ᠨᠠᠰᠤ ᠭᠦᠢᠴᠡᠭᠰᠡᠨ ᠪᠤᠬ᠎ᠠ ᠶᠢᠨ  ᠠᠷᠠᠴᠢᠯᠠᠭ᠎ᠠ ᠲᠤᠳᠤᠮᠳᠤᠯᠭ᠎ᠠ
ᠨᠡᠶᠢᠲᠡᠯᠡᠭᠰᠡᠨ ᠴᠠᠭ᠄
2023/11/19
      ᠪᠤᠬ᠎ᠠ ᠶᠢ ᠠᠷᠠᠴᠢᠯᠠᠵᠤ  ᠲᠤᠲᠤᠮᠳᠤᠬᠤ ᠳᠠᠭᠠᠨ ᠨᠠᠷᠢᠨ ᠨᠢᠮᠪᠠᠢ᠂ ᠴᠣᠪᠣᠭᠤ ᠰᠡᠷᠭᠦᠯᠡᠩ᠂ ᠴᠤᠭ ᠵᠢᠪᠬᠤᠭ᠎ᠠ ᠲᠠᠢ᠂ ᠬᠤᠷᠢᠴᠠᠯ ᠤᠨ ᠬᠦᠰᠡᠯ ᠪᠠᠳᠠᠷᠠᠩᠭᠤᠢ᠂ ᠬᠡᠭᠡᠯᠲᠦᠭᠦᠯᠬᠦ ᠴᠢᠳᠠᠪᠤᠷᠢ ᠪᠠᠷ ᠴᠢᠩᠭ᠎ᠠ᠂ ᠦᠷ᠎ᠡ ᠶᠢᠨ ᠰᠢᠩᠭᠡᠨ ᠤ ᠴᠢᠨᠠᠷ ᠰᠠᠶᠢᠲᠠᠢ᠂ ᠪᠤᠬ᠎ᠠ ᠶᠢ ᠡᠷᠬᠡᠪᠰᠢ ᠡᠷᠡᠭᠦᠯ ᠴᠢᠭᠢᠷᠠᠭ᠂ ᠰᠢᠯᠢᠳᠡᠭ ᠰᠠᠶᠢᠨ ᠪᠠᠶᠢᠯᠭᠠᠬᠤ ᠬᠡᠷᠡᠭᠲᠡᠢ᠃ ᠡᠶᠢᠮᠦ ᠠᠴᠠ ᠡᠪᠡᠰᠦ ᠪᠣᠷᠳᠤᠭ᠎ᠠ ᠶᠢ ᠲᠡᠵᠢᠭᠡᠬᠦ ᠳᠤ ᠰᠢᠮ᠎ᠡ ᠲᠡᠵᠢᠭᠡᠯ ᠲᠠᠢ ᠮᠥᠷᠲᠡᠭᠡᠨ ᠪᠦᠬᠦ ᠲᠠᠯ᠎ᠠ ᠶᠢᠨ ᠬᠡᠷᠡᠭᠴᠡᠭᠡ ᠲᠠᠢ ᠪᠠᠶᠢᠵᠤ᠂ ᠲᠡᠵᠢᠭᠡᠯ ᠤᠨ ᠬᠡᠮᠵᠢᠶ᠎ᠡ ᠭᠦᠢᠴᠡᠳ ᠪᠠᠶᠢᠬᠤ ᠬᠡᠷᠡᠭᠲᠡᠢ᠃      ᠡᠳᠦᠷ ᠤᠨ ᠠᠮᠤ ᠪᠤᠳᠠᠭᠠᠨ ᠤ ᠱᠠᠭᠠᠷᠳᠠᠯᠭ᠎ᠠ︔ ᠬᠠᠭᠤᠷᠠᠢ ᠡᠪᠡᠰᠦ 12kg/ ᠨᠢᠭᠡ ᠡᠳᠦᠷ᠂ ᠨᠠᠷᠢᠯᠢᠭ ᠪᠣᠷᠳᠤᠭ᠎ᠠ  3 — 4.5kg/ ᠨᠢᠭᠡ ᠡᠳᠦᠷ᠃ ᠬᠤᠨᠤᠭ ᠤᠨ ᠲᠡᠵᠢᠭᠡᠯ ᠤᠨ ᠰᠢᠮ᠎ᠡ ᠲᠡᠵᠢᠭᠡᠯ ᠤᠨ ᠬᠢᠷᠢ ᠬᠡᠮᠵᠢᠶ᠎ᠡ᠂ ᠬᠤᠨᠤᠭ ᠤᠨ ᠲᠡᠵᠢᠭᠡᠯ ᠤᠨ ᠬᠠᠮᠵᠢᠯᠴᠠᠯᠭ᠎ᠠ ᠳᠤ ᠰᠢᠮ᠎ᠡ ᠲᠡᠵᠢᠭᠡᠯ ᠤᠨ ᠬᠢᠷᠢ ᠬᠡᠮᠵᠢᠶ᠎ᠡ ᠪᠣᠯᠣᠨ ᠪᠠᠭᠲᠠᠭᠠᠮᠵᠢ ᠶᠢᠨ ᠬᠠᠷᠢᠴᠠᠭ᠎ᠠ ᠶᠢ ᠠᠩᠬᠠᠷᠬᠤ ᠬᠡᠷᠡᠭᠲᠡᠢ᠃ ᠬᠤᠨᠤᠭ ᠤᠨ ᠲᠡᠵᠢᠭᠡᠯ ᠤᠨ ᠪᠠᠭᠲᠠᠭᠠᠮᠵᠢ ᠨᠢ ᠬᠡᠲᠦᠷᠬᠡᠢ ᠶᠡᠭᠡ ᠪᠣᠯ ᠪᠤᠬ᠎ᠠ ᠶᠢ ᠡᠪᠡᠰᠦᠨ ᠤ ᠬᠡᠪᠡᠯᠢ ᠪᠣᠯᠭᠠᠵᠤ ᠮᠡᠳᠡᠨ᠎ᠡ᠃ ᠲᠡᠵᠢᠭᠡᠬᠦ ᠳᠡᠭᠡᠨ ᠲᠣᠭᠲᠠᠭᠰᠠᠨ ᠴᠠᠭ ᠲᠠᠢ᠂ ᠲᠣᠭᠲᠠᠭᠰᠠᠨ ᠬᠡᠮᠵᠢᠶ᠎ᠡ ᠲᠠᠢ᠂ ᠲᠣᠭᠲᠠᠭᠰᠠᠨ ᠬᠥᠮᠥᠨ ᠢ ᠲᠣᠭᠲᠠᠭᠠᠵᠤ᠂ ᠡᠳᠦᠷ ᠪᠦᠷᠢ ᠬᠤᠶᠠᠷ ᠤᠳᠠᠭ᠎ᠠ ᠠᠴᠠ ᠳᠤᠲᠠᠭᠤ ᠦᠭᠡᠢ ᠲᠡᠵᠢᠭᠡᠵᠦ᠂ ᠤᠷᠢᠳ ᠢᠶᠠᠷ ᠨᠠᠷᠢᠯᠢᠭ ᠳᠠᠷᠠᠭ᠎ᠠ ᠪᠠᠷ ᠪᠦᠳᠦᠭᠦᠯᠢᠭ  ᠳᠡᠰ ᠳᠠᠷᠠᠭ᠎ᠠ ᠪᠠᠷ ᠲᠡᠵᠢᠭᠡᠨ᠎ᠡ᠃ ᠬᠡᠷᠪᠡ ᠲᠡᠵᠢᠭᠡᠯ ᠪᠣᠷᠳᠤᠭ᠎ᠠ ᠶᠢ ᠰᠣᠯᠢᠬᠤ ᠴᠢᠬᠤᠯᠠ ᠲᠠᠢ ᠪᠣᠯ ᠬᠤᠶᠠᠷ ᠭᠠᠷᠠᠭ ᠣᠷᠴᠢᠮ ᠤᠨ ᠰᠢᠯᠵᠢᠯᠲᠡ ᠶᠢᠨ ᠬᠤᠭᠤᠴᠠᠭ᠎ᠠ ᠶᠢ ᠪᠠᠲᠤᠯᠠᠬᠤ ᠶᠢᠨ ᠬᠠᠮᠲᠤ ᠬᠤᠨᠤᠭ ᠤᠨ ᠲᠡᠵᠢᠭᠡᠯ ᠤᠨ ᠪᠦᠷᠢᠯᠳᠦᠭᠦᠨ ᠤ ᠬᠠᠷᠢᠴᠠᠩᠭᠤᠢ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠪᠤᠬ᠎ᠠ ᠶᠢᠨ ᠤᠰᠤ ᠶᠢ ᠭᠦᠢᠴᠡᠳ ᠴᠡᠪᠡᠷ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠡᠪᠦᠯ ᠤᠨ ᠤᠯᠠᠷᠢᠯ ᠳᠤ ᠬᠦᠢᠲᠡᠨ ᠤᠰᠤ ᠤᠤᠭᠤᠬᠤ ᠨᠢ ᠲᠣᠬᠢᠷᠠᠮᠵᠢ ᠦᠭᠡᠢ᠂ ᠤᠰᠤᠨ ᠤ ᠳᠤᠯᠠᠭᠠᠨ ᠨᠢ 8 — 10℃ ᠪᠠᠶᠢᠪᠠᠯ ᠵᠣᠬᠢᠨ᠎ᠠ᠃ ᠪᠤᠬ᠎ᠠ ᠶᠢ 60 ᠰᠠᠷ᠎ᠠ ᠪᠣᠯᠬᠤ ᠠᠴᠠ ᠡᠮᠦᠨ᠎ᠡ ᠰᠠᠷ᠎ᠠ ᠳᠤ ᠨᠢᠭᠡ ᠤᠳᠠᠭ᠎ᠠ ᠵᠢᠩᠯᠡᠵᠦ᠂ ᠪᠤᠬ᠎ᠠ ᠶᠢᠨ ᠪᠡᠶ᠎ᠡ ᠶᠢᠨ ᠬᠦᠨᠳᠦ ᠶᠢᠨ ᠬᠤᠪᠢᠷᠠᠯᠲᠠ ᠪᠠ ᠰᠢᠮ᠎ᠡ ᠲᠡᠵᠢᠭᠡᠯ ᠤᠨ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠵᠤ᠂ ᠬᠤᠨᠤᠭ ᠤᠨ ᠠᠮᠤ ᠶᠢ ᠲᠣᠬᠢᠷᠠᠭᠤᠯᠬᠤ ᠳᠤ ᠦᠨᠳᠦᠰᠦ ᠪᠠᠷᠢᠮᠲᠠ ᠬᠠᠩᠭᠠᠬᠤ ᠬᠡᠷᠡᠭᠲᠡᠢ᠃ ᠬᠤᠨᠤᠭ ᠤᠨ ᠲᠡᠵᠢᠭᠡᠯ ᠤᠨ ᠰᠢᠮ᠎ᠡ ᠲᠡᠵᠢᠭᠡᠯ ᠤᠨ ᠬᠡᠮᠵᠢᠶ᠎ᠡ ᠶᠢ ᠪᠤᠬ᠎ᠠ ᠶᠢᠨ ᠢᠳᠡᠭᠡᠨ ᠤ ᠳᠤᠷᠠᠰᠢᠯ᠂ ᠲᠠᠷᠭᠤ ᠬᠦᠴᠦ᠂ ᠰᠢᠮ᠎ᠡ ᠲᠡᠵᠢᠭᠡᠯ ᠤᠨ ᠨᠣᠷᠮ᠎ᠠ᠂ ᠠᠭᠠᠷ ᠤᠨ ᠳᠤᠯᠠᠭᠠᠨ ᠤ ᠬᠤᠪᠢᠷᠠᠯᠲᠠ ᠵᠡᠷᠭᠡ ᠡᠯᠧᠮᠧᠨ᠋ᠲ ᠢ ᠦᠨᠳᠦᠰᠦᠯᠡᠨ ᠵᠣᠬᠢᠰᠲᠠᠢ ᠲᠣᠬᠢᠷᠠᠭᠤᠯᠤᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号