ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠨᠥᠬᠦᠪᠦᠷᠢ ᠵᠠᠷᠤᠳᠠᠯ ᠤᠨ ᠲᠥᠷᠥ ᠶᠢᠨ ᠪᠣᠳᠣᠯᠭ᠎ᠠ | ᠠᠯᠪᠠᠳᠠᠯᠭ᠎ᠠ ᠶᠢᠨ ᠡᠭᠡᠯᠢᠯᠡᠭᠡ ᠶᠢᠨ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠨᠢ ᠶᠠᠭᠤ ᠪᠣᠶ ︖ | ᠤᠯᠤᠰ ᠠᠴᠠ ᠰᠢᠯᠦᠬᠡᠢ ᠡᠪᠡᠳᠴᠢᠨ ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ | ᠲᠠᠭᠰᠢᠭᠤᠷ ᠂ ᠬᠡᠪᠢᠭᠴᠢ ᠵᠢᠵᠢᠭ ᠮᠠᠯ ᠤᠨ ᠬᠢᠵᠢᠭ ᠂ ᠪᠷᠦ᠋ᠼᠧᠯ ᠡᠪᠡᠳᠴᠢᠨ ᠂ ᠪᠠᠭᠯᠠᠭᠴᠢ ᠬᠤᠷᠤᠬᠠᠶᠢᠲᠤ ᠡᠪᠡᠳᠴᠢᠨ | ᠵᠡᠷᠭᠡ ᠠᠮᠢᠲᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠡᠭᠡᠯᠢᠯᠭᠡ ᠬᠢᠯᠭᠡᠨ᠎ᠡ ᠃ | ᠠᠯᠪᠠᠳᠠᠯᠭ᠎ᠠ ᠶᠢᠨ ᠡᠭᠡᠯᠢᠯᠡᠭᠡ ᠶᠢᠨ ᠸᠠᠺᠼᠢᠨ ᠢ ᠮᠤᠵᠢ ᠶᠢᠨ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠤᠨ᠎ᠠ᠃ | ᠸᠠᠺᠼᠢᠨ ᠤ ᠵᠠᠷᠤᠳᠠᠯ ᠢ ᠲᠥᠪ ᠪᠠ ᠣᠷᠣᠨ ᠨᠤᠲᠤᠭ ᠬᠠᠮᠲᠤ ᠪᠠᠷ ᠬᠠᠷᠢᠴᠠᠯ ᠶᠣᠰᠣᠭᠠᠷ ᠬᠤᠪᠢᠶᠠᠨ | ᠡᠭᠦᠷᠭᠡᠯᠡᠵᠦ᠂ ᠲᠡᠵᠢᠭᠡᠨ ᠦᠷᠡᠵᠢᠭᠦᠯᠬᠦ ᠲᠠᠯᠠᠪᠠᠶ ᠪᠠ ᠡᠷᠦᠬᠡ ᠠᠯᠪᠠᠳᠠᠯᠭ᠎ᠠ ᠶᠢᠨ ᠡᠭᠡᠯᠢᠯᠡᠭᠡ ᠶᠢᠨ ᠸᠠᠺᠼᠢᠨ ᠤ | ᠵᠠᠷᠤᠳᠠᠯ ᠢ ᠲᠥᠯᠥᠬᠦ ᠴᠢᠬᠤᠯᠠ ᠦᠭᠡᠢ᠃ | ᠨᠥᠬᠦᠴᠡᠯ ᠳᠤ ᠨᠡᠶᠢᠴᠡᠬᠦ ᠲᠡᠵᠢᠭᠡᠨ ᠦᠷᠡᠵᠢᠭᠦᠯᠬᠦ ᠲᠠᠯᠠᠪᠠᠶ ᠪᠠ ᠡᠷᠦᠬᠡ ᠳᠤ ᠠᠯᠪᠠᠳᠠᠯᠭ᠎ᠠ ᠶᠢᠨ ᠡᠭᠡᠯᠢᠯᠡᠭᠡ | ᠶᠢᠨ ︽ ᠤᠷᠢᠳᠠᠪᠠᠷ ᠲᠠᠷᠢᠵᠤ ᠳᠠᠷᠠᠭ᠎ᠠ ᠨᠢ ᠨᠥᠬᠦᠪᠦᠷᠢᠯᠡᠬᠦ︾ ᠶᠢ ᠬᠡᠷᠡᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ | ᠲᠡᠵᠢᠭᠡᠨ ᠦᠷᠡᠵᠢᠭᠦᠯᠬᠦ ᠲᠠᠯᠠᠪᠠᠶ ᠪᠠ ᠡᠷᠦᠬᠡ ᠶᠢᠨ ᠪᠡᠶ᠎ᠡ ᠪᠠᠨ ᠳᠠᠭᠠᠭᠠᠵᠤ ᠬᠤᠳᠠᠯᠳᠤᠨ ᠠᠪᠬᠤ᠂ ᠡᠳ᠋ ᠤᠨ ᠵᠠᠰᠠᠭ | ᠠᠴᠠ ᠰᠢᠭᠤᠳ ᠨᠥᠬᠦᠪᠦᠷᠢᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ︽ᠤᠷᠢᠳᠠᠪᠠᠷ ᠳᠠᠷᠢᠵᠤ ᠳᠠᠷᠠᠭ᠎ᠠ ᠨᠢ ᠨᠥᠬᠦᠪᠦᠷᠢᠯᠡᠬᠦ︾ ᠠᠵᠢᠯᠯᠠᠭ᠎ᠠ ᠥᠷᠨᠢᠭᠦᠯᠦᠭᠰᠡᠨ ᠲᠡᠵᠢᠭᠡᠨ | ᠦᠷᠡᠵᠢᠭᠦᠯᠬᠦ ᠲᠠᠯᠠᠪᠠᠶ ᠪᠠ ᠡᠷᠦᠬᠡ ᠤᠯᠤᠰ ᠠᠴᠠ ᠵᠥᠪᠰᠢᠶᠡᠷᠡᠭᠰᠡᠨ ᠠᠯᠪᠠᠳᠠᠯᠭ᠎ᠠ ᠶᠢᠨ ᠡᠭᠡᠯᠢᠯᠡᠭᠡ ᠶᠢᠨ ᠸᠠᠺᠼᠢᠨ ᠢ | ᠦᠪᠡᠷᠲᠡᠭᠡᠨ ᠰᠣᠩᠭᠤᠨ ᠬᠤᠳᠠᠯᠳᠤᠨ ᠠᠪᠴᠤ ᠪᠣᠯᠣᠨ᠎ᠠ᠂ ᠣᠷᠣᠨ ᠨᠤᠲᠤᠭ ᠤᠨ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠮᠠᠯ ᠡᠮᠨᠡᠯᠭᠡ ᠶᠢᠨ ᠰᠠᠯᠠᠭ᠎ᠠ ᠮᠥᠴᠢᠷ ᠤᠨ ᠬᠠᠩᠭᠠᠭᠰᠠᠨ ᠲᠡᠵᠢᠭᠡᠨ ᠦᠷᠡᠵᠢᠭᠦᠯᠬᠦ ᠲᠠᠯᠠᠪᠠᠶ ᠪᠠ | ᠡᠷᠦᠬᠡ ᠶᠢᠨ ᠪᠣᠳᠠᠲᠠᠢ ᠡᠭᠡᠯᠢᠯᠡᠭᠡ ᠶᠢᠨ ᠲᠤᠭ᠎ᠠ ᠬᠡᠮᠵᠢᠶ᠎ᠡ ᠪᠠ ᠡᠭᠡᠯᠢᠯᠡᠭᠡ ᠶᠢᠨ ᠦᠷ᠎ᠡ ᠪᠦᠲᠦᠮᠵᠢ ᠶᠢ ᠦᠨᠳᠦᠰᠦᠯᠡᠨ᠂ | ᠲᠣᠭᠲᠠᠭᠠᠯ ᠶᠣᠰᠣᠭᠠᠷ ᠡᠭᠡᠯᠢᠯᠡᠭᠡ ᠶᠢᠨ ᠠᠵᠢᠯᠯᠠᠭ᠎ᠠ ᠬᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠪᠠ ᠡᠷᠦᠬᠡ ᠳᠤ | ᠨᠥᠬᠦᠪᠦᠷᠢ ᠶᠢᠨ ᠵᠠᠷᠤᠳᠠᠯ ᠲᠣᠬᠢᠷᠠᠭᠤᠯᠤᠨ᠎ᠠ᠃ | ᠠᠮᠢᠲᠠᠨ ᠤ ᠬᠢᠵᠢᠭ ᠡᠪᠡᠳᠴᠢᠨ ᠢ ᠠᠷᠢᠯᠭᠠᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠨᠢ ᠶᠠᠭᠤ ᠪᠣᠶ︖ | ᠤᠯᠤᠰ ᠠᠴᠠ ᠠᠹᠷᠢᠺᠠ ᠲᠢᠪ ᠤᠨ ᠭᠠᠭ᠋ᠠᠢ ᠶᠢᠨ ᠬᠢᠵᠢᠭ ᠂ ᠰᠢᠯᠦᠬᠡᠢ ᠡᠪᠡᠳᠴᠢᠨ ᠂ ᠡᠪᠡᠳᠴᠢᠯᠡᠭᠦᠯᠬᠦ | ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠂ ᠬᠡᠪᠢᠭᠴᠢ ᠠᠮᠢᠲᠠᠨ ᠤ ᠬᠢᠵᠢᠭ ᠲᠤ ᠠᠮᠠᠷᠬᠠᠨ | ᠨᠡᠷᠪᠡᠭᠳᠡᠬᠦ ᠵᠢᠵᠢᠭ ᠠᠮᠢᠲᠠᠨ ᠵᠢᠴᠢ ᠢᠵᠢᠯ ᠰᠦᠷᠦᠭ ᠤᠨ ᠠᠮᠢᠲᠠᠨ ᠂ ᠪᠷᠦ᠋ᠼᠧᠯ ᠡᠪᠡᠳᠴᠢᠨ ᠂ ᠰᠦᠷᠢᠶ᠎ᠡ ᠡᠪᠡᠳᠴᠢᠨ ᠂ | ᠪᠠᠭᠯᠠᠭᠴᠢ ᠬᠤᠷᠤᠬᠠᠶᠢᠲᠤ ᠡᠪᠡᠳᠴᠢᠨ ᠂ ᠠᠳᠤᠭᠤᠨ ᠤ ᠶᠠᠮᠠ ᠪᠠ ᠠᠳᠤᠭᠤᠨ ᠤ ᠤᠯᠠᠮᠵᠢᠯᠠᠯ ᠤᠨ ᠶᠠᠳᠠᠭᠤ ᠠᠷᠭ᠎ᠠ | ᠴᠢᠨᠠᠷᠲᠠᠢ ᠠᠮᠢᠲᠠᠨ ᠢ ᠠᠯᠪᠠᠳᠠᠯᠭ᠎ᠠ ᠪᠠᠷ ᠠᠯᠠᠵᠤ ᠂ ᠠᠯᠪᠠᠳᠠᠯᠭ᠎ᠠ ᠪᠠᠷ ᠠᠯᠠᠭᠳᠠᠵᠤ ᠪᠠᠶᠢᠭ᠎ᠠ ᠠᠮᠢᠲᠠᠨ ᠤ ᠥᠮᠴᠢᠯᠡᠭᠴᠢ | ᠵᠢᠴᠢ ᠤᠰᠠᠳᠬᠠᠭᠳᠠᠵᠤ ᠪᠠᠶᠢᠭ᠎ᠠ ᠠᠮᠢᠲᠠᠨ ᠤ ᠠᠰᠢᠭ ᠰᠢᠮ᠎ᠡ ᠪᠠ ᠬᠤᠯᠪᠣᠭᠳᠠᠯ ᠪᠦᠬᠦᠢ ᠡᠳ᠋ ᠪᠣᠳᠠᠰ ᠲᠤ ᠵᠣᠬᠢᠬᠤ | ᠬᠡᠮᠵᠢᠶᠡᠨ ᠤ ᠨᠥᠬᠦᠪᠦᠷᠢ ᠥᠭᠭᠦᠨ᠎ᠡ ᠃ | ᠨᠥᠬᠦᠪᠦᠷᠢ ᠶᠢᠨ ᠪᠠᠷᠢᠮᠵᠢᠶ᠎ᠠ ᠨᠢ ᠵᠢᠭᠦᠷᠲᠡᠨ 15 ᠲᠥᠭᠦᠷᠢᠭ \ ᠦᠳᠦ᠂ ᠭᠠᠭ᠋ᠠᠢ 800 | ᠲᠥᠭᠦᠷᠢᠭ \ ᠲᠣᠯᠣᠭᠠᠢ ︵ᠠᠹᠷᠢᠺᠠ ᠲᠢᠪ ᠤᠨ ᠭᠠᠭ᠋ᠠᠢ ᠶᠢᠨ ᠬᠢᠵᠢᠭ ᠠᠴᠠ ᠪᠣᠯᠤᠭᠰᠠᠨ ᠭᠠᠭ᠋ᠠᠢ ᠶᠢ ᠠᠯᠠᠬᠤ | ᠨᠥᠬᠦᠪᠦᠷᠢ ᠶᠢᠨ ᠪᠠᠷᠢᠮᠵᠢᠶ᠎ᠠ 1200 ᠲᠥᠭᠦᠷᠢᠭ \ ᠲᠣᠯᠣᠭᠠᠢ︶᠂ ᠰᠠᠭᠠᠯᠢ ᠶᠢᠨ ᠦᠨᠢᠶ᠎ᠡ 6000 | ᠲᠥᠭᠦᠷᠢᠭ \ ᠲᠣᠯᠣᠭᠠᠢ᠂ ᠠᠯᠠᠰᠢᠨ ᠦᠬᠡᠷ 3000 ᠲᠥᠭᠦᠷᠢᠭ \ ᠲᠣᠯᠣᠭᠠᠢ᠂ ᠬᠤᠨᠢ 500 | ᠲᠥᠭᠦᠷᠢᠭ \ ᠲᠣᠯᠣᠭᠠᠢ᠂ ᠮᠣᠷᠢ 12000 ᠲᠥᠭᠦᠷᠢᠭ \ ᠲᠣᠯᠣᠭᠠᠢ᠂ ᠪᠤᠰᠤᠳ ᠮᠠᠯ ᠵᠢᠭᠦᠷᠲᠡᠨ ᠤ | ᠨᠥᠬᠦᠪᠦᠷᠢ ᠶᠢᠨ ᠲᠥᠰᠥᠭᠡᠯᠡᠨ ᠪᠤᠳᠤᠬᠤ ᠪᠠᠷᠢᠮᠵᠢᠶ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠠᠮᠢᠳᠤ ᠭᠠᠭ᠋ᠠᠢ ᠶᠢ ᠲᠡᠵᠢᠭᠡᠨ ᠦᠷᠡᠵᠢᠭᠦᠯᠬᠦ ᠭᠤᠭᠴᠤᠭᠠᠨ ᠳᠠᠬᠢ ᠬᠤᠣᠷ ᠦᠭᠡᠶᠢᠵᠢᠭᠦᠯᠦᠨ ᠰᠢᠢᠳᠪᠦᠷᠢᠯᠡᠬᠦ | ᠨᠥᠬᠦᠪᠦᠷᠢ ᠨᠢ ᠶᠠᠭᠤ ᠪᠣᠶ︖ | ᠤᠯᠤᠰ ᠠᠴᠠ ᠭᠤᠣᠯᠳᠠᠭᠤ ᠲᠡᠵᠢᠭᠡᠨ ᠦᠷᠡᠵᠢᠭᠦᠯᠬᠦ ᠭᠤᠭᠴᠤᠭᠠᠨ ᠳᠠᠬᠢ ᠡᠪᠡᠳᠴᠢᠨ ᠢᠶᠠᠷ ᠦᠬᠦᠭᠰᠡᠨ | ᠭᠠᠭ᠋ᠠᠢ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠳᠤ ᠨᠥᠬᠦᠪᠦᠷᠢ ᠥᠭᠭᠦᠨ᠎ᠡ᠃ | ︽ᠬᠡᠨ ᠰᠢᠢᠳᠪᠦᠷᠢᠯᠡᠪᠡᠯ ᠬᠡᠨ ᠳᠤ ᠨᠥᠬᠦᠪᠦᠷᠢᠯᠡᠬᠦ︾ ᠵᠠᠷᠴᠢᠮ ᠶᠣᠰᠣᠭᠠᠷ᠂ ᠨᠥᠬᠦᠪᠦᠷᠢ ᠣᠯᠭᠤᠬᠤ ᠡᠲᠡᠭᠡᠳ | ᠨᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠡᠭᠦᠷᠭᠡ ᠶᠢ ᠪᠡᠶᠡᠯᠡᠭᠦᠯᠦᠭᠴᠢ ᠪᠣᠯᠣᠨ᠎ᠠ᠃ | ᠨᠥᠬᠦᠴᠡᠯ ᠲᠠᠢ ᠭᠠᠵᠠᠷ ᠣᠷᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ | ᠲᠥᠰᠥᠯ ︵ᠲᠤᠷᠰᠢᠨ ᠬᠡᠷᠡᠭᠵᠢᠭᠦᠯᠬᠦ︶︾ ᠢᠶᠠᠷ ᠯᠠᠪᠯᠠᠯᠲᠠ ᠪᠣᠯᠭᠠᠵᠤ᠂ ᠡᠪᠡᠳᠴᠢᠨ ᠢᠶᠠᠷ ᠦᠬᠦᠭᠰᠡᠨ ᠦᠬᠡᠷ | ᠬᠤᠨᠢ ᠶᠢ ᠴᠤᠭᠯᠠᠭᠤᠯᠬᠤ᠂ ᠰᠢᠯᠵᠢᠭᠦᠯᠦᠨ ᠵᠥᠭᠡᠭᠡᠪᠦᠷᠢᠯᠡᠬᠦ᠂ ᠬᠤᠣᠷ ᠦᠭᠡᠶᠢᠵᠢᠭᠦᠯᠦᠨ ᠰᠢᠢᠳᠪᠦᠷᠢᠯᠡᠬᠦ ᠵᠡᠷᠭᠡ | ᠭᠤᠭᠴᠤᠭ᠎ᠠ ᠶᠢᠨ ᠪᠣᠳᠠᠲᠠᠢ ᠬᠡᠷᠡᠭᠵᠢᠭᠦᠯᠦᠭᠰᠡᠳ ᠲᠤ ᠨᠥᠬᠦᠪᠦᠷᠢ ᠣᠯᠭᠤᠨ᠎ᠠ᠃ | | |