ᠂ ᠬᠤᠷᠣᠬᠠᠶᠢᠲᠤᠬᠤ ᠠᠴᠠ ᠰᠡᠷᠭᠡᠶᠢᠯᠡᠬᠦ ᠬᠡᠷᠡᠭᠲᠡᠢ | ᠠᠮᠤ ᠪᠤᠳᠠᠭᠠᠨ ᠤ ᠬᠤᠣᠷᠲᠤ ᠬᠤᠷᠣᠬᠠᠢ ᠶᠡᠷᠦ ᠳᠡᠭᠡᠨ ᠣᠷᠴᠢᠨ ᠲᠣᠭᠤᠷᠢᠨ ᠤ ᠳᠤᠯᠠᠭᠠᠨ ᠤ ᠬᠡᠮᠵᠢᠶ᠎ᠡ | 4℃-8℃ ᠦᠶ᠎ᠡ ᠳᠤ ᠬᠥᠳᠡᠯᠭᠡᠭᠡᠨ ᠬᠢᠬᠦ ᠪᠠᠨ ᠵᠣᠭᠰᠣᠵᠤ᠂ 1℃-4℃ ᠦᠶ᠎ᠡ ᠳᠤ ᠬᠦᠢᠲᠡᠨ ᠮᠢᠨᠴᠦᠭᠦᠷᠡᠯ | ︵ᠢᠴᠡᠭᠡᠯᠡᠬᠦ︶ ᠪᠠᠶᠢᠳᠠᠯ ᠳᠤ ᠣᠷᠣᠵᠤ᠂ -4℃ ᠠᠴᠠ ᠳᠣᠣᠷ᠎ᠠ ᠪᠣᠯᠪᠠᠯ ᠦᠬᠦᠵᠦ ᠮᠡᠳᠡᠨ᠎ᠡ᠃ ᠬᠠᠬᠢᠷ ᠬᠦᠢᠲᠡᠨ ᠭᠠᠩ | ᠬᠠᠭᠤᠷᠠᠢ ᠲᠤᠩᠭᠠᠯᠠᠭ ᠡᠳᠦᠷ ᠢ ᠰᠣᠩᠭᠤᠵᠤ᠂ ᠦᠳᠡ ᠶᠢᠨ ᠬᠤᠶᠢᠨᠠᠬᠢ 5 ᠴᠠᠭ ᠤᠨ ᠦᠶ᠎ᠡ ᠪᠠᠷ ᠠᠮᠤ ᠪᠤᠳᠠᠭ᠎ᠠ ᠪᠠᠨ | ᠲᠠᠯᠠᠪᠠᠶ ᠳᠤ ᠳᠡᠯᠭᠡᠵᠦ 12 ᠴᠠᠭ ᠠᠯᠤᠰᠯᠠᠬᠤ ᠪᠦᠷᠢ ᠨᠢᠭᠡ ᠤᠳᠠᠭ᠎ᠠ ᠤᠷᠪᠠᠭᠤᠯᠬᠤ ᠬᠡᠷᠡᠭᠲᠡᠢ᠃ ᠰᠥᠨᠢ ᠬᠢᠷᠠᠭᠤ | ᠤᠨᠠᠬᠤ ᠠᠴᠠ ᠡᠮᠦᠨ᠎ᠡ ᠠᠮᠤ ᠪᠤᠳᠠᠭ᠎ᠠ ᠪᠠᠨ ᠣᠪᠣᠭᠠᠯᠠᠨ ᠪᠦᠲᠡᠭᠡᠵᠦ᠂ ᠲᠠᠬᠢᠨ ᠴᠢᠭᠢᠭᠲᠦᠬᠦ ᠠᠴᠠ ᠰᠡᠷᠭᠡᠶᠢᠯᠡᠬᠦ ᠬᠡᠷᠡᠭᠲᠡᠢ᠃ | ᠳᠠᠷᠠᠭ᠎ᠠ ᠡᠳᠦᠷ ᠨᠢ ᠨᠠᠷᠠ ᠭᠠᠷᠬᠤ ᠠᠴᠠ ᠡᠮᠦᠨ᠎ᠡ ᠬᠦᠢᠲᠡᠨ ᠢ ᠳᠠᠯᠢᠮᠳᠠᠭᠤᠯᠤᠨ ᠬᠦᠮᠦᠷᠭᠡᠯᠡᠵᠦ᠂ ᠳᠠᠷᠠᠭ᠎ᠠ ᠨᠢ ᠠᠮᠤ | ᠪᠤᠳᠠᠭᠠᠨ ᠤ ᠬᠥᠮᠥᠷᠭᠡ ᠶᠢ ᠪᠢᠲᠡᠭᠦᠮᠵᠢᠯᠡᠵᠦ᠂ ᠳᠣᠣᠷ᠎ᠠ ᠳᠤᠯᠠᠭᠠᠨ ᠢ ᠪᠠᠲᠤᠯᠠᠬᠤ ᠬᠡᠷᠡᠭᠲᠡᠢ᠃ ᠬᠥᠯᠳᠡᠭᠡᠬᠦ ᠴᠠᠭ ᠢ ᠠᠮᠤ | ᠪᠤᠳᠠᠭᠠᠨ ᠤ ᠳᠤᠯᠠᠭᠠᠨ ᠪᠣᠯᠤᠨ ᠬᠥᠨᠥᠭᠡᠯᠳᠦ ᠰᠢᠪᠠᠵᠢ ᠶᠢᠨ ᠦᠬᠦᠭᠰᠡᠨ ᠪᠠᠶᠢᠳᠠᠯ ᠢ ᠦᠨᠳᠦᠰᠦᠯᠡᠨ ᠲᠣᠭᠲᠠᠭᠠᠵᠤ | ᠪᠣᠯᠣᠨ᠎ᠠ᠂ ᠶᠡᠷᠦ ᠳᠡᠭᠡᠨ ᠵᠠᠯᠭᠠᠭᠠᠪᠡᠷ 23 ᠡᠳᠦᠷ ᠬᠥᠯᠳᠡᠭᠰᠡᠨ ᠤ ᠳᠠᠷᠠᠭ᠎ᠠ ᠬᠦᠮᠦᠷᠭᠡᠯᠡᠵᠦ᠂ ᠬᠤᠷᠣᠬᠠᠢ ᠠᠯᠠᠬᠤ ᠦᠷ᠎ᠡ | ᠳ᠋ᠦᠩ ᠨᠢ ᠨᠡᠯᠢᠶᠡᠳ ᠰᠠᠶᠢᠨ ᠪᠠᠶᠢᠳᠠᠭ᠃ ᠪᠠᠰᠠ ᠬᠠᠬᠢᠷ ᠬᠦᠢᠲᠡᠨ ᠲᠤᠩᠭᠠᠯᠠᠭ ᠡᠳᠦᠷ ᠰᠠᠩ ᠬᠥᠮᠥᠷᠭᠡ ᠶᠢᠨ ᠡᠭᠦᠳᠡ | ᠴᠣᠩᠬᠤ ᠶᠢ ᠨᠡᠭᠡᠭᠡᠵᠦ᠂ ᠰᠠᠯᠬᠢ ᠨᠡᠪᠲᠡᠷᠡᠭᠦᠯᠦᠨ ᠠᠭᠠᠷ ᠰᠣᠯᠢᠬᠤ ᠶᠢᠨ ᠬᠠᠮᠲᠤ ᠠᠮᠤ ᠪᠤᠳᠠᠭᠠᠨ ᠤ ᠭᠠᠳᠠᠷᠭᠤ ᠶᠢ | ᠤᠷᠪᠠᠭᠤᠯᠬᠤ ᠪᠤᠶᠤ ᠮᠠᠰᠢᠨ ᠢᠶᠠᠷ ᠰᠠᠯᠬᠢ ᠨᠡᠪᠲᠡᠷᠡᠭᠦᠯᠦᠨ ᠳᠤᠯᠠᠭᠠᠨ ᠤ ᠬᠡᠮᠵᠢᠶ᠎ᠡ ᠶᠢ ᠳᠣᠷᠣᠭᠰᠢᠯᠠᠭᠤᠯᠵᠤ ᠪᠣᠯᠣᠨ᠎ᠠ᠃ | ᠠᠮᠤ ᠪᠤᠳᠠᠭ᠎ᠠ ᠳᠣᠷᠣᠭᠰᠢᠯᠠᠭᠠᠳ ᠭᠠᠳᠠᠭᠠᠳᠤ ᠣᠷᠴᠢᠨ ᠤ ᠬᠠᠮᠤᠭ ᠳᠣᠣᠷ᠎ᠠ ᠳᠤᠯᠠᠭᠠᠨ ᠳᠤ ᠣᠶᠢᠷᠠᠳᠬᠤ ᠦᠶ᠎ᠡ ᠳᠤ᠂ | ᠠᠮᠤ ᠪᠤᠳᠠᠭᠠᠨ ᠤ ᠭᠠᠳᠠᠷᠭᠤ ᠶᠢ ᠲᠡᠭᠰᠢᠯᠡᠨ᠂ ᠡᠭᠦᠳᠡ ᠴᠣᠩᠬᠤ ᠶᠢ ᠨᠢᠭᠲᠠ ᠪᠢᠲᠡᠭᠦᠮᠵᠢᠯᠡᠵᠦ᠂ ᠳᠣᠣᠷ᠎ᠠ ᠳᠤᠯᠠᠭᠠᠨ ᠢ | ᠪᠠᠲᠤᠯᠠᠵᠤ᠂ ᠬᠤᠣᠷᠲᠤ ᠬᠤᠷᠣᠬᠠᠢ ᠶᠢ ᠬᠥᠯᠳᠡᠭᠡᠵᠦ ᠠᠯᠠᠬᠤ ᠪᠤᠶᠤ ᠬᠤᠣᠷᠲᠤ ᠬᠤᠷᠣᠬᠠᠢ ᠶᠢᠨ ᠠᠵᠢᠯᠯᠠᠭ᠎ᠠ ᠶᠢ | ᠬᠤᠷᠢᠭᠯᠠᠨ᠎ᠠ᠃ |