11 ᠰᠠᠷ᠎ᠠ ᠶᠢᠨ 9 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠱᠠᠨᠳᠦ᠋ᠩ ᠮᠤᠵᠢ ᠶᠢᠨ | ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ᠬᠤᠷᠢᠳᠤᠭᠠᠷ ᠬᠤᠭᠤᠴᠠᠭᠠᠨ ᠤ ᠳᠤᠮᠳᠠᠳᠤ | ᠤᠯᠤᠰ ᠤᠨ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠱᠠᠨᠳᠦ᠋ᠩ ᠤᠨ | ᠴᠢᠩᠳᠣᠣ ᠶᠢᠨ ᠳᠤᠮᠳᠠᠳᠤ ᠤᠯᠤᠰ ᠤᠨ ᠲᠡᠮᠦᠷ ᠵᠠᠮ ᠤᠨ ᠳᠡᠯᠡᠬᠡᠢ ᠶᠢᠨ ᠦᠵᠡᠰᠬᠦᠯᠡᠩ ᠤᠨ ᠬᠤᠲᠠ ᠳᠤ ᠡᠬᠢᠯᠡᠪᠡ᠃ | ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠰᠢᠯᠢ ᠶᠢᠨ ᠭᠤᠣᠯ ᠠᠶᠢᠮᠠᠭ ᠤᠨ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ 5 ᠠᠵᠤ ᠠᠬᠤᠶᠢᠯᠠᠯ ᠢ ᠵᠣᠬᠢᠶᠠᠨ | ᠪᠠᠶᠢᠭᠤᠯᠵᠤ᠂ 40 ᠭᠠᠷᠤᠢ ᠵᠦᠢᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠠᠪᠴᠤ ᠦᠵᠡᠭᠦᠯᠭᠡ ᠳᠤ ᠣᠷᠣᠯᠴᠠᠪᠠ᠃ | ᠲᠤᠰ ᠬᠤᠭᠤᠴᠠᠭᠠᠨ ᠤ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ 4 ᠡᠳᠦᠷ | ᠶᠠᠪᠤᠭᠳᠠᠵᠤ ᠂ ︽ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ ᠲᠠᠷᠢᠶᠠᠯᠠᠩ ᠢ ᠬᠦᠴᠦᠷᠬᠡᠭᠵᠢᠭᠦᠯᠦᠨ ᠬᠦᠭᠵᠢᠯ | ᠮᠠᠨᠳᠤᠯ ᠢ ᠠᠬᠢᠭᠤᠯᠤᠶ᠎ᠠ ︾ ᠭᠡᠬᠦ ᠪᠠᠷ ᠭᠤᠣᠯ ᠰᠡᠳᠦᠪ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ ᠴᠠᠭ ᠦᠶ᠎ᠡ ᠶᠢᠨ ᠰᠢᠨ᠎ᠡ ᠠᠶᠠᠨ | ᠵᠠᠮ ᠤᠨ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ ᠂ | ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ | ᠪᠠ ᠬᠤᠳᠠ ᠬᠥᠳᠡᠭᠡ ᠶᠢᠨ ᠬᠡᠷᠡᠭᠯᠡᠭᠡ ᠶᠢ ᠠᠬᠢᠭᠤᠯᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ | ᠡᠷᠭᠢᠯᠲᠡ ᠶᠢ ᠰᠢᠯᠤᠭᠤᠳᠬᠠᠵᠤ ᠂ ᠨᠡᠷᠡᠲᠦ ᠲᠡᠮᠳᠡᠭᠲᠦ ᠪᠠᠷ ᠲᠠᠷᠢᠶᠠᠯᠠᠩ ᠢ ᠳᠡᠮᠵᠢᠬᠦ ᠂ ᠶᠠᠰᠤ ᠴᠢᠨᠠᠷ ᠢᠶᠠᠷ ᠲᠠᠷᠢᠶᠠᠯᠠᠩ ᠢ | ᠬᠥᠭᠵᠢᠭᠦᠯᠬᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠶᠢ ᠠᠬᠢᠭᠤᠯᠵᠤ ᠂ | ᠬᠥᠳᠡᠭᠡ ᠲᠣᠰᠬᠤᠨ ᠤ ᠬᠦᠭᠵᠢᠯ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠂ ᠲᠠᠷᠢᠶᠠᠯᠠᠩ ᠤᠨ ᠬᠦᠴᠦᠷᠬᠡᠭ | ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ ᠃ | ᠡᠬᠢᠯᠡᠯᠲᠡ ᠶᠢᠨ ᠶᠣᠰᠣᠯᠠᠯ ᠳᠡᠭᠡᠷ᠎ᠡ ᠂ ᠰᠢᠯᠢᠩᠬᠤᠲᠠ ᠶᠢᠨ ᠤᠯᠠᠭᠠᠨᠮᠥ᠋ᠴᠢᠷ ︽ ᠦᠯᠵᠡᠢ ᠮᠡᠨᠳᠦ ᠶᠢᠨ ᠮᠠᠭᠲᠠᠭᠠᠯ ︾ | ᠪᠦᠵᠢᠭ ᠢ ᠡᠷᠭᠦᠵᠦ ᠂ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠤ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ | ︵ᠴᠢᠩᠳᠣᠣ ︶ ᠤᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠤᠨ ᠲᠠᠨᠢᠯᠴᠠᠭᠤᠯᠬᠤ ᠴᠤᠭᠯᠠᠭᠠᠨ ᠢ ᠭᠤᠶᠢᠳᠠ | ᠰᠠᠶᠢᠬᠠᠨ ᠡᠬᠢᠯᠡᠭᠦᠯᠵᠡᠢ ᠃ |